ᠵᠤᠬᠢᠶᠠᠭᠴᠢ: ᠴᠠᠭ:2024-03-08 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
ᠰᠢ ᠶᠢᠨ ᠫᠢᠩ ᠤᠯᠤᠰ ᠲᠥᠷᠥ ᠶᠢᠨ ᠵᠥᠪᠯᠡᠯᠭᠡᠨ ᠤ ᠬᠤᠷᠠᠯ ᠳᠤ ᠣᠷᠣᠯᠴᠠᠵᠤ ᠪᠠᠶᠢᠭ᠎ᠠ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠡᠲᠡᠭᠡᠳ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠭᠢᠨ ᠦᠵᠡᠬᠦ ᠳᠡᠭᠡᠨ ᠴᠢᠬᠤᠯᠠᠴᠢᠯᠠᠭᠰᠠᠨ ᠨᠢ — ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠵᠤ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ ᠳᠤᠮᠳᠠᠳᠤ ᠤᠯᠤᠰ ᠤᠨ ᠮᠠᠶ᠋ᠢᠭ ᠤᠨ  ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ  ᠸᠠᠩ ᠬᠤ᠋ ᠨᠢᠩ  ᠼᠠᠢ ᠴᠢ ᠡᠷᠭᠢᠨ ᠦᠵᠡᠬᠦ ᠪᠠ ᠶᠠᠷᠢᠯᠴᠠᠬᠤ ᠳᠤ ᠣᠷᠣᠯᠴᠠᠵᠠᠢ

 

ᠰᠢᠨᠬᠤᠸᠠ ᠬᠤᠷᠢᠶ᠎ᠠ ᠶᠢᠨ ᠪᠡᠭᠡᠵᠢᠩ ᠤᠨ 2024  3  ᠰᠠᠷ᠎ᠠ ᠶᠢᠨ 6 ᠤ  ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ  ᠦᠳᠡ ᠶᠢᠨ ᠬᠤᠶᠢᠨ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠲᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠤᠷᠤᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠢ᠃ ᠲᠡᠷᠡ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠯ᠎ᠡ ᠨᠠᠮ ᠪᠦᠯᠦᠭ᠂ ᠡᠯ᠎ᠡ ᠪᠦᠯᠭᠦᠮ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠯ᠎ᠡ ᠲᠠᠯ᠎ᠠ ᠶᠢᠨ ᠬᠥᠮᠥᠰ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ  ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

《3·8》 ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠬᠤᠶᠠᠷ ᠬᠤᠷᠠᠯ ᠳᠤ ᠣᠷᠣᠯᠴᠠᠵᠤ ᠪᠠᠶᠢᠭ᠎ᠠ ᠡᠮᠡᠭᠲᠡᠢ ᠲᠥᠯᠥᠭᠡᠯᠡᠭᠴᠢ᠂ ᠡᠮᠡᠭᠲᠡᠢ ᠭᠡᠰᠢᠭᠦᠨ᠂ ᠡᠮᠡᠭᠲᠡᠢ ᠠᠵᠢᠯᠲᠠᠨ᠂ ᠪᠦᠭᠦ ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠪᠣᠯᠣᠨ ᠲᠠᠶᠢᠸᠠᠨ ᠣᠷᠣᠨ ᠤ ᠡᠮᠡᠭᠲᠡᠶᠢᠴᠦᠳ᠂ ᠭᠠᠳᠠᠭᠠᠳᠤ ᠳᠤ ᠪᠠᠶᠢᠭ᠎ᠠ ᠡᠮᠡᠭᠲᠡᠢ ᠬᠠᠷᠢᠶᠠᠲᠤ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃

ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠡᠷᠭᠢᠨ ᠦᠵᠡᠬᠦ ᠪᠠ ᠶᠠᠷᠢᠯᠴᠠᠬᠤ ᠳᠤ ᠣᠷᠣᠯᠴᠠᠵᠠᠢ᠃

ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠰᠢᠶᠠ ᠰᠢᠶᠠᠨ ᠫᠧᠩ᠂ ᠲᠢᠶᠠᠨ ᠬᠤᠩ ᠴᠢ᠂ ᠦ᠋ ᠵᠢᠶᠠᠨ ᠫᠢᠩ᠂ ᠵᠣᠣ ᠢᠦᠢ ᠯᠢᠶᠠᠩ᠂ ᠬᠤᠸᠠᠩ ᠮᠢᠶᠠᠨ ᠰᠥᠩ᠂ ᠬᠤ᠋ ᠰᠥᠩ ᠴᠢᠨ ᠵᠡᠷᠭᠡ 6 ᠭᠡᠰᠢᠭᠦᠨ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ᠂ ᠡᠬᠡ ᠣᠷᠣᠨ ᠤ ᠪᠦᠷᠢᠨ ᠨᠢᠭᠡᠳᠦᠯ ᠢ ᠡᠷᠡᠰ ᠭᠤᠶᠢᠪᠢᠰᠢ ᠦᠭᠡᠢ ᠪᠠᠷ ᠠᠬᠢᠭᠤᠯᠬᠤ᠂ ᠢᠨᠲ᠋ᠧᠷ ᠰᠦᠯᠵᠢᠶᠡᠨ ᠤ ᠭᠤᠣᠯᠯᠠᠬᠤ ᠮᠡᠷᠭᠡᠵᠢᠯ ᠢᠶᠠᠷ ᠰᠦᠯᠵᠢᠶᠡᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠠᠵᠤ ᠦᠢᠯᠡᠰᠵᠢᠯᠲᠡ ᠶᠢ ᠠᠬᠢᠭᠤᠯᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠪᠣᠬᠢᠷᠳᠤᠯ ᠪᠣᠳᠠᠰ ᠤᠨ ᠵᠠᠰᠠᠯᠲᠠ ᠶᠢ ᠴᠢᠩᠭᠠᠳᠬᠠᠬᠤ ᠵᠡᠷᠭᠡ ᠶᠢᠨ ᠲᠣᠭᠤᠷᠢᠨ ᠳᠤ ᠦᠭᠡ ᠬᠡᠯᠡᠪᠡ᠃

ᠰᠢ ᠶᠢᠨ ᠫᠢᠩ ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠣᠯᠠᠨ ᠲᠠᠢ ᠬᠠᠮᠲᠤ ᠶᠠᠷᠢᠯᠴᠠᠨ ᠰᠣᠯᠢᠯᠴᠠᠵᠤ᠂ ᠰᠠᠨᠠᠯ ᠰᠠᠨᠠᠭᠤᠯᠭ᠎ᠠ ᠶᠢ ᠰᠣᠨᠣᠰᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ ᠲᠡᠷᠡ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ  ᠰᠠᠭᠤᠵᠤ ᠪᠠᠶᠢᠭ᠎ᠠ ᠭᠡᠰᠢᠭᠦᠳ ᠪᠣᠯᠣᠨ ᠥᠷᠭᠡᠨ ᠤᠯᠠᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠪᠦᠷᠢᠯᠳᠦᠭᠦᠨ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠬᠥᠮᠥᠰ ᠲᠤ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ ᠭᠡᠵᠦ ᠢᠯᠡᠳᠬᠡᠪᠡ᠃

ᠰᠢ ᠶᠢᠨ ᠫᠢᠩ᠂ 2023 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ  ᠡᠭᠢᠯᠡᠯᠲᠡ ᠶᠢᠨ ᠵᠢᠯ ᠪᠣᠯᠣᠨ᠎ᠠ᠃ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠲᠤ  ᠰᠢᠯᠵᠢᠭᠦ ᠶᠢ ᠡᠷᠡᠰ ᠰᠢᠭᠤᠷᠬᠠᠢ ᠬᠡᠷᠡᠭᠵᠢᠭᠦᠯᠵᠦ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢ ᠪᠦᠭᠦ ᠬᠦᠴᠦ ᠪᠠᠷ ᠢᠶᠠᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠠᠮᠵᠢᠯᠲᠠ ᠪᠦᠲᠦᠮᠵᠢ ᠶᠢ ᠭᠢᠯᠪᠠᠷᠬᠠᠨ ᠢᠶᠠᠷ ᠣᠯᠣᠭᠰᠠᠨ ᠪᠢᠰᠢ᠂ ᠡᠨᠡ ᠪᠣᠯ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠨᠢᠭᠡᠳᠴᠦ᠂ ᠨᠤᠭᠤᠷᠠᠰᠢ ᠦᠭᠡᠢ ᠲᠡᠮᠡᠴᠡᠭᠰᠡᠨ ᠤ ᠦᠷ᠎ᠡ ᠳ᠋ᠦᠩ ᠮᠥᠨ᠂ ᠪᠠᠰᠠ ᠴᠤ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠦᠴᠦ ᠭᠦᠳᠡᠯᠮᠦᠷᠢ ᠪᠠ ᠤᠶᠤᠨ ᠤᠬᠠᠭᠠᠨ ᠢ ᠰᠢᠩᠭᠡᠭᠡᠵᠦ  ᠪᠠᠶᠢᠨ᠎ᠠ ᠭᠡᠵᠦ ᠴᠢᠬᠤᠯᠠᠴᠢᠯᠠᠪᠠ᠃

ᠰᠢ ᠶᠢᠨ ᠫᠢᠩ᠂ ᠥᠩᠭᠡᠷᠡᠭᠰᠡᠨ ᠨᠢᠭᠡ ᠵᠢᠯ ᠳᠤ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ 《ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠵᠤ ᠰᠠᠭᠤᠷᠢ ᠪᠠᠨ ᠪᠠᠲᠤᠳᠬᠠᠵᠤ᠂ ᠰᠢᠨ᠎ᠡ ᠠᠶᠠᠨ ᠳᠤ ᠪᠦᠯᠬᠦᠮᠳᠡᠨ ᠤᠷᠤᠭᠰᠢᠯᠠᠶ᠎ᠠ》ᠭᠡᠬᠦ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ ᠲᠦᠷᠦ ᠶᠢᠨ ᠵᠥᠪᠯᠡᠯᠭᠡ ᠬᠢᠬᠦ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ ᠦᠷᠭᠦᠯᠵᠢᠯᠡᠨ ᠣᠷᠣᠯᠴᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠵᠤ ᠠᠬᠤᠢ ᠰᠣᠶᠣᠯ ᠤᠨ ᠰᠣᠯᠢᠯᠴᠠᠭ᠎ᠠ ᠶᠢ ᠢᠳᠡᠪᠬᠢᠲᠡᠢ ᠠᠬᠢᠭᠤᠯᠪᠠ᠃ 

ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠲᠡᠭᠡᠳ ᠤᠨ ᠬᠥᠮᠥᠰ ᠰᠢᠨᠵᠢᠯᠡᠬᠦ ᠤᠬᠠᠭᠠᠨ ᠮᠡᠷᠭᠡᠵᠢᠯ ᠤᠨ  ᠥᠭᠡᠷᠡᠴᠢᠯᠡᠯᠲᠡ ᠳᠤ ᠣᠷᠤᠯᠴᠠᠬᠤ ᠶᠢ ᠢᠳᠡᠪᠬᠢᠲᠡᠢ ᠲᠡᠮᠵᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦᠯᠡᠨ ᠣᠷᠣᠯᠴᠠᠪᠠ᠃ ᠥᠷᠭᠡᠨ ᠤᠯᠠᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠬᠢᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠥᠭᠵᠢᠯᠲᠡ ᠶᠢᠨ ᠠᠷᠭ᠎ᠠ ᠭᠡᠯᠪᠡᠷᠢ ᠶᠢ ᠪᠣᠬᠢᠷᠳᠤᠯ ᠦᠭᠡᠢ ᠲᠡᠶᠢᠰᠢ  ᠬᠤᠪᠢᠷᠠᠭᠤᠯᠬᠤ ᠳᠤᠮᠳᠠ ᠢᠳᠡᠪᠬᠢᠲᠡᠢ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠲᠠᠶᠢᠸᠠᠨ ᠤ ᠠᠵᠢᠯ ᠤᠨ ᠶᠡᠭᠡ ᠲᠠᠯ᠎ᠠ ᠳᠤ ᠴᠢᠨᠠᠭᠰᠢᠳᠠ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ᠂ ᠠᠷᠠᠯ ᠤᠨ ᠳᠣᠲᠣᠷ᠎ᠠ ᠭᠠᠳᠠᠨᠠᠬᠢ ᠪᠦᠯᠬᠦᠮᠳᠡᠵᠦ ᠪᠤᠯᠬᠤ ᠤᠯᠤᠰ ᠢᠶᠠᠨ ᠬᠠᠶᠢᠷᠠᠯᠠᠬᠤ ᠬᠦᠴᠦᠨ ᠪᠦᠭᠦᠨ ᠲᠠᠢ ᠨᠡᠩ ᠰᠠᠶᠢᠲᠤᠷ ᠪᠦᠯᠬᠦᠮᠳᠡᠵᠦ᠂ 《ᠲᠤᠰᠠᠭᠠᠷ ᠲᠣᠭᠲᠠᠨᠢᠭᠤᠯᠬᠤ》 ᠶᠢ ᠡᠰᠡᠷᠭᠦᠴᠡᠵᠦ ᠨᠢᠭᠡᠳᠦᠯ ᠢ ᠠᠬᠢᠭᠤᠯᠬᠤ ᠬᠦᠴᠦᠨ ᠢ ᠲᠠᠰᠤᠷᠠᠯᠳᠠ ᠦᠭᠡᠢ ᠪᠤᠵᠠᠭᠠᠶᠢᠷᠠᠭᠤᠯᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ ᠬᠠᠮᠲᠤ ᠪᠠᠷ ᠠᠬᠢᠭᠤᠯᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠢᠨᠵᠢᠯᠡᠬᠦ ᠤᠬᠠᠭᠠᠨ ᠮᠡᠷᠭᠡᠵᠢᠯ᠂ ᠬᠥᠳᠡᠭᠡ ᠠᠵᠤ ᠠᠬᠤᠢ᠂ ᠰᠣᠶᠣᠯ ᠢᠷᠭᠡᠨᠰᠢᠯ᠂ ᠵᠠᠯᠠᠭᠤᠴᠤᠳ ᠤᠨ ᠬᠥᠭᠵᠢᠯᠲᠡ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠡᠯ᠎ᠡ ᠬᠦᠷᠢᠶᠡᠨ ᠤ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠰᠢ ᠶᠢᠨ ᠫᠢᠩ᠂ ᠰᠢᠨᠵᠢᠯᠡᠬᠦ ᠤᠬᠠᠭᠠᠨ ᠮᠡᠷᠭᠡᠵᠢᠯ ᠤᠨ ᠡᠲᠡᠭᠡᠳ ᠤᠨ ᠭᠡᠰᠢᠭᠦᠳ ᠪᠣᠯᠣᠨ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠢᠲᠡᠭᠡᠯ ᠵᠣᠷᠢᠭ ᠢᠶᠠᠨ ᠴᠢᠨᠠᠭᠰᠢᠳᠠ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠨᠳᠦ ᠡᠭᠦᠷᠭᠡ ᠶᠢ ᠡᠭᠦᠷᠭᠡᠯᠡᠵᠦ᠂ ᠰᠠᠭᠤᠷᠢ ᠰᠤᠳᠤᠯᠭᠠᠨ ᠪᠣᠯᠣᠨ ᠬᠡᠷᠡᠭᠯᠡᠭᠡᠨ ᠤ ᠰᠠᠭᠤᠷᠢ ᠰᠤᠳᠤᠯᠭᠠᠨ ᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠨ᠎ᠡ ᠬᠥᠳᠡᠯᠭᠡᠬᠦ ᠴᠢᠳᠠᠪᠤᠷᠢ ᠶᠢ ᠪᠣᠶᠢᠵᠢᠭᠤᠯᠬᠤ ᠬᠡᠷᠡᠭᠲᠡᠢ᠃ ᠪᠣᠳᠠᠲᠠᠢ ᠶᠢ ᠡᠷᠬᠢᠮᠯᠡᠨ ᠰᠠᠨᠠᠯ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭᠠᠨ ᠮᠡᠷᠭᠡᠵᠢᠯ ᠤᠨ  ᠥᠭᠡᠷᠡᠴᠢᠯᠡᠯᠲᠡ ᠪᠣᠯᠣᠨ ᠴᠢᠳᠠᠪᠤᠷᠢᠲᠠᠨ ᠤ ᠬᠥᠭᠵᠢᠯᠲᠡ ᠶᠢᠨ  ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠡᠯᠡᠯᠲᠡ ᠶᠢᠨ  ᠪᠣᠯᠣᠨ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠡᠯ᠎ᠡ ᠲᠦᠷᠦᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠣᠯᠣᠨ ᠲᠠᠯᠳᠠ ᠬᠦᠴᠦᠨ ᠢ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠥᠷᠭᠡᠨ ᠤᠯᠠᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ᠂ ᠴᠢᠨᠠᠷ ᠰᠠᠶᠢᠲᠠᠢ ᠬᠥᠭᠵᠢᠯᠲᠡ ᠶᠢ ᠥᠨᠳᠥᠷ ᠲᠦᠪᠰᠢᠨ ᠢᠶᠠᠷ ᠬᠠᠮᠠᠭᠠᠯᠠᠵᠤ ᠲᠤᠯᠭᠠᠭᠤᠷᠢᠯᠠᠬᠤ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ  ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠨᠠᠷᠢᠯᠢᠭ ᠣᠨᠣᠪᠴᠢᠲᠠᠢ ᠪᠠᠷ ᠪᠣᠬᠢᠷᠳᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠳᠤᠯ ᠢ ᠵᠠᠰᠠᠬᠤ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ ᠪᠠᠶᠢᠬᠤ᠂ ᠳᠣᠣᠷ᠎ᠠ ᠨᠡᠭᠦᠷᠡᠰᠦᠲᠥ᠋ᠷᠥᠭᠴᠢᠲᠦ ᠪᠠᠶᠢᠬᠤ ᠶᠢ ᠠᠬᠢᠭᠤᠯᠵᠤ᠂ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠵᠤ᠂ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠣᠳᠠᠲᠠᠢ ᠪᠤᠯᠭᠠᠬᠤ ᠠᠷᠭ᠎ᠠ ᠵᠠᠮ ᠢ ᠥᠷᠭᠡᠳᠬᠡᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠵᠦ᠂ ᠰᠢᠨ᠎ᠡ ᠳᠠᠪᠠᠭᠤᠯᠢᠭ ᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢ ᠶᠢᠨ ᠫᠢᠩ᠂ ᠡᠨᠡ ᠵᠢᠯ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠪᠠᠨ ᠴᠢᠩᠭᠠᠳᠬᠠᠨ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠳᠦᠷᠢᠮ ᠤᠨ ᠪᠠᠶᠢᠭᠤᠯᠤᠯᠲᠠ ᠪᠠᠨ ᠴᠢᠩᠭᠠᠳᠬᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤᠰ ᠪᠡᠶ᠎ᠡ ᠶᠢᠨ ᠬᠡᠪ ᠴᠢᠨᠠᠷ ᠪᠠ ᠲᠤᠰᠢᠶᠠᠯ ᠬᠠᠷᠢᠭᠤᠴᠠᠯᠭ᠎ᠠ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠪᠠ ᠤᠯᠠᠨ ᠨᠠᠮ ᠤᠨ ᠬᠠᠮᠲᠤᠷᠠᠨ ᠠᠵᠢᠯᠯᠠᠬᠤ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠱᠢ ᠲᠠᠢ ᠹᠧᠩ᠂ ᠵᠧᠩ ᠵᠢᠶᠠᠨ ᠪᠠᠩ᠂ ᠬᠤ᠋ ᠴᠦᠨ ᠬᠤᠸᠠ᠂ ᠸᠠᠩ ᠳ᠋ᠦᠩ ᠹᠧᠩ᠂ ᠾᠧ ᠪᠦᠦ ᠰᠢᠶᠠᠩ ᠨᠠᠷ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠪᠠ᠃

 

 


   :                    
   :           
备案序号:蒙ICP备05003250号 公安备案15010502000173