ᠵᠤᠬᠢᠶᠠᠭᠴᠢ:
ᠴᠠᠭ:2024-02-02
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠰᠦᠨ ᠱᠣᠣ ᠴᠧᠩ ᠮᠣᠩᠭᠤᠯ ᠤᠯᠤᠰ ᠤᠨ ᠤᠯᠤᠰ ᠤᠨ ᠶᠡᠭᠡ ᠬᠤᠷᠠᠯ ᠤᠨ ᠳᠡᠳ᠋ ᠳᠠᠷᠤᠭ᠎ᠠ ᠮᠥᠩᠬᠡᠪᠠᠭᠠᠲᠤᠷ ᠲᠠᠢ ᠠᠭᠤᠯᠵᠠᠪᠠ
2024 1 ᠳ᠋ᠦ᠋ᠭᠡᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠴᠧᠩ ᠭᠦᠭᠡᠬᠤᠲᠠ ᠳᠤ ᠮᠣᠩᠭᠤᠯ ᠤᠯᠤᠰ ᠤᠨ ᠤᠯᠤᠰ ᠤᠨ ᠶᠡᠭᠡ ᠬᠤᠷᠠᠯ ᠤᠨ ᠳᠡᠳ᠋ ᠳᠠᠷᠤᠭ᠎ᠠ ᠮᠥᠩᠬᠡᠪᠠᠭᠠᠲᠤᠷ ᠲᠠᠢ ᠠᠭᠤᠯᠵᠠᠪᠠ᠃
ᠰᠦᠨ ᠱᠤᠤ ᠴᠧᠩ ᠮᠥᠩᠬᠡᠪᠠᠭᠠᠲᠤᠷ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠳᠤᠮᠳᠠᠳᠤ ᠮᠣᠩᠭᠤᠯ ᠬᠤᠶᠠᠷ ᠤᠯᠤᠰ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠬᠥᠷᠰᠢ ᠤᠯᠤᠰ ᠪᠠᠶᠢᠵᠤ᠂ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠯᠴᠠᠭ᠎ᠠ ᠶᠢ ᠪᠠᠲᠤᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠳᠤᠮᠳᠠᠳᠤ ᠤᠯᠤᠰ ᠤᠨ ᠮᠣᠩᠭᠤᠯ ᠤᠯᠤᠰ ᠲᠠᠢ ᠬᠥᠷᠰᠢᠯᠡᠵᠦ ᠪᠠᠶᠢᠭ᠎ᠠ ᠮᠤᠵᠢ ᠣᠷᠣᠨ ᠪᠣᠯᠤᠭᠰᠠᠨ ᠤ ᠬᠤᠪᠢ ᠳᠤ᠂ ᠯᠠᠪᠳᠠᠶ᠎ᠠ ᠲᠥᠪ ᠤᠨ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ ᠮᠠᠨ ᠤ ᠣᠷᠣᠨ ᠤ ᠳᠤᠮᠳᠠᠳᠤ ᠮᠣᠩᠭᠤᠯ ᠤᠨ ᠬᠠᠷᠢᠯᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠳᠤᠮᠳᠠ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠱᠠᠭᠠᠷᠳᠠᠯᠭ᠎ᠠ ᠶᠣᠰᠣᠭᠠᠷ ᠳᠤᠮᠳᠠᠳᠤ ᠮᠣᠩᠭᠤᠯ ᠤᠨ ᠬᠤᠭᠤᠷᠤᠨᠳᠤᠭᠢ ᠬᠠᠤᠯᠢ ᠲᠣᠭᠲᠠᠭᠠᠬᠤ ᠲᠤᠷᠰᠢᠯᠭ᠎ᠠ ᠶᠢᠨ ᠰᠣᠯᠢᠯᠴᠠᠭ᠎ᠠ ᠶᠢ ᠭᠦᠨᠵᠡᠭᠡᠶᠢᠷᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠬᠡᠯᠡᠪᠡ᠃ ᠲᠡᠷᠡ ᠨᠢᠳᠤᠨᠤᠨ ᠤ ᠮᠣᠩᠭᠤᠯ ᠤᠯᠤᠰ ᠲᠤ ᠠᠶᠢᠯᠴᠢᠯᠠᠬᠰᠠᠨ ᠪᠠᠶᠢᠳᠠᠯ ᠢᠶᠠᠨ ᠡᠷᠭᠢᠴᠡᠭᠦᠯᠵᠦ᠂ ᠬᠤᠯᠪᠣᠭᠳᠠᠯ ᠪᠦᠬᠦᠢ ᠵᠥᠪᠯᠡᠨ ᠲᠣᠭᠲᠠᠭᠰᠠᠨ ᠵᠦᠢᠯᠡᠰ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠮᠣᠩᠭᠤᠯ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠪᠠᠶᠢᠩᠭᠤ ᠶᠢᠨ ᠵᠥᠪᠯᠡᠬᠦ ᠠᠵᠢᠯ ᠤᠨ ᠲᠣᠭᠲᠠᠴᠠ ᠶᠢ ᠰᠠᠶᠢᠲᠤᠷ ᠠᠰᠢᠭᠯᠠᠵᠤ᠂ ᠡᠯ᠎ᠡ ᠵᠦᠢᠯ ᠤᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠶᠢ ᠬᠦᠰᠡᠪᠡ᠃ ᠮᠥᠩᠬᠡᠪᠠᠭᠠᠲᠤᠷ ᠤᠨ ᠳᠤᠷᠠᠳᠤᠭᠰᠠᠨ ᠬᠠᠮᠲᠤᠷᠠᠯᠴᠠᠬᠤ ᠰᠠᠨᠠᠭᠤᠯᠭ᠎ᠠ ᠳᠤ ᠰᠦᠨ ᠱᠣᠣ ᠴᠧᠩ ᠨᠢᠭᠡᠳ ᠨᠢᠭᠡ ᠪᠠᠷ ᠬᠠᠷᠢᠭᠤᠯᠲᠠ ᠥᠭᠭᠦᠭᠰᠡᠨ ᠪᠥᠭᠡᠳ ᠣᠳᠣᠬᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠠᠭ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠭᠦ ᠬᠦᠴᠦᠨ ᠢᠶᠠᠷ ᠢᠶᠠᠨ ᠪᠠᠶᠢᠭᠤᠯᠵᠤ᠂ ᠴᠢᠯᠦᠭᠡᠲᠦ ᠠᠷᠠᠯᠵᠢᠶᠠᠨ ᠤ ᠣᠷᠣᠨ ᠢ ᠪᠠᠶᠢᠭᠤᠯᠵᠤ ᠪᠠᠶᠢᠨ᠎ᠠ᠂ ᠪᠢᠳᠡ ᠳᠤᠷᠠᠲᠠᠶ᠎ᠠ ᠡᠭᠦᠨ ᠢᠶᠠᠷ ᠠᠵᠠ ᠲᠣᠭᠢᠶᠠᠯ ᠪᠤᠯᠭᠠᠵᠤ᠂ ᠮᠣᠩᠭᠤᠯ ᠤᠯᠤᠰ ᠤᠨ ᠬᠤᠯᠪᠣᠭᠳᠠᠯ ᠪᠦᠬᠦᠢ ᠲᠠᠯ᠎ᠠ ᠪᠣᠯᠣᠨ ᠠᠶᠢᠮᠠᠭ ᠯᠤᠭ᠎ᠠ ᠬᠢᠯᠢ ᠶᠢᠨ ᠪᠣᠭᠤᠮᠲᠠ ᠶᠢᠨ ᠬᠤᠯᠪᠣᠯᠳᠤᠨ ᠨᠡᠪᠲᠡᠷᠡᠯᠴᠡᠬᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ᠂ ᠮᠠᠯ ᠤᠨ ᠠᠰᠢᠭ ᠰᠢᠮ᠎ᠡ ᠪᠣᠯᠣᠨ ᠵᠢᠵᠢᠭ ᠲᠠᠸᠠᠷ ᠤᠨ ᠠᠷᠠᠯᠵᠢᠶ᠎ᠠ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠬᠦᠷᠢᠶᠡᠨ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠭᠡᠵᠦ ᠢᠯᠡᠳᠬᠡᠪᠡ᠃
ᠮᠥᠩᠬᠡᠪᠠᠭᠠᠲᠤᠷ᠂ ᠡᠨᠡ ᠤᠳᠠᠭ᠎ᠠ ᠶᠢᠨ ᠠᠶᠢᠯᠴᠢᠯᠠᠯᠲᠠ ᠪᠠᠷ ᠳᠠᠮᠵᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠣᠯᠣᠭᠰᠠᠨ ᠢᠯᠡᠷᠬᠡᠢ ᠠᠮᠵᠢᠯᠲᠠ ᠪᠦᠲᠦᠮᠵᠢ ᠶᠢ ᠭᠦᠨᠵᠡᠭᠡᠢ ᠮᠡᠳᠡᠷᠡᠵᠦ᠂ ᠮᠠᠰᠢ ᠤᠯᠠᠨ ᠲᠤᠷᠰᠢᠯᠭ᠎ᠠ ᠶᠢ ᠪᠢᠳᠡ ᠲᠣᠯᠢᠳᠠᠭᠤᠰᠢᠲᠠᠢ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠥᠪᠥᠷ ᠮᠣᠩᠭᠤᠯ ᠢ ᠳᠤᠮᠳᠠᠳᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠳᠤᠷᠠᠳᠤᠭᠰᠠᠨ ᠨᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠬᠦᠴᠦᠲᠡᠢ ᠠᠬᠢᠭᠤᠯᠬᠤ ᠦᠢᠯᠡᠳᠦᠯ ᠦᠵᠡᠭᠦᠯᠭᠦ ᠪᠣᠯᠣᠨ᠎ᠠ᠂ ᠮᠣᠩᠭᠤᠯ ᠤᠯᠤᠰ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠠᠷᠠᠯᠵᠢᠶ᠎ᠠ ᠵᠡᠷᠭᠡ ᠬᠦᠷᠢᠶᠡᠨ ᠳᠠᠬᠢ ᠬᠠᠷᠢᠯᠴᠠᠭ᠎ᠠ ᠶᠠᠪᠤᠯᠴᠠᠭ᠎ᠠ ᠨᠢᠭᠲᠠ ᠪᠠᠶᠢᠵᠤ᠂ ᠬᠤᠶᠠᠷ ᠲᠠᠯ᠎ᠠ ᠶᠢᠨ ᠠᠷᠠᠯᠵᠢᠶᠠᠨ ᠤ ᠶᠠᠪᠤᠯᠴᠠᠭ᠎ᠠ ᠶᠢ ᠴᠢᠨᠠᠭᠰᠢᠳᠠ ᠴᠢᠩᠭᠠᠳᠬᠠᠬᠤ ᠶᠢ ᠪᠢᠳᠡ ᠬᠦᠰᠡᠵᠦ ᠪᠠᠶᠢᠨ᠎ᠠ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠤᠯᠤᠰ ᠤᠨ ᠲᠠᠯ᠎ᠠ ᠳᠤ ᠦᠵᠡᠭᠦᠯᠦᠭᠰᠡᠨ ᠬᠠᠪᠰᠤᠷᠤᠯᠭ᠎ᠠ ᠳᠤ ᠲᠠᠯᠠᠷᠬᠠᠵᠤ ᠪᠠᠶᠢᠨ᠎ᠠ᠃
ᠰᠦᠨ ᠱᠤᠤ ᠴᠧᠩ ᠱᠦᠵᠢ ᠨᠢᠳᠤᠨᠤᠨ ᠪᠦᠯᠭᠦᠮ ᠳᠠᠭᠠᠭᠤᠯᠤᠨ ᠮᠣᠩᠭᠤᠯ ᠤᠯᠤᠰ ᠲᠤ ᠠᠶᠢᠯᠴᠢᠯᠠᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠥᠷᠨᠢᠬᠦ ᠶᠢ ᠠᠬᠢᠭᠤᠯᠪᠠ᠃ ᠬᠤᠶᠠᠷ ᠲᠠᠯ᠎ᠠ ᠪᠠᠷ ᠢᠶᠠᠨ ᠬᠢᠯᠢ ᠶᠢᠨ ᠪᠣᠭᠤᠮᠲᠠ ᠶᠢᠨ ᠰᠠᠭᠤᠷᠢ ᠶᠢᠨ ᠪᠦᠲᠦᠭᠡᠨ ᠪᠠᠶᠢᠭᠤᠯᠤᠯᠲᠠ ᠪᠠᠨ ᠴᠢᠨᠠᠭᠰᠢᠳᠠ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠤᠶᠠᠷ ᠲᠠᠯ᠎ᠠ ᠶᠢᠨ ᠠᠷᠠᠯᠵᠢᠶ᠎ᠠ ᠪᠠᠨ ᠲᠠᠰᠤᠷᠠᠯᠲᠠ ᠦᠭᠡᠢ ᠥᠷᠭᠡᠳᠬᠡᠵᠦ᠂ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤ ᠪᠠᠷ ᠴᠢᠷᠮᠠᠶᠢᠵᠤ ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠰᠣᠯᠢᠯᠴᠠᠭ᠎ᠠ ᠬᠠᠮᠲᠤᠷᠠᠯᠴᠠᠭ᠎ᠠ ᠶᠢᠨ ᠰᠢᠨ᠎ᠡ ᠪᠠᠶᠢᠳᠠᠯ ᠢ ᠡᠭᠦᠳᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃
ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠶᠠᠪᠤᠳᠠᠯ ᠤᠨ ᠵᠥᠪᠯᠡᠯ ᠤᠨ ᠭᠡᠰᠢᠭᠦᠨ ᠵᠢᠶᠠᠩ ᠴᠧᠩ ᠬᠤᠸᠠ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠠᠢ ᠯᠢ ᠬᠤᠸᠠ ᠠᠭᠤᠯᠵᠠᠯᠲᠠ ᠳᠤ ᠣᠷᠣᠯᠴᠠᠵᠠᠢ᠃