ᠵᠤᠬᠢᠶᠠᠭᠴᠢ:
ᠴᠠᠭ:2024-02-02
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠴᠡᠷᠢᠭ ᠤᠨ ᠬᠤᠪᠢᠶᠠᠷᠢ ᠲᠣᠭᠤᠷᠢᠭ︵ᠰᠡᠷᠭᠡᠶᠢᠯᠡᠯᠲᠡ ᠶᠢᠨ ᠲᠣᠭᠤᠷᠢᠭ︶ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ ᠰᠦᠨ ᠱᠣᠣ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠸᠠᠩ ᠯᠢ ᠰᠢᠶᠠ ᠣᠷᠣᠯᠴᠠᠵᠠᠢ
2024 1 ᠳ᠋ᠦ᠋ᠭᠡᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠴᠡᠷᠢᠭ ᠤᠨ ᠬᠤᠪᠢᠶᠠᠷᠢ ᠲᠣᠭᠤᠷᠢᠭ ︵ᠰᠡᠷᠭᠡᠶᠢᠯᠡᠯᠲᠡ ᠶᠢᠨ ᠲᠣᠭᠤᠷᠢᠭ︶ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠰᠦᠨ ᠱᠣᠣ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
ᠬᠤᠷᠠᠯ ᠠᠴᠠ᠂ ᠨᠢᠳᠤᠨᠤᠨ ᠠᠴᠠ ᠨᠠᠭᠠᠰᠢ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠪᠣᠯᠪᠠᠰᠤᠷᠠᠭᠤᠯᠤᠨ ᠳᠠᠶᠢᠨ ᠳᠤ ᠪᠡᠯᠡᠳᠬᠡᠬᠦ᠂ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠪᠦᠲᠦᠮᠵᠢᠲᠡᠢ ᠠᠵᠢᠯ ᠬᠢᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠲᠠᠯ᠎ᠠ ᠪᠠᠷ ᠨᠡᠩ ᠵᠢᠷᠤᠮᠵᠢᠭᠤᠨ᠂ ᠨᠡᠩ ᠬᠦᠴᠦᠲᠡᠢ ᠪᠣᠯᠣᠭᠰᠠᠨ ᠰᠠᠶᠢᠨ ᠰᠠᠶᠢᠬᠠᠨ ᠪᠠᠶᠢᠳᠠᠯ ᠢᠯᠡᠷᠡᠪᠡ᠃ ᠮᠠᠨ ᠤ ᠣᠷᠣᠨ ᠳᠤ ᠰᠠᠭᠤᠭ᠎ᠠ ᠴᠡᠷᠢᠭ ᠠᠩᠭᠢ ᠳᠠᠶᠢᠨ ᠳᠤ ᠪᠡᠯᠡᠳᠬᠡᠬᠦ᠂ ᠪᠣᠯᠪᠠᠰᠤᠷᠠᠬᠤ᠂ ᠪᠦᠲᠦᠭᠡᠨ ᠪᠠᠶᠢᠭᠤᠯᠬᠤ ᠵᠡᠷᠭᠡ ᠡᠭᠦᠷᠭᠡ ᠪᠠᠨ ᠰᠠᠶᠢᠲᠤᠷ ᠪᠡᠶᠡᠯᠡᠭᠦᠯᠬᠦ ᠶᠢᠨ ᠬᠠᠮᠲᠤ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠣᠷᠣᠯᠴᠠᠨ ᠳᠡᠮᠵᠢᠵᠦ᠂ ᠢᠯᠠᠩᠭᠤᠶ᠎ᠠ ᠠᠶᠤᠯ ᠭᠠᠮᠰᠢᠭ ᠠᠴᠠ ᠠᠪᠤᠷᠠᠬᠤ᠂ ᠰᠥᠩ ᠬᠠᠯᠢᠶ᠎ᠠ ᠶᠢ ᠰᠡᠷᠭᠡᠶᠢᠯᠡᠬᠦ ᠪᠠ ᠦᠶᠡᠷ ᠢ ᠰᠡᠷᠭᠡᠶᠢᠯᠡᠬᠦ ᠵᠡᠷᠭᠡ ᠲᠠᠯ᠎ᠠ ᠪᠠᠷ ᠪᠡᠯᠡᠳᠬᠡᠯ ᠬᠦᠴᠦᠨ᠂ ᠭᠠᠪᠰᠢᠭᠠᠢ ᠠᠩᠭᠢ ᠶᠢᠨ ᠦᠢᠯᠡᠳᠦᠯ ᠢᠶᠠᠨ ᠪᠠᠳᠠᠷᠠᠭᠤᠯᠵᠤ᠂ ᠰᠠᠭᠤᠭ᠎ᠠ ᠭᠠᠵᠠᠷ ᠤᠨ ᠣᠯᠠᠨ ᠲᠦᠮᠡᠨ ᠳᠤ ᠮᠠᠰᠢ ᠣᠯᠠᠨ ᠪᠣᠳᠠᠲᠤ ᠶᠠᠪᠤᠳᠠᠯ ᠰᠠᠶᠢᠨ ᠶᠠᠪᠤᠳᠠᠯ ᠬᠢᠵᠦ ᠥᠭᠴᠡᠢ᠃ ᠰᠢᠨ᠎ᠡ ᠨᠢᠭᠡ ᠵᠢᠯ ᠳᠤ᠂ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂ ᠤᠯᠤᠰ ᠲᠦᠷᠦ ᠪᠠᠷ ᠴᠡᠷᠢᠭ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ ᠬᠠᠤᠯᠢ ᠶᠣᠰᠣᠭᠠᠷ ᠴᠡᠷᠢᠭ ᠢ ᠵᠠᠰᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠯ᠎ᠡ ᠵᠦᠢᠯ ᠤᠨ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠣᠷᠣᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠳᠦᠷᠢᠮᠵᠢᠯᠲᠡ ᠵᠢᠷᠤᠮᠵᠢᠯᠲᠠ ᠴᠠᠭ ᠦᠶᠡᠴᠢᠯᠡᠯᠲᠡ ᠢ ᠠᠬᠢᠭᠤᠯᠬᠤ ᠬᠡᠷᠡᠭᠲᠡᠢ᠃ ᠲᠤᠰᠠᠯᠠᠬᠤ ᠪᠠᠲᠤᠯᠠᠬᠤ ᠢᠯᠠᠯᠲᠠ ᠣᠯᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠣᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠶᠢ ᠪᠠᠷᠢᠮᠲᠠᠯᠠᠵᠤ᠂ ᠬᠢᠯᠢ ᠬᠢᠵᠠᠭᠠᠷ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠲᠣᠭᠠᠴᠢᠯᠠᠭᠰᠠᠨ᠂ ᠣᠶᠤᠨᠴᠢᠯᠠᠭᠰᠠᠨ᠂ ᠪᠣᠰᠤᠭ᠎ᠠ ᠴᠣᠭᠴᠠᠲᠤ ᠬᠢᠯᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠠᠭᠤᠷᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠵᠦ᠂ ᠤᠮᠠᠷᠠᠲᠤ ᠬᠢᠯᠢ ᠶᠢᠨ ᠪᠣᠯᠣᠳ ᠲᠡᠮᠦᠷ ᠤᠷᠳᠤ ᠴᠠᠭᠠᠨ ᠬᠡᠷᠡᠮ ᠢ ᠪᠠᠲᠤ ᠴᠣᠭᠴᠠᠯᠠᠬᠤ ᠬᠡᠷᠡᠭᠲᠡᠢ᠃ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠵᠦ᠂ ᠰᠢᠨ᠎ᠡ ᠨᠢᠭᠡ ᠡᠭᠡᠯᠵᠢ ᠶᠢᠨ ᠬᠤᠶᠠᠷ ᠢ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠪᠠᠷ ᠬᠥᠲᠥᠯᠥᠮᠵᠢ ᠪᠣᠯᠭᠠᠵᠤ᠂ ᠬᠤᠶᠠᠷ ᠢ ᠬᠦᠷᠢᠶᠡᠯᠡᠬᠦ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠴᠡᠷᠢᠭ ᠤᠨ ᠶᠠᠪᠤᠳᠠᠯ ᠤᠨ ᠡᠭᠦᠷᠭᠡ ᠶᠢ ᠪᠡᠶᠡᠯᠡᠭᠦᠯᠦᠭᠰᠡᠨ ᠤᠷᠢᠲᠠᠯ ᠳᠣᠣᠷ᠎ᠠ᠂ ᠣᠷᠣᠨ ᠨᠤᠲᠤᠭ ᠤᠨ ᠭᠤᠣᠯ ᠠᠵᠢᠯ ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠣᠷᠣᠨ ᠨᠤᠲᠤᠭ ᠤᠨ ᠡᠯ᠎ᠡ ᠱᠠᠲᠤᠨ ᠤ ᠬᠢᠨ ᠴᠡᠷᠢᠭ ᠲᠤ ᠦᠢᠯᠡᠴᠢᠯᠡᠬᠦ ᠳᠡᠭᠡᠨ ᠬᠤᠶᠠᠷ ᠶᠠᠪᠤᠳᠠᠯ ᠢ ᠰᠠᠶᠢᠲᠤᠷ ᠠᠳᠬᠤᠬᠤ ᠬᠡᠷᠡᠭᠲᠡᠢ᠂ ᠨᠢᠭᠡ ᠳᠤ ᠨᠡᠶᠢᠭᠡᠮ ᠳᠠᠶᠠᠭᠠᠷ ᠲᠤ ᠴᠡᠷᠢᠭ ᠠᠩᠭᠢ ᠶᠢ ᠬᠦᠷᠢᠶᠡᠯᠡᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠂ ᠬᠤᠶᠠᠷ ᠲᠤ ᠴᠡᠷᠢᠭ ᠠᠩᠭᠢ ᠶᠢ ᠬᠠᠪᠰᠤᠷᠤᠨ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠢ᠃ ᠡᠨᠡ ᠬᠤᠶᠠᠷ ᠶᠠᠪᠤᠳᠠᠯ ᠢ ᠴᠥᠮ ᠦᠨᠡᠨ ᠬᠦ ᠠᠳᠬᠤᠨ ᠪᠣᠳᠠᠲᠠᠢ ᠬᠢᠵᠦ᠂ ᠴᠢᠩᠭ᠎ᠠ ᠠᠳᠬᠤᠨ ᠲᠦᠷᠭᠡᠨ ᠬᠢᠵᠦ᠂ ᠪᠣᠳᠠᠲᠠᠢ ᠠᠷᠭ᠎ᠠ ᠠᠪᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠦᠷ᠎ᠡ ᠳ᠋ᠦᠩ ᠢ ᠴᠢᠬᠤᠯᠠᠴᠢᠯᠠᠵᠤ᠂ ᠦᠷ᠎ᠡ ᠪᠦᠲᠦᠮᠵᠢ ᠶᠢ ᠦᠵᠡᠬᠦ ᠬᠡᠷᠡᠭᠲᠡᠢ᠂ ᠥᠴᠥᠬᠡᠨ ᠲᠡᠳᠦᠢ ᠬᠡᠯᠪᠡᠷᠢᠴᠢ ᠦᠵᠡᠯ ᠲᠠᠢ ᠪᠠᠶᠢᠵᠤ ᠪᠣᠯᠬᠤ ᠦᠭᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠡᠷᠬᠢᠯᠡᠭᠴᠢ ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠤᠮᠠᠨᠳ᠋ᠯᠠᠭᠴᠢ ᠴᠧᠨ ᠯᠢᠶᠠᠨ ᠪᠢᠩ ᠶᠡᠷᠦᠩᠬᠡᠢ ᠱᠦᠵᠢ ᠰᠢ ᠶᠢᠨ ᠫᠢᠩ ᠤᠨ 2023 ᠣᠨ ᠤ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠲᠤ ᠪᠠᠶᠢᠴᠠᠭᠠᠨ ᠰᠤᠳᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠢᠰᠰᠠᠷ ᠶᠠᠩ ᠰᠢᠶᠣᠣ ᠺᠠᠩ ᠡᠯ᠎ᠡ ᠠᠶᠢᠮᠠᠭ ᠬᠤᠲᠠ ᠶᠢᠨ ᠬᠢᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠴᠤ ᠪᠠᠶᠢᠭ᠎ᠠ ᠠᠵᠢᠯ ᠤᠨ ᠪᠠᠶᠢᠳᠠᠯ ᠢ ᠦᠨᠡᠯᠡᠵᠦ᠂ 2023 ᠣᠨ ᠤ ᠪᠥᠬᠦ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠣᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠪᠠᠶᠢᠳᠠᠯ ᠢ ᠬᠠᠷᠢᠭᠤ ᠮᠡᠳᠡᠭᠦᠯᠪᠡ᠃ ᠡᠯ᠎ᠡ ᠴᠡᠷᠢᠭ ᠤᠨ ᠬᠤᠪᠢᠶᠠᠷᠢ ᠲᠣᠭᠤᠷᠢᠭ︵ᠰᠡᠷᠭᠡᠶᠢᠯᠡᠯᠲᠡ ᠶᠢᠨ ᠲᠣᠭᠤᠷᠢᠭ︶ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠲᠤᠰᠢᠶᠠᠯ ᠤᠨ ᠮᠡᠳᠡᠭᠦᠯᠦᠯᠲᠡ ᠬᠢᠪᠡ᠃
ᠥᠪᠡᠷᠲᠡᠭᠡᠨ ᠵᠠᠰᠠᠬᠤ ᠣᠷᠣᠨ ᠤ ᠴᠡᠷᠢᠭ ᠠᠩᠭᠢ ᠪᠠ ᠣᠷᠣᠨ ᠨᠤᠲᠤᠭ ᠤᠨ ᠬᠠᠮᠢᠶ᠎ᠠ ᠪᠦᠬᠦᠢ ᠤᠳᠤᠷᠢᠳᠬᠤ ᠨᠥᠬᠦᠳ ᠣᠷᠣᠯᠴᠠᠵᠠᠢ᠃