ᠵᠤᠬᠢᠶᠠᠭᠴᠢ: ᠴᠠᠭ:2024-01-19 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠪᠣᠯᠣᠨ 1  ᠰᠠᠷ᠎ᠠ ᠶᠢᠨ 4 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠰᠦᠨ ᠱᠤᠤ ᠴᠧᠩ ᠬᠤᠷᠠᠯ ᠢ ᠡᠷᠭᠢᠯᠡᠵᠡᠢ

 

2024 ᠣᠨ ᠤ 1  ᠰᠠᠷ᠎ᠠ ᠶᠢᠨ 11 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠪᠣᠯᠣᠨ 1  ᠰᠠᠷ᠎ᠠ ᠶᠢᠨ 4 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠂  ᠨᠠᠶᠢᠳᠠᠪᠤᠷᠢᠵᠢᠭᠤᠯᠬᠤ ᠠᠵᠢᠯ ᠢ ᠰᠤᠳᠤᠯᠵᠤ ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠪᠠᠶᠢᠳᠠᠯ ᠪᠣᠯᠣᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠦᠭᠦᠳᠠ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ ᠃

ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠰᠢᠨ᠎ᠡ ᠠᠬᠢᠴᠠ ᠂ ᠰᠢᠨ᠎ᠡ ᠦᠷ᠎ᠡ ᠪᠦᠲᠦᠮᠵᠢ ᠶᠢ ᠰᠢᠰᠲ᠋ᠧᠮ ᠲᠠᠢ ᠳ᠋ᠦᠩᠨᠡᠵᠦ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ 《ᠶᠢᠰᠦᠨ》ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠢ ᠳᠤᠷᠠᠳᠴᠤ ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ ᠂ ᠪᠢᠳᠡᠨ ᠤ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠂ ᠡᠭᠦᠷᠢᠳᠡ ᠵᠣᠭᠰᠣᠰᠢ ᠦᠭᠡᠢ ᠪᠠᠶᠢᠬᠤ ᠬᠠᠳᠠᠨ ᠵᠣᠷᠢᠭ ᠪᠣᠯᠣᠨ ᠴᠢᠩᠭ᠎ᠠ ᠪᠠᠷᠢᠮᠲᠠᠯᠠᠯ ᠢᠶᠠᠨ ᠢᠮᠠᠭᠲᠠ ᠪᠠᠲᠤᠯᠠᠵᠤ ᠂ ᠤᠨᠢᠨ ᠳᠡᠭᠡᠷ᠎ᠡ ᠨᠢ ᠬᠦᠴᠦᠯᠡᠵᠦ ᠂ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠬᠦᠴᠦᠯᠡᠨ ᠠᠬᠢᠭᠤᠯᠬᠤ ᠬᠡᠷᠡᠭᠲᠡᠢ ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠂ ᠲᠡᠭᠦᠨ ᠤ ᠴᠢᠬᠤᠯᠠ ᠶᠡᠭᠡ ᠠᠴᠢ ᠬᠤᠯᠪᠣᠭᠳᠠᠯ ᠂ ᠭᠤᠣᠯ ᠴᠢᠮᠦᠭᠡ ᠪᠤᠯᠬᠤ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ ᠂ ᠭᠦᠨᠵᠡᠭᠡᠶᠢᠷᠡᠭᠦᠯᠬᠦ ᠲᠤᠳᠤᠭᠠᠳᠤᠴᠢᠯᠠᠬᠤ ᠬᠤᠪᠢᠷᠠᠭᠤᠯᠬᠤ ᠳᠡᠭᠡᠷ᠎ᠡ ᠴᠥᠬᠦᠷᠡᠰᠢ ᠦᠭᠡᠢ ᠬᠦᠴᠦ ᠣᠷᠣᠭᠤᠯᠵᠤ ᠂ ᠹᠷᠣᠨᠲ ᠪᠦᠷᠢ ᠂ ᠭᠤᠭᠴᠤᠭ᠎ᠠ ᠪᠦᠷᠢ ᠶᠢᠨ ᠥᠪᠡᠷ ᠪᠡᠶ᠎ᠡ ᠶᠢᠨ ᠬᠤᠪᠢᠰᠬᠠᠯ ᠢ ᠦᠨᠡᠨ ᠬᠦ ᠪᠣᠳᠠᠲᠠᠢ ᠠᠳᠬᠤᠵᠤ ᠂ ᠭᠦᠨᠵᠡᠭᠡᠢ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ ᠃

ᠬᠤᠷᠠᠯ ᠠᠴᠠ ᠂ ᠥᠩᠭᠡᠷᠡᠭᠰᠡᠨ ᠨᠢᠭᠡ ᠵᠢᠯ ᠳᠤ ᠂ ᠪᠦᠭᠦ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠲᠣᠬᠢᠷᠠᠭᠤᠯᠤᠯᠲᠠ ᠶᠢ ᠭᠤᠶᠢᠪᠢᠰᠢ ᠦᠭᠡᠢ  ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠢ ᠥᠷᠨᠢᠭᠦᠯᠵᠦ ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠢᠯᠵᠠᠷᠠᠯ ᠢ ᠡᠰᠡᠷᠭᠦᠴᠡᠬᠦ ᠡᠯ᠎ᠡ ᠵᠦᠢᠯ ᠤᠨ ᠠᠵᠢᠯ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠪᠠ ᠃ ᠰᠢᠨ᠎ᠡ ᠨᠢᠭᠡ ᠵᠢᠯ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠵᠦ ᠂ ᠡᠯ᠎ᠡ ᠱᠠᠲᠤᠨ ᠤ ᠬᠢᠨ ᠢ ᠱᠠᠯᠠᠪᠳᠠᠭᠤᠯᠤᠨ ᠱᠠᠭᠠᠷᠳᠠᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠃ ᠳᠦᠷᠢᠮ ᠲᠣᠭᠲᠠᠴᠠ ᠶᠢᠨ ᠲᠠᠯ᠎ᠠ ᠪᠠᠷ ᠬᠦᠴᠦᠯᠡᠬᠦ ᠶᠢ ᠨᠡᠩ ᠴᠢᠬᠤᠯᠠᠴᠢᠯᠠᠵᠤ ᠂ ᠬᠢᠨᠠᠯᠲᠠ ᠲᠠᠯᠪᠢᠬᠤ ᠵᠣᠬᠢᠴᠠᠭᠤᠯᠬᠤ ᠶᠢ ᠨᠡᠪᠲᠡᠷᠡᠯᠴᠡᠭᠦᠯᠬᠦ ᠠᠵᠢᠯ ᠤᠨ ᠲᠣᠭᠲᠠᠴᠠ ᠶᠢ ᠰᠠᠶᠢᠲᠤᠷ ᠬᠡᠷᠡᠭᠯᠡᠵᠦ ᠂ ᠭᠤᠣᠯᠳᠠᠯᠭ᠎ᠠ ᠲᠠᠢ ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠂ 《ᠵᠢᠵᠢᠭ ᠢᠶᠠᠷ ᠱᠠᠮᠰᠢᠵᠤ ᠪᠠᠭ᠎ᠠ ᠪᠠᠷ ᠢᠯᠵᠠᠷᠠᠬᠤ》 ᠶᠢ ᠴᠢᠩᠭ᠎ᠠ ᠵᠠᠯᠬᠠᠭᠠᠨ ᠰᠢᠢᠳᠬᠡᠬᠦ ᠬᠡᠷᠡᠭᠲᠡᠢ ᠃ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠶᠡᠭᠡ ᠪᠠᠷ ᠴᠡᠭᠴᠡᠯᠡᠨ ᠵᠠᠰᠠᠵᠤ ᠂ 《ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ》《ᠤᠳᠠᠭᠠᠨ ᠪᠦᠳᠦᠭᠦᠯᠢᠭ ᠬᠡᠶᠢᠰᠪᠦᠷᠢ》ᠵᠡᠷᠭᠡ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠦᠷᠭᠦᠯᠵᠢᠯᠡᠨ ᠪᠣᠳᠠᠲᠠᠢ ᠠᠷᠭ᠎ᠠ ᠭᠠᠷᠭᠠᠵᠤ ᠂ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ ᠂ ᠺᠠᠳ᠋ᠷᠴᠤᠳ ᠢ ᠬᠥᠲᠥᠯᠥᠨ ᠵᠢᠯᠤᠭᠤᠳᠴᠤ ᠰᠠᠬᠢᠯᠭ᠎ᠠ ᠪᠠᠲᠤ ᠶᠣᠰᠣᠭᠠᠷ ᠶᠣᠰᠣ ᠳᠦᠷᠢᠮ ᠶᠣᠰᠣᠭᠠᠷ ᠠᠵᠢᠯ ᠬᠢᠵᠦ ᠦᠢᠯᠡᠰ ᠪᠣᠰᠬᠠᠬᠤ ᠳᠠᠳᠬᠠᠯ ᠪᠠ ᠤᠬᠠᠮᠰᠠᠷ ᠲᠠᠢ ᠪᠤᠯᠭᠠᠬᠤ ᠬᠡᠷᠡᠭᠲᠡᠢ ᠃ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃

ᠬᠤᠷᠠᠯ ᠠᠴᠠ ᠂ 2024 ᠣᠨ ᠳᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ ᠂ ᠨᠠᠮ ᠤᠨ ᠤᠳᠤᠷᠢᠳᠬᠤ ᠳᠤᠭᠤᠶᠢᠯᠠᠩ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠂ ᠠᠵᠢᠯ ᠢᠶᠠᠨ ᠭᠢᠯᠠᠰ ᠴᠡᠭ ᠲᠠᠢ ᠂ ᠰᠢᠪᠲᠤᠯᠤᠯᠲᠠ ᠲᠠᠢ ᠂ ᠦᠷ᠎ᠡ ᠪᠦᠲᠦᠮᠵᠢ ᠲᠠᠢ ᠥᠷᠨᠢᠭᠦᠯᠵᠡᠢ ᠃ ᠡᠯ᠎ᠡ ᠨᠠᠮ ᠤᠨ ᠤᠳᠤᠷᠢᠳᠬᠤ ᠳᠤᠭᠤᠶᠢᠯᠠᠩ 《ᠬᠤᠶᠠᠷ ᠢ ᠲᠣᠭᠲᠠᠭᠠᠭᠰᠠᠨ》 ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ 《ᠳᠥᠷᠪᠡᠨ ᠤᠬᠠᠮᠰᠠᠷ》 ᠢᠶᠠᠨ ᠴᠢᠩᠭᠠᠳᠬᠠᠵᠤ ᠂ 《ᠳᠥᠷᠪᠡᠨ ᠢᠲᠡᠭᠡᠯ》 ᠢᠶᠠᠨ ᠪᠠᠲᠤᠳᠬᠠᠵᠤ ᠂ 《ᠬᠤᠶᠠᠷ ᠢ ᠬᠠᠮᠠᠭᠠᠯᠠᠬᠤ》 ᠶᠢ ᠪᠡᠶᠡᠯᠡᠭᠦᠯᠵᠦ ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠡᠨᠡ ᠬᠦ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠢ ᠡᠷᠡᠰ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠯᠠᠪᠳᠠᠭᠤᠨ ᠪᠠᠲᠤᠲᠠᠢ ᠭᠦᠨᠵᠡᠭᠡᠢ  ᠨᠠᠶᠢᠳᠠᠪᠤᠷᠢᠵᠢᠭᠤᠯᠬᠤ ᠬᠡᠷᠡᠭᠲᠡᠢ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠲᠦᠷᠦᠭᠦᠯᠡᠨ  ᠂ ᠡᠯ᠎ᠡ ᠲᠠᠯ᠎ᠠ ᠶᠢᠨ ᠬᠢᠨ ᠢ ᠱᠠᠯᠠᠪᠳᠠᠭᠤᠯᠤᠨ ᠭᠤᠣᠯ ᠰᠢᠵᠢᠮ ᠪᠣᠯᠣᠨ ᠲᠤᠬᠠᠶᠢᠯᠠᠭᠰᠠᠨ ᠠᠵᠢᠯ ᠢ ᠭᠦᠨᠵᠡᠭᠡᠢ ᠠᠭᠤᠰᠤᠯᠴᠠᠭᠤᠯᠵᠤ ᠂ 《ᠬᠤᠶᠠᠷ ᠠᠰᠲᠠᠭᠠᠨ ᠶᠠᠪᠤᠳᠠᠯ》ᠪᠤᠯᠭᠠᠬᠤ ᠠᠴᠠ ᠰᠡᠷᠭᠡᠶᠢᠯᠡᠬᠦ ᠬᠡᠷᠡᠭᠲᠡᠢ ᠃ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠮᠤᠵᠢ ᠶᠢᠨ ᠱᠠᠲᠤᠨ ᠤ ᠤᠳᠤᠷᠢᠳᠤᠯᠭ᠎ᠠ ᠲᠦᠷᠦᠭᠦᠯᠡᠨ ᠬᠢᠬᠦ ᠶᠢ ᠪᠠᠷᠢᠮᠲᠠᠯᠠᠨ ᠂ 《ᠪᠣᠳᠠᠲᠠᠢ》 ᠨᠢᠭᠡ ᠦᠭᠡ ᠶᠢᠨ ᠲᠣᠭᠤᠷᠢᠨ ᠳᠤ ᠠᠵᠢᠯ ᠢᠶᠠᠨ ᠰᠠᠶᠢᠲᠤᠷ ᠠᠳᠬᠤᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠭᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠲᠦᠷᠦᠭᠦᠯᠡᠨ ᠰᠠᠶᠢᠲᠤᠷ ᠭᠦᠢᠴᠡᠳᠬᠡᠵᠦ ᠂ ᠰᠢᠰᠲ᠋ᠧᠮ ᠤᠨ ᠳᠣᠲᠣᠷᠠᠬᠢ ᠨᠠᠮ ᠤᠨ ᠪᠠᠶᠢᠭᠤᠯᠤᠯᠲᠠ ᠶᠢ ᠦᠨᠡᠨ ᠬᠦ ᠨᠡᠩ ᠯᠠᠪᠳᠠᠭᠤᠨ ᠪᠠᠲᠤᠲᠠᠢ ᠪᠦᠲᠦᠮᠵᠢᠲᠡᠢ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ ᠃

ᠬᠤᠷᠠᠯ ᠠᠴᠠ ᠪᠦᠭᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ ᠨᠠᠮ ᠤᠨ ᠭᠡᠰᠢᠭᠦᠨ ᠢ ᠵᠡᠪᠰᠡᠭᠯᠡᠬᠦ ᠂ ᠠᠷᠠᠳ ᠲᠦᠮᠡᠨ ᠢ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ ᠂ ᠦᠵᠡᠯ ᠤᠬᠠᠮᠰᠠᠷ ᠤᠨ ᠭᠡᠯᠪᠡᠷᠢ ᠶᠢᠨ ᠪᠠᠬᠢᠯᠡᠯᠲᠡ ᠶᠢ ᠡᠷᠡᠰ ᠰᠠᠶᠢᠲᠤᠷ ᠰᠠᠬᠢᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠲᠣᠪᠣᠶᠢᠮ᠎ᠠ ᠰᠠᠶᠢᠲᠤᠷ ᠠᠳᠬᠤᠵᠤ ᠂ ᠤᠮᠠᠷᠠᠲᠤ  ᠶᠢᠨ ᠰᠣᠶᠣᠯ ᠤᠨ ᠲᠥᠷᠥᠯ ᠲᠡᠮᠳᠡᠭ ᠢ ᠡᠭᠦᠳᠬᠦ ᠲᠠᠯ᠎ᠠ ᠪᠠᠷ ᠣᠯᠠᠨ ᠦᠷ᠎ᠡ ᠪᠦᠲᠦᠭᠡᠯ ᠭᠠᠷᠭᠠᠬᠤ ᠪᠠᠷ ᠬᠦᠴᠦᠯᠡᠵᠦ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ  ᠲᠠᠮᠢᠷ ᠤᠨ ᠴᠤᠭᠯᠠᠭᠠᠨ ᠤ ᠤᠬᠠᠭᠤᠯᠭ᠎ᠠ ᠪᠠᠷ  ᠥᠪᠥᠷ ᠮᠣᠩᠭᠤᠯ ᠤᠨ ᠳᠦᠷᠢ ᠲᠥᠷᠬᠦ ᠶᠢ ᠰᠠᠶᠢᠲᠤᠷ ᠢᠯᠡᠷᠡᠭᠦᠯᠵᠦ ᠂ ᠠᠳᠠᠯᠢ ᠪᠤᠰᠤ ᠭᠥᠯᠢᠶᠡᠨ ᠠᠪᠤᠭᠴᠢᠳ ᠲᠤ ᠴᠢᠭᠯᠡᠭᠦᠯᠦᠨ ᠬᠠᠨᠳᠤᠯᠭᠠᠲᠤ ᠴᠢᠨᠠᠷᠲᠠᠢ ᠤᠬᠠᠭᠤᠯᠭ᠎ᠠ ᠵᠢᠯᠣᠭᠤᠳᠤᠯᠭ᠎ᠠ ᠶᠢ ᠰᠠᠶᠢᠲᠤᠷ ᠬᠢᠵᠦ ᠂ ᠪᠦᠭᠦ ᠣᠷᠣᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ ᠃

ᠬᠤᠷᠠᠯ ᠠᠴᠠ ᠭᠤᠣᠯ ᠰᠡᠳᠦᠪᠲᠦ ᠬᠥᠮᠦᠵᠢᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠲᠥᠪ ᠤᠨ ᠱᠠᠭᠠᠷᠳᠠᠯᠭ᠎ᠠ ᠪᠠᠷ ᠪᠠᠷᠢᠮᠵᠢᠶᠠᠯᠠᠵᠤ ᠂ ᠨᠠᠷᠢᠨ ᠬᠢᠨᠠᠮᠠᠭᠠᠢ ᠳ᠋ᠦᠩᠨᠡᠨ ᠪᠦᠷᠢᠳᠬᠡᠵᠦ ᠂ ᠳᠤᠲᠠᠭᠤᠳᠠᠯ ᠢᠶᠠᠨ ᠪᠠᠶᠢᠴᠠᠭᠠᠨ ᠨᠥᠬᠦᠪᠦᠷᠢᠯᠡᠵᠦ ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠡᠴᠦᠰ ᠲᠤᠨᠢ ᠲᠤᠯᠲᠠᠯ᠎ᠠ ᠰᠠᠶᠢᠲᠤᠷ ᠠᠳᠬᠤᠵᠤ ᠂ ᠬᠤᠶᠠᠳᠤᠭᠠᠷ ᠪᠦᠯᠦᠭ ᠤᠨ ᠬᠥᠮᠦᠵᠢᠯ ᠳᠤ ᠣᠷᠤᠯᠴᠠᠬᠤ ᠨᠢᠭᠡᠴᠢ ᠶᠢᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠪᠠ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠶᠢ ᠱᠠᠯᠠᠪᠳᠠᠭᠤᠯᠤᠨ ᠵᠢᠯᠤᠭᠤᠳᠴᠤ ᠂ ᠳᠥᠷᠪᠡᠨ 《ᠰᠤᠷᠤᠯᠴᠠᠯᠭ᠎ᠠ》 ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠰᠡᠭᠦᠯ ᠬᠤᠷᠢᠶᠠᠬᠤ ᠠᠵᠢᠯ ᠢ ᠦᠨᠡᠨ ᠬᠦ ᠯᠠᠪᠳᠠᠭᠤᠨ ᠪᠠᠲᠤᠲᠠᠢ ᠂ ᠲᠡᠭᠦᠰ ᠠᠮᠵᠢᠯᠲᠠ ᠲᠠᠢ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃

ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ ᠃

 

 


   :                    
   :           
备案序号:蒙ICP备05003250号 公安备案15010502000173