ᠵᠤᠬᠢᠶᠠᠭᠴᠢ: ᠴᠠᠭ:2024-01-19 ᠥᠵᠡᠭᠰᠡᠨ : ᠢᠷᠡᠯᠲᠡ:  ᠥᠪᠥᠷ ᠮᠣᠩᠭᠤᠯ ᠤᠨ     ᠵᠠᠰᠠᠭ ᠤᠨ ᠣᠷᠳᠣᠨ  
︽ᠦᠨᠡᠨ︾ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ

 

ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠥᠬᠦ ᠲᠠᠯ᠎ᠠ ᠪᠠᠷ  ᠨᠠᠶᠢᠳᠠᠪᠤᠷᠢᠵᠢᠭᠤᠯᠤᠶ᠎ᠠ

ᠰᠢᠨᠬᠤᠸᠠ ᠬᠤᠷᠢᠶ᠎ᠠ ᠶᠢᠨ ᠪᠡᠭᠡᠵᠢᠩ ᠤᠨ 2024 ᠣᠨ ᠤ 1  ᠰᠠᠷ᠎ᠠ ᠶᠢᠨ 15 ᠤ  ᠴᠠᠬᠢᠯᠭᠠᠨ ᠮᠡᠳᠡᠭᠡ 1  ᠰᠠᠷ᠎ᠠ ᠶᠢᠨ 16  ᠤ ᠡᠳᠦᠷ ᠬᠡᠪᠯᠡᠭᠳᠡᠭᠰᠡᠨ 2 ᠳ᠋ᠤᠭᠠᠷ ᠬᠤᠭᠤᠴᠠᠭᠠᠨ ᠤ 《ᠦᠨᠡᠨ》 ᠰᠡᠳᠬᠦᠯ ᠨᠠᠮ ᠤᠨ ᠲᠥᠪ  ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ 《ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ  ᠨᠠᠶᠢᠳᠠᠪᠤᠷᠢᠵᠢᠭᠤᠯᠤᠶ᠎ᠠ》ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃

ᠵᠣᠬᠢᠶᠠᠯ ᠳᠤ᠂ ᠨᠢᠭᠡᠳᠦᠮᠡᠯ ᠹᠷᠣᠨᠲ ᠪᠣᠯ ᠨᠠᠮ ᠤᠨ ᠶᠡᠷᠦᠩᠬᠡᠢ ᠱᠤᠭᠤᠮ ᠶᠡᠷᠦᠩᠬᠡᠢ ᠲᠦᠷᠦ ᠶᠢᠨ ᠪᠣᠳᠣᠯᠭ᠎ᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠮᠠᠨ ᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠠᠳᠠᠯᠢ ᠪᠤᠰᠤ ᠲᠡᠦᠬᠡᠨ ᠴᠠᠭ ᠦᠶ᠎ᠡ ᠳᠤ ᠴᠢᠬᠤᠯᠠ ᠦᠢᠯᠡᠳᠦᠯ ᠦᠵᠡᠭᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠠᠴᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠪᠣᠯᠣᠨ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠲᠦᠷᠦ ᠶᠢ ᠵᠠᠰᠠᠵᠤ ᠵᠠᠰᠠᠭ ᠢ ᠡᠷᠬᠢᠯᠡᠬᠦ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠨᠢᠭᠡᠳᠦᠮᠡᠯ ᠹᠷᠣᠨᠲ ᠤᠨ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠨᠢᠭᠡᠳᠦᠮᠡᠯ ᠹᠷᠣᠨᠲ ᠤᠨ ᠠᠵᠢᠯ ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠵᠤ᠂ ᠨᠢᠭᠡᠳᠦᠮᠡᠯ ᠹᠷᠣᠨᠲ ᠨᠢ ᠪᠦᠯᠬᠦᠮᠳᠡᠬᠦ᠂ ᠡᠷᠡᠯᠬᠡᠭᠯᠡᠨ ᠤᠷᠤᠭᠰᠢᠯᠠᠬᠤ᠂ ᠵᠠᠮ ᠨᠡᠭᠡᠭᠡᠬᠦ᠂ ᠬᠥᠭᠵᠢᠶᠡᠨᠲᠡᠢ ᠪᠠᠶᠢᠬᠤ ᠰᠠᠶᠢᠨ ᠰᠠᠶᠢᠬᠠᠨ ᠪᠠᠶᠢᠳᠠᠯ ᠢ ᠢᠯᠡᠷᠡᠭᠦᠯᠵᠡᠢ ᠭᠡᠵᠦ ᠴᠢᠬᠤᠯᠠᠴᠢᠯᠠᠪᠠ᠃

ᠵᠣᠬᠢᠶᠠᠯ ᠳᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠣᠯᠣᠭᠰᠠᠨ ᠬᠠᠮᠤᠭ ᠤᠨ ᠶᠡᠭᠡ ᠦᠷ᠎ᠡ ᠪᠦᠲᠦᠭᠡᠯ ᠪᠣᠯ ᠳᠠᠷᠤᠢ ᠦᠢᠯᠡᠳᠦᠯᠭᠡ ᠶᠢᠨ ᠳᠤᠮᠳᠠ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ᠂ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠤᠭᠰᠠᠨ ᠶᠠᠪᠤᠳᠠᠯ ᠪᠣᠯᠣᠨ᠎ᠠ᠃ ᠬᠤᠷᠢᠶᠠᠩᠭᠤᠶᠢᠯᠠᠪᠠᠯ ᠳᠣᠣᠷᠠᠬᠢ 12 ᠲᠠᠯ᠎ᠠ ᠪᠣᠯᠣᠨ᠎ᠠ᠃ ᠨᠢᠭᠡᠳᠦᠭᠡᠷ ᠲᠤ᠂ ᠡᠷᠬᠡᠪᠰᠢ ᠨᠢᠭᠡᠳᠦᠮᠡᠯ ᠹᠷᠣᠨᠲ ᠤᠨ ᠴᠢᠬᠤᠯᠠ ᠡᠷᠳᠡᠨᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠨᠢᠭᠡᠳᠦᠮᠡᠯ ᠹᠷᠣᠨᠲ ᠪᠣᠯ ᠨᠠᠮ ᠤᠨ ᠳᠠᠶᠢᠰᠤᠨ ᠢ ᠳᠠᠷᠤᠵᠤ ᠢᠯᠠᠯᠲᠠ ᠣᠯᠬᠤ᠂ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ ᠴᠢᠬᠤᠯᠠ ᠡᠷᠳᠡᠨᠢ ᠮᠥᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠦᠬᠦ ᠳᠤᠮᠳᠠᠳᠤ ᠶᠢᠨ ᠬᠥᠪᠡᠭᠦᠳ ᠥᠬᠢᠳ ᠢ ᠪᠦᠯᠬᠦᠮᠳᠡᠭᠦᠯᠵᠦ ᠪᠠᠶᠢᠭᠠᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠴᠢᠬᠤᠯᠠ ᠡᠷᠳᠡᠨᠢ ᠮᠥᠨ ᠪᠣᠯᠬᠤᠷ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠤᠳᠤ᠂ ᠨᠢᠭᠡᠳᠦᠮᠡᠯ ᠹᠷᠣᠨᠲ ᠤᠨ ᠠᠵᠢᠯ ᠴᠠᠭ ᠦᠶ᠎ᠡ ᠠᠴᠠ ᠬᠤᠴᠣᠷᠤᠭᠰᠠᠨ ᠪᠢᠰᠢ᠂ ᠴᠢᠬᠤᠯᠠ ᠦᠭᠡᠢ ᠪᠣᠯᠤᠭᠰᠠᠨ ᠪᠢᠰᠢ᠂ ᠬᠠᠷᠢᠨ ᠨᠡᠩ ᠴᠢᠬᠤᠯᠠ ᠪᠣᠯᠵᠠᠢ᠃ ᠬᠤᠶᠠᠳᠤᠭᠠᠷ ᠲᠤ᠂ ᠡᠷᠬᠡᠪᠰᠢ ᠬᠥᠮᠥᠨ ᠤ ᠰᠡᠳᠬᠢᠯ ᠪᠠ ᠬᠦᠴᠦᠨ ᠴᠢᠳᠠᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠥᠮᠥᠨ ᠤ ᠰᠡᠳᠬᠢᠯ ᠤᠨ ᠬᠠᠨᠳᠤᠰᠢ᠂ ᠬᠦᠴᠦᠨ ᠴᠢᠳᠠᠯ ᠤᠨ ᠬᠠᠷᠢᠴᠠᠯ ᠪᠣᠯ ᠨᠠᠮ ᠪᠠ ᠠᠷᠠᠳ ᠲᠦᠮᠡᠨ ᠤ ᠦᠢᠯᠡᠰ ᠤᠨ ᠢᠯᠠᠵᠤ ᠢᠯᠠᠭᠳᠠᠬᠤ ᠶᠢ ᠲᠣᠭᠲᠠᠭᠠᠬᠤ ᠵᠠᠩᠭᠢᠯᠠᠭ᠎ᠠ ᠮᠥᠨ᠂ ᠬᠠᠮᠤᠭ ᠤᠨ ᠶᠡᠭᠡ ᠤᠯᠤᠰ ᠲᠦᠷᠦ ᠮᠥᠨ᠃ ᠨᠢᠭᠡᠳᠦᠮᠡᠯ ᠹᠷᠣᠨᠲ ᠤᠨ ᠠᠵᠢᠯ ᠤᠨ ᠮᠥᠨ ᠴᠢᠨᠠᠷ ᠤᠨ ᠱᠠᠭᠠᠷᠳᠠᠯᠭ᠎ᠠ ᠪᠣᠯ ᠶᠡᠭᠡ ᠪᠦᠯᠬᠦᠮᠳᠡᠯ ᠶᠡᠭᠡ ᠬᠤᠯᠪᠣᠭᠠᠯᠠᠯ ᠮᠥᠨ᠂ ᠰᠢᠢᠳᠪᠦᠷᠢᠯᠡᠬᠦ ᠵᠦᠢᠯ ᠪᠣᠯ ᠳᠠᠷᠤᠢ ᠬᠥᠮᠥᠨ ᠤ ᠰᠡᠳᠬᠢᠯ ᠪᠠ ᠬᠦᠴᠦᠨ ᠴᠢᠳᠠᠯ ᠤᠨ ᠠᠰᠠᠭᠤᠳᠠᠯ ᠮᠥᠨ᠃ ᠭᠤᠷᠪᠠᠳᠤᠭᠠᠷ ᠲᠤ᠂ ᠨᠢᠭᠡᠳᠦᠯᠲᠦ ᠴᠢᠨᠠᠷ ᠪᠠ ᠤᠯᠠᠨ ᠶᠠᠩᠵᠤᠲᠤ ᠴᠢᠨᠠᠷ ᠤᠨ ᠬᠠᠷᠢᠴᠠᠭ᠎ᠠ ᠶᠢ ᠡᠷᠬᠡᠪᠰᠢ ᠵᠥᠪ ᠰᠢᠢᠳᠪᠦᠷᠢᠯᠡᠬᠦ ᠬᠡᠷᠡᠭᠲᠡᠢ᠃ ᠡᠭᠦᠨ ᠤ ᠵᠠᠩᠭᠢᠯᠠᠭ᠎ᠠ ᠨᠢ ᠠᠳᠠᠯᠢ ᠪᠠᠨ ᠡᠷᠢᠵᠦ ᠵᠥᠷᠢᠶ᠎ᠡ ᠪᠠᠨ ᠦᠯᠡᠳᠡᠭᠡᠬᠦ ᠶᠢ ᠪᠠᠷᠢᠮᠲᠠᠯᠠᠵᠤ᠂ 《ᠪᠦᠯᠬᠦᠮᠳᠡᠬᠦ – ᠰᠢᠭᠦᠮᠵᠢᠯᠡᠬᠦ – ᠪᠦᠯᠬᠦᠮᠳᠡᠬᠦ》 ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠠᠨ ᠶᠠᠩᠵᠤᠲᠤ ᠴᠢᠨᠠᠷ ᠢ ᠬᠦᠨᠳᠦᠳᠬᠡᠬᠦ ᠳᠤᠮᠳᠠ ᠨᠢᠭᠡᠳᠦᠯᠲᠦ ᠴᠢᠨᠠᠷ ᠢ ᠡᠷᠢᠯᠬᠢᠯᠡᠵᠦ᠂ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠡᠷᠢᠨ ᠣᠯᠵᠤ᠂ ᠬᠠᠮᠤᠭ ᠤᠨ ᠶᠡᠭᠡ ᠢᠵᠢᠯ ᠲᠥᠪᠲᠦ ᠲᠣᠭᠤᠷᠢᠭ ᠢ ᠵᠢᠷᠤᠬᠤ ᠬᠡᠷᠡᠭᠲᠡᠢ᠃ ᠳᠥᠷᠪᠡᠳᠦᠭᠡᠷ ᠲᠤ᠂ ᠡᠷᠬᠡᠪᠰᠢ ᠳᠤᠮᠳᠠᠳᠤ ᠤᠯᠤᠰ ᠤᠨ ᠰᠢᠨ᠎ᠡ ᠮᠠᠶ᠋ᠢᠭ ᠤᠨ ᠲᠦᠷᠦ ᠶᠢᠨ ᠨᠠᠮ ᠤᠨ ᠳᠦᠷᠢᠮ ᠢ ᠰᠠᠶᠢᠲᠤᠷ ᠬᠥᠭᠵᠢᠭᠦᠯᠵᠦ ᠰᠠᠶᠢᠲᠤᠷ ᠲᠡᠭᠦᠯᠳᠡᠷᠵᠢᠭᠦᠯᠬᠦ ᠶᠢ ᠪᠠᠷᠢᠮᠲᠠᠯᠠᠬᠤ ᠬᠡᠷᠡᠭᠲᠡᠢ᠃ ᠨᠢᠭᠡᠳᠦᠮᠡᠯ ᠹᠷᠣᠨᠲ ᠤᠨ ᠬᠢᠨ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢᠨ ᠵᠡᠷᠭᠡ ᠪᠠᠷ ᠤᠯᠠᠨ ᠨᠠᠮ ᠬᠠᠮᠲᠤᠷᠠᠨ ᠠᠵᠢᠯᠯᠠᠬᠤ ᠳᠤ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠰᠢᠨ᠎ᠡ ᠳᠡᠭᠡᠭᠰᠢᠯᠡᠯᠲᠡ ᠲᠠᠢ ᠪᠣᠯᠭᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ᠃ ᠲᠠᠪᠤᠳᠤᠭᠠᠷ ᠲᠤ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠨᠳᠦᠰᠦᠲᠡᠨ ᠤ ᠪᠦᠯᠬᠦᠮᠳᠡᠯ ᠤᠨ ᠦᠨᠳᠦᠰᠦ ᠮᠥᠨ᠃ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠨᠳᠦᠰᠦᠲᠡᠨ ᠨᠦᠭᠦᠳ ᠤᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠮᠡᠳᠡᠷᠡᠬᠦ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ ᠵᠢᠷᠭᠤᠳᠤᠭᠠᠷ ᠲᠤ᠂ ᠡᠷᠬᠡᠪᠰᠢ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠠ ᠴᠢᠭᠯᠡᠯᠲᠡ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ  ᠂ ᠱᠠᠰᠢᠨ ᠰᠤᠷᠲᠠᠬᠤᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠯᠳᠤᠭᠤᠯᠬᠤ ᠬᠡᠷᠡᠭᠲᠡᠢ᠃ ᠳᠣᠯᠣᠳᠤᠭᠠᠷ ᠲᠤ᠂ ᠨᠠᠮ ᠤᠨ ᠭᠠᠳᠠᠨᠠᠬᠢ ᠰᠡᠬᠡᠭᠡᠲᠡᠨ ᠪᠠ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠨᠢᠭᠡᠳᠦᠮᠡᠯ ᠹᠷᠣᠨᠲ ᠤᠨ ᠠᠵᠢᠯ ᠢ ᠡᠷᠬᠡᠪᠰᠢ ᠰᠠᠶᠢᠲᠤᠷ ᠬᠢᠬᠦ ᠬᠡᠷᠡᠭᠲᠡᠢ᠃ ᠨᠠᠮ ᠤᠨ ᠭᠠᠳᠠᠨᠠᠬᠢ ᠰᠡᠬᠡᠭᠡᠲᠡᠨ ᠤ ᠠᠵᠢᠯ ᠢ ᠰᠠᠶᠢᠲᠤᠷ ᠬᠢᠬᠦ ᠳᠤ ᠭᠦᠢᠴᠡᠳ ᠬᠦᠨᠳᠦᠳᠬᠡᠬᠦ ᠪᠣᠯ ᠤᠷᠢᠲᠠᠯ ᠮᠥᠨ᠂ ᠬᠥᠲᠥᠯᠥᠨ ᠵᠢᠯᠤᠭᠤᠳᠬᠤ ᠪᠠᠨ ᠴᠢᠩᠭᠠᠳᠬᠠᠬᠤ ᠪᠣᠯ ᠵᠠᠩᠭᠢᠯᠠᠭ᠎ᠠ ᠮᠥᠨ᠂ ᠦᠢᠯᠡᠳᠦᠯ ᠢᠶᠠᠨ ᠪᠠᠳᠠᠷᠠᠭᠤᠯᠬᠤ ᠪᠣᠯ ᠵᠣᠷᠢᠯᠭ᠎ᠠ ᠮᠥᠨ᠃ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠦᠲᠦᠭᠡᠨ ᠪᠠᠶᠢᠭᠤᠯᠤᠭᠴᠢ ᠮᠥᠨ᠂ ᠲᠡᠳᠡᠨ ᠢ ᠵᠣᠬᠢᠶᠠᠨ ᠪᠠᠶᠢᠭᠤᠯᠵᠤ᠂ ᠬᠥᠲᠥᠯᠥᠨ ᠵᠢᠯᠤᠭᠤᠳᠬᠤ ᠪᠠᠨ ᠴᠢᠩᠭᠠᠳᠬᠠᠨ᠂ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠨᠠᠢᠮᠠᠳᠤᠭᠠᠷ ᠲᠤ᠂ ᠡᠷᠬᠡᠪᠰᠢ ᠨᠡᠶᠢᠲᠡ ᠶᠢᠨ ᠥᠮᠴᠢᠯᠡᠯ ᠤᠨ ᠪᠤᠰᠤ‌ ᠠᠵᠤ ᠠᠬᠤᠢ ᠶᠢᠨ ᠡᠷᠡᠭᠦᠯ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠥᠰᠦᠨ ᠪᠣᠶᠢᠵᠢᠬᠤ ᠶᠢ ᠠᠬᠢᠭᠤᠯᠬᠤ ᠬᠡᠷᠡᠭᠲᠡᠢ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠪᠣᠯ ᠴᠢᠬᠤᠯᠠ ᠶᠡᠭᠡ ᠠᠵᠤ ᠠᠬᠤᠢ ᠶᠢᠨ ᠠᠰᠠᠭᠤᠳᠠᠯ ᠮᠥᠨ᠂ ᠪᠠᠰᠠ ᠴᠤ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠮᠥᠨ᠃ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠭᠦᠨᠵᠡᠭᠡᠢ ᠥᠷᠨᠢᠭᠦᠯᠵᠦ᠂ ᠵᠠᠰᠠᠭ ᠤᠨ ᠣᠷᠳᠣᠨ ᠪᠠ ᠬᠤᠳᠠᠯᠳᠤᠭᠠᠨ ᠤ ᠬᠤᠭᠤᠷᠣᠨᠳᠤᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠠᠷᠠᠳ  ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠢ ᠬᠥᠲᠥᠯᠥᠨ ᠵᠢᠯᠣᠭᠤᠳᠴᠤ ᠬᠢᠷᠢ ᠲᠡᠩᠴᠡᠭᠰᠡᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠦᠲᠦᠭᠡᠨ ᠪᠠᠶᠢᠭᠤᠯᠤᠭᠴᠢ ᠪᠣᠯᠭᠠᠬᠤ ᠬᠡᠷᠡᠭᠲᠡᠢ᠃ ᠶᠢᠰᠦᠳᠦᠭᠡᠷ ᠲᠤ᠂ ᠰᠢᠶᠠᠩᠭᠠᠩ ᠣᠣᠮᠧᠨ ᠲᠠᠶᠢᠸᠠᠨ ᠪᠠ ᠭᠠᠳᠠᠭᠠᠳᠤ ᠳᠠᠬᠢ ᠨᠢᠭᠡᠳᠦᠮᠡᠯ ᠹᠷᠣᠨᠲ ᠤᠨ ᠠᠵᠢᠯ ᠤᠨ ᠬᠥᠮᠥᠰ ᠤᠨ ᠰᠡᠳᠬᠢᠯ ᠢ ᠣᠯᠬᠤ ᠦᠢᠯᠡᠳᠦᠯ ᠢ ᠡᠷᠬᠡᠪᠰᠢ ᠪᠠᠳᠠᠷᠠᠭᠤᠯᠬᠤ ᠬᠡᠷᠡᠭᠲᠡᠢ᠃ ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠣᠣᠮᠧᠨ ᠢᠶᠠᠨ ᠬᠠᠶᠢᠷᠠᠯᠠᠬᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠬᠠᠮᠠᠭᠠᠯᠠᠵᠤ᠂ 《ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ》ᠦᠢᠯᠡᠳᠦᠯᠭᠡ ᠶᠢᠨ ᠯᠠᠪᠳᠠᠭᠤᠨ ᠳᠠᠭᠠᠭᠠᠮᠠᠭᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠂ ᠲᠠᠶᠢᠸᠠᠨ ᠤ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠤᠨ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ 《ᠲᠠᠶᠢᠸᠠᠨ ᠢ ᠲᠤᠰᠠᠭᠠᠷ ᠲᠣᠭᠲᠠᠨᠢᠭᠤᠯᠬᠤ》ᠬᠠᠭᠠᠴᠠᠭᠤᠯᠬᠤ ᠠᠵᠢᠯᠯᠠᠭ᠎ᠠ ᠶᠢ ᠡᠰᠡᠷᠭᠦᠴᠡᠵᠦ᠂ ᠡᠬᠡ ᠤᠯᠤᠰ ᠤᠨ ᠪᠦᠷᠢᠨ ᠨᠢᠭᠡᠳᠦᠯ ᠢ ᠠᠬᠢᠭᠤᠯᠤᠨ᠎ᠠ᠃ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠳᠤᠮᠳᠠᠳᠤ ᠶᠢᠨ ᠵᠡᠭᠦᠳᠦ ᠶᠢ ᠬᠠᠮᠲᠤ ᠪᠠᠷ ᠪᠡᠶᠡᠯᠡᠭᠦᠯᠦᠨ ᠬᠠᠮᠲᠤ ᠪᠠᠷ ᠡᠳ᠋ᠯᠡᠬᠦ ᠭᠤᠣᠯ ᠰᠡᠳᠦᠪ ᠤᠨ ᠲᠣᠭᠤᠷᠢᠨ ᠳᠤ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠪᠠ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠵᠢᠴᠢ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠡᠬᠡ ᠤᠯᠤᠰ ᠤᠨ ᠢᠶᠠᠨ  ᠪᠦᠲᠦᠭᠡᠨ ᠪᠠᠶᠢᠭᠤᠯᠤᠯᠲᠠ ᠪᠠ ᠨᠠᠶᠢᠷᠠᠮᠳᠠᠯ ᠢᠶᠠᠷ ᠨᠢᠭᠡᠳᠬᠡᠬᠦ ᠶᠡᠭᠡ ᠦᠢᠯᠡᠰ ᠤᠨ ᠲᠥᠯᠥᠭᠡ ᠬᠦᠴᠦᠯᠡᠨ ᠴᠢᠷᠮᠠᠶᠢᠨ᠎ᠠ᠃ ᠠᠷᠪᠠᠳᠤᠭᠠᠷ ᠲᠤ᠂ ᠡᠷᠬᠡᠪᠰᠢ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠥᠮᠥᠵᠢᠯ ᠢ ᠴᠢᠩᠭᠠᠳᠬᠠᠨ᠂ ᠬᠡᠪ ᠴᠢᠨᠠᠷ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠬᠡᠷᠡᠭᠯᠡᠨ᠂ ᠦᠢᠯᠡᠳᠦᠯ ᠢᠶᠠᠨ ᠪᠠᠳᠠᠷᠠᠭᠤᠯᠵᠤ᠂ ᠮᠠᠨ ᠤ ᠨᠠᠮ ᠲᠠᠢ ᠨᠢᠭᠲᠠ ᠬᠠᠮᠲᠤᠷᠠᠨ ᠠᠵᠢᠯᠯᠠᠬᠤ ᠨᠢᠭᠡ ᠪᠦᠯᠦᠭ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠢ ᠬᠦᠴᠦᠯᠡᠨ ᠬᠥᠮᠥᠵᠢᠭᠦᠯᠬᠦ ᠬᠡᠷᠡᠭᠲᠡᠢ᠃ ᠠᠷᠪᠠᠨ ᠨᠢᠭᠡᠳᠦᠭᠡᠷ ᠲᠤ᠂ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠵᠢᠮ᠎ᠡ ᠶᠣᠰᠣ ᠶᠢ ᠡᠷᠬᠡᠪᠰᠢ ᠡᠵᠡᠮᠰᠢᠬᠦ ᠬᠡᠷᠡᠭᠲᠡᠢ᠃ ᠨᠠᠮ ᠤᠨ ᠭᠠᠳᠠᠨᠠᠬᠢ ᠬᠥᠮᠥᠰ ᠯᠦᠭᠡ ᠶᠢᠨ ᠪᠦᠯᠬᠦᠮᠳᠡᠯ ᠬᠠᠷᠢᠯᠴᠠᠭ᠎ᠠ ᠪᠠᠨ ᠴᠢᠩᠭᠠᠳᠬᠠᠵᠤ᠂ ᠬᠤᠯᠪᠣᠭᠠᠲᠠᠨ ᠤ ᠪᠠᠨ ᠠᠰᠢᠭ ᠲᠤᠰᠠ ᠶᠢ ᠬᠦᠨᠳᠦᠳᠬᠡᠬᠦ᠂ ᠬᠠᠮᠠᠭᠠᠯᠠᠬᠤ᠂ ᠬᠠᠷᠠᠭᠠᠯᠵᠠᠬᠤ ᠵᠠᠷᠴᠢᠮ ᠢ ᠪᠠᠷᠢᠮᠲᠠᠯᠠᠨ᠂ ᠦᠨᠡᠨᠴᠢ ᠪᠠᠷ ᠬᠠᠨᠳᠤᠵᠤ᠂ ᠰᠡᠳᠬᠢᠯᠭᠡ ᠪᠠᠷ ᠬᠥᠨᠳᠡᠵᠦ᠂ ᠶᠣᠰᠣ ᠤᠴᠢᠷ ᠢ ᠣᠶᠢᠯᠠᠭᠠᠭᠤᠯᠵᠤ᠂ ᠪᠣᠳᠠᠲᠠᠢ ᠪᠠᠷ ᠬᠠᠪᠰᠤᠷᠴᠤ᠂ ᠨᠠᠮ ᠳᠠᠭᠠᠨ ᠦᠨᠡᠨ ᠰᠡᠳᠬᠢᠯ ᠠᠴᠠ ᠪᠠᠨ ᠨᠥᠬᠦᠷᠯᠡᠭᠰᠡᠨ ᠨᠠᠮ ᠤᠨ ᠭᠠᠳᠠᠨᠠᠬᠢ ᠦᠯᠡᠮᠵᠢ ᠤᠯᠠᠨ ᠨᠠᠶᠢᠵᠠ ᠨᠠᠷ ᠲᠠᠢ ᠲᠠᠨᠢᠯᠴᠠᠬᠤ ᠬᠡᠷᠡᠭᠲᠡᠢ᠃ ᠠᠷᠪᠠᠨ ᠬᠤᠶᠠᠳᠤᠭᠠᠷ ᠲᠤ᠂ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠡᠷᠬᠡᠪᠰᠢ ᠴᠢᠩᠭᠠᠳᠬᠠᠬᠤ ᠬᠡᠷᠡᠭᠲᠡᠢ᠃ ᠨᠢᠭᠡᠳᠦᠮᠡᠯ ᠹᠷᠣᠨᠲ ᠪᠣᠯ ᠨᠠᠮ ᠤᠨ ᠤᠳᠤᠷᠢᠳᠤᠭᠰᠠᠨ ᠨᠢᠭᠡᠳᠦᠮᠡᠯ ᠹᠷᠣᠨᠲ ᠮᠥᠨ᠂ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠪᠣᠯ ᠪᠦᠬᠦ ᠨᠠᠮ ᠤᠨ ᠠᠵᠢᠯ ᠮᠥᠨ᠂ ᠡᠷᠬᠡᠪᠰᠢ ᠪᠦᠬᠦ ᠨᠠᠮ ᠢᠶᠠᠷ ᠢᠶᠠᠨ ᠴᠢᠬᠤᠯᠠᠴᠢᠯᠠᠵᠤ᠂ ᠤᠯᠠᠨ ᠢᠶᠠᠷ ᠢᠶᠠᠨ ᠬᠠᠮᠲᠤ ᠪᠠᠷ ᠬᠢᠵᠦ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠬᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠤᠰ ᠲᠤᠰ ᠤᠨ ᠬᠠᠷᠢᠭᠤᠴᠠᠯᠭ᠎ᠠ ᠪᠠᠨ ᠬᠦᠨᠳᠦᠳᠬᠡᠬᠦ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠵᠣᠬᠢᠶᠠᠯ ᠳᠤ᠂ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠪᠣᠯ ᠨᠠᠮ ᠤᠨ ᠨᠢᠭᠡᠳᠦᠮᠡᠯ ᠹᠷᠣᠨᠲ ᠤᠨ ᠵᠠᠭᠤᠨ ᠵᠢᠯ ᠤᠨ ᠬᠥᠭᠵᠢᠯᠲᠡ ᠶᠢᠨ ᠲᠡᠦᠬᠡ ᠶᠢᠨ ᠤᠶᠤᠨ ᠤᠬᠠᠭᠠᠨ ᠤ ᠤᠬᠢ ᠲᠠᠯᠠᠰᠲᠤ ᠮᠥᠨ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠦᠨᠳᠦᠰᠦᠨ ᠵᠦᠭᠯᠡᠭᠦᠷ ᠮᠥᠨ᠂ ᠪᠦᠬᠦ ᠨᠠᠮ ᠢᠶᠠᠷ ᠢᠶᠠᠨ ᠡᠷᠬᠡᠪᠰᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ  ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

 

 


   :                    
   :           
备案序号:蒙ICP备05003250号 公安备案15010502000173