ᠵᠤᠬᠢᠶᠠᠭᠴᠢ: ᠴᠠᠭ:2024-03-08 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠪᠦᠯᠬᠦᠮ ᠳᠤᠭᠤᠶᠢᠯᠠᠩ ᠤᠨ ᠨᠡᠭᠡᠭᠡᠯᠲᠡ ᠬᠢᠬᠦ ᠠᠵᠢᠯᠯᠠᠭ᠎ᠠ ᠶᠠᠪᠤᠭᠤᠯᠵᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠣᠯᠠᠨ ᠤ ᠬᠠᠷᠠᠭᠠᠨ ᠳᠤ ᠳᠡᠯᠭᠡᠯ᠎ᠡ   ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ

 

2024  3  ᠰᠠᠷ᠎ᠠ ᠶᠢᠨ 6 ᠤ  ᠦᠳᠡ ᠶᠢᠨ ᠬᠤᠶᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠰᠤᠷᠤᠯᠴᠠᠵᠤ᠂ ᠲᠥᠯᠥᠪᠯᠡᠭᠡ ᠶᠢᠨ ᠮᠡᠳᠡᠭᠦᠯᠦᠯᠲᠡ ᠪᠣᠯᠣᠨ ᠲᠥᠰᠥᠯ᠂ ᠲᠥᠰᠥᠪ ᠤᠨ ᠮᠡᠳᠡᠭᠦᠯᠦᠯᠲᠡ ᠪᠣᠯᠣᠨ ᠲᠥᠰᠥᠯ ᠢ ᠬᠢᠨᠠᠨ ᠪᠠᠶᠢᠴᠠᠭᠠᠪᠠ᠃ ᠲᠣᠰ ᠤᠳᠠᠭ᠎ᠠ ᠶᠢᠨ ᠪᠦᠭᠦᠳᠡ ᠬᠤᠷᠠᠯ ᠢ ᠪᠦᠭᠦ ᠤᠯᠤᠰ ᠤᠨ ᠬᠤᠶᠠᠷ ᠬᠤᠷᠠᠯ ᠤᠨ ᠮᠡᠳᠡᠭᠡᠯᠡᠯ ᠳᠤ ᠣᠷᠣᠯᠴᠠᠵᠤ ᠪᠠᠶᠢᠭ᠎ᠠ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠲᠤ ᠨᠡᠭᠡᠭᠡᠯᠲᠡ ᠬᠢᠪᠡ᠃

ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠦᠭᠡ ᠬᠡᠯᠡᠵᠦ᠂ ᠲᠥᠯᠥᠭᠡᠯᠡᠭᠴᠢᠳ ᠤᠨ ᠪᠦᠯᠭᠦᠮ ᠤᠨ ᠳᠡᠳ᠋ ᠳᠠᠷᠤᠭ᠎ᠠ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠵᠤ᠂ ᠲᠥᠯᠥᠭᠡᠯᠡᠭᠴᠢᠳ ᠤᠨ ᠪᠦᠯᠭᠦᠮ ᠤᠨ ᠳᠡᠳ᠋ ᠳᠠᠷᠤᠭ᠎ᠠ ᠵᠧᠩ ᠬᠤᠩ ᠹᠠᠨ ᠬᠠᠮᠲᠤ ᠶᠢᠨ ᠰᠤᠷᠪᠤᠯᠵᠢᠯᠠᠬᠤ ᠠᠵᠢᠯᠯᠠᠭ᠎ᠠ ᠶᠢ ᠡᠷᠭᠢᠯᠡᠪᠡ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ᠂ ᠶᠡᠭᠡ ᠬᠤᠷᠠᠯ ᠤᠨ ᠲᠣᠪᠴᠢ ᠮᠡᠳᠡᠭᠡ ᠶᠢᠨ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠪᠠ᠃

ᠦᠵᠡᠰᠬᠦᠯᠡᠩᠲᠦ ᠰᠠᠶᠢᠬᠠᠨ ᠥᠪᠥᠷ ᠮᠣᠩᠭᠤᠯ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠤᠨ ᠠᠩᠬᠠᠷᠤᠯ ᠢ ᠲᠠᠲᠠᠵᠤ᠂ ᠰᠤᠷᠪᠤᠯᠵᠢᠯᠠᠬᠴᠢ ᠶᠢᠨ ᠲᠣᠭᠤᠷᠢᠭ ᠲᠤ ᠳᠦᠭᠦᠷᠲᠡᠯ᠎ᠡ ᠰᠠᠭᠤᠯᠴᠠᠭᠰᠠᠨ ᠪᠠᠶᠢᠨ᠎ᠠ᠃ ᠠᠷᠠᠳ ᠤᠨ ᠡᠳᠦᠷ ᠤᠨ ᠰᠣᠨᠢᠨ ᠤ ᠬᠤᠷᠢᠶ᠎ᠠ᠂ ᠰᠢᠨᠬᠤᠸᠠ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠂ ᠰᠢᠶᠠᠩᠭᠠᠩ ᠤᠨ ᠳ᠋ᠠ ᠭᠦᠡᠭ ᠪᠤᠤ ᠰᠣᠨᠢᠨ ᠂ ᠫᠧᠩ ᠪᠦᠸᠧ ᠰᠣᠨᠢᠨ ᠮᠡᠳᠡᠭᠡᠨ ᠤ ᠬᠤᠷᠢᠶ᠎ᠠ᠂ ᠠᠰᠠᠬᠢ ᠰᠣᠨᠢᠨ ᠮᠡᠳᠡᠭᠡ᠂ ᠭᠧᠷᠮᠠᠨ ᠤ ᠬᠤᠳᠠᠯᠳᠤᠭᠠᠨ ᠤ ᠰᠣᠨᠢᠨ᠂ ᠮᠣᠩᠭᠤᠯ ᠤᠯᠤᠰ ᠤᠨ ᠤᠯᠤᠰ ᠤᠨ ᠣᠯᠠᠨ ᠨᠡᠶᠢᠲᠡ ᠶᠢᠨ ᠷᠠᠳᠢᠣ᠋ ᠲᠧᠯᠸᠢᠰ ᠬᠤᠷᠢᠶ᠎ᠠ ᠵᠡᠷᠭᠡ ᠳᠤᠮᠳᠠᠳᠤ ᠭᠠᠳᠠᠭᠠᠳᠤ ᠶᠢᠨ 23 ᠵᠠᠭᠤᠴᠢᠯᠠᠭᠤᠷ ᠤᠨ 43 ᠰᠤᠷᠪᠤᠯᠵᠢᠯᠠᠬᠴᠢ ᠲᠤᠬᠠᠢ ᠶᠢᠨ ᠲᠠᠯᠠᠪᠠᠶ ᠳᠤ ᠬᠦᠷᠴᠦ ᠰᠤᠷᠪᠤᠯᠵᠢᠯᠠᠨ᠂ ᠥᠪᠥᠷ ᠮᠣᠩᠭᠤᠯ ᠤᠨ ᠰᠠᠶᠢᠨ ᠥᠯᠢᠭᠡᠷ᠂ ᠰᠠᠶᠢᠨ ᠲᠠᠭᠤᠨ ᠢ ᠰᠣᠨᠣᠰᠴᠤ᠂ ᠪᠦᠭᠦ ᠣᠷᠣᠨ ᠤ  ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠲᠡᠰᠪᠦᠷᠢ ᠬᠠᠲᠠᠭᠤᠵᠢᠯᠲᠠᠢ ᠪᠠᠷ ᠰᠢᠨ᠎ᠡ ᠵᠠᠮ ᠨᠡᠭᠡᠭᠡᠵᠦ᠂ ᠴᠤᠴᠠᠯᠲᠠ ᠦᠭᠡᠢ ᠪᠠᠷ ᠳᠤᠮᠳᠠ ᠲᠦᠪᠰᠢᠨ ᠳᠤ ᠣᠷᠣᠬᠤ ᠪᠠᠷ ᠴᠢᠷᠮᠠᠶᠢᠵᠤ ᠪᠠᠶᠢᠭ᠎ᠠ ᠰᠦᠷ ᠳᠠᠯᠠᠶᠢᠴᠠᠲᠠᠢ ᠬᠦᠴᠦᠨ ᠢ ᠭᠦᠨᠵᠡᠭᠡᠢ ᠣᠶᠢᠯᠠᠭᠠᠪᠠ᠃

ᠰᠦᠨ ᠱᠤᠤ ᠴᠧᠩ ᠲᠥᠯᠥᠭᠡᠯᠡᠭᠴᠢ ᠬᠢᠨᠠᠨ ᠵᠥᠪᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ᠂ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ ᠪᠣᠰᠬᠠᠬᠤ ᠶᠢ ᠵᠣᠷᠢᠭᠵᠢᠭᠤᠯᠬᠤ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ  ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠢᠯᠠᠩᠭᠤᠶ᠎ᠠ ᠰᠢᠨᠵᠢᠯᠡᠬᠦ ᠤᠬᠠᠭᠠᠨ ᠮᠡᠷᠭᠡᠵᠢᠯ ᠤᠨ《ᠪᠦᠰᠡᠯᠡᠯᠲᠡ ᠰᠢᠪᠲᠤᠯᠬᠤ》 ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠨᠢᠭᠡ ᠬᠤᠶᠠᠷ ᠨᠥᠬᠦᠴᠡᠯ ᠲᠠᠢ ᠴᠡᠭ ᠳᠡᠭᠡᠷ᠎ᠡ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠠᠰᠢᠭᠲᠠᠢ ᠪᠠᠶᠢᠷᠢ ᠶᠢ ᠲᠦᠷᠭᠡᠨ ᠡᠵᠡᠯᠡᠵᠦ᠂ ᠪᠦᠭᠦ ᠤᠯᠤᠰ ᠤᠨ ᠶᠡᠭᠡ ᠲᠠᠯ᠎ᠠ ᠳᠤ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠨ᠎ᠠ᠃ ᠲᠥᠯᠥᠪᠯᠡᠭᠡ ᠶᠢᠨ ᠮᠡᠳᠡᠭᠦᠯᠦᠯᠲᠡ ᠪᠠ ᠲᠥᠰᠥᠪ ᠤᠨ ᠮᠡᠳᠡᠭᠦᠯᠦᠯᠲᠡ ᠪᠣᠯ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠰᠢᠰᠲ᠋ᠧᠮ ᠲᠠᠢ ᠨᠥᠬᠦᠪᠦᠷᠢᠯᠡᠯ ᠮᠥᠨ᠂ 《ᠪᠠᠷᠢᠯᠭ᠎ᠠ ᠶᠢᠨ ᠵᠢᠷᠤᠭ》 ᠢ ᠵᠢᠷᠤᠵᠤ᠂ 《ᠶᠡᠷᠦᠩᠬᠡᠢ ᠳᠠᠩᠰᠠ》 ᠶᠢ ᠨᠠᠶᠢᠷᠠᠭᠤᠯᠤᠨ ᠵᠣᠬᠢᠶᠠᠪᠠ᠂ ᠪᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠥᠪᠥᠷ ᠮᠣᠩᠭᠤᠯ ᠤᠨ ᠠᠵᠤ ᠠᠬᠤᠢ ᠶᠢᠨ ᠬᠡᠮᠵᠢᠶ᠎ᠡ ᠨᠡᠯᠢᠶᠡᠳ ᠪᠠᠭ᠎ᠠ᠂ ᠬᠥᠭᠵᠢᠯᠲᠡ ᠨᠢ ᠲᠦᠷᠭᠡᠨ ᠤᠳᠠᠭᠠᠨ ᠪᠠᠶᠢᠬᠤ ᠨᠢ ᠪᠦᠭᠦ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠲᠤᠭ᠎ᠠ ᠪᠠᠷᠢᠮᠲᠠ ᠳᠤ ᠨᠥᠯᠥᠭᠡ ᠶᠡᠭᠡ ᠪᠢᠰᠢ᠂ ᠭᠡᠪᠡᠴᠦ ᠬᠠᠩᠭᠠᠯᠭ᠎ᠠ ᠶᠢ ᠪᠠᠲᠤᠯᠠᠬᠤ᠂ ᠤᠯᠤᠰ ᠤᠨ《ᠲᠠᠪᠤᠨ ᠠᠮᠤᠷ ᠲᠦᠪᠰᠢᠨ》 ᠢ ᠪᠠᠲᠤᠯᠠᠬᠤ ᠳᠤ ᠴᠢᠬᠤᠯᠠ ᠨᠥᠯᠥᠭᠡ ᠲᠠᠢ ᠶᠤᠮ᠃ ᠪᠢᠳᠡ ᠬᠤᠶᠠᠷ ᠮᠡᠳᠡᠭᠦᠯᠦᠯᠲᠡ ᠶᠢᠨ ᠱᠠᠭᠠᠷᠳᠠᠯᠭ᠎ᠠ ᠶᠣᠰᠣᠭᠠᠷ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠪᠦᠲᠦᠮᠵᠢᠲᠡᠢ ᠬᠡᠷᠡᠭᠴᠡᠭᠡ ᠶᠢ ᠥᠷᠭᠡᠳᠬᠡᠬᠦ ᠶᠢ ᠬᠠᠮᠵᠢᠯᠴᠠᠭᠤᠯᠤᠨ ᠬᠦᠴᠦᠯᠡᠬᠦ ᠶᠢ ᠪᠠᠷᠢᠮᠲᠠᠯᠠᠵᠤ᠂ ᠤᠯᠤᠰ ᠤᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠶᠡᠭᠡ ᠪᠠᠷ ᠠᠳᠬᠤᠵᠤ᠂ ᠪᠦᠭᠦ ᠵᠢᠯ ᠤᠨ ᠠᠵᠤ ᠠᠬᠤᠢ ᠶᠢᠨ ᠨᠡᠮᠡᠭᠳᠡᠯ ᠢ 6% ᠠᠴᠠ ᠳᠡᠭᠡᠭᠰᠢᠬᠢ ᠳᠤ  ᠵᠢᠱᠢᠭᠰᠡᠨ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠨ᠎ᠠ᠃ 《ᠠᠷᠪᠢᠴᠢ ᠭᠠᠮᠲᠠᠢ ᠠᠮᠢᠳᠤᠷᠠᠬᠤ》 ᠶᠢ ᠪᠠᠷᠢᠮᠲᠠᠯᠠᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠬᠤᠲᠠ ᠶᠢᠨ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠢ ᠴᠢᠩᠭ᠎ᠠ ᠬᠢᠵᠠᠭᠠᠷᠯᠠᠬᠤ᠂ ᠬᠤᠲᠠ ᠶᠢᠨ ᠨᠣᠭᠤᠭᠠᠷᠠᠭᠤᠯᠤᠯᠲᠠ ᠠᠷᠠᠴᠢᠯᠠᠯᠲᠠ ᠶᠢ 2022 ᠣᠨ ᠤ ᠪᠠᠷᠢᠮᠵᠢᠶ᠎ᠠ ᠠᠴᠠ ᠳᠠᠪᠠᠭᠤᠯᠵᠤ ᠪᠤᠯᠬᠤ ᠦᠭᠡᠢ᠂ ᠨᠠᠮ ᠵᠠᠰᠠᠭ ᠤᠨ ᠪᠠᠶᠢᠭᠤᠯᠭ᠎ᠠ ᠶᠢᠨ ᠬᠦᠷᠢᠶ᠎ᠡ《ᠢᠨᠵᠧᠨᠧᠷᠢᠩ ᠦᠭᠡᠢ ᠣᠨ》 ᠵᠡᠷᠭᠡ ᠶᠢ ᠡᠷᠬᠡᠪᠰᠢ ᠪᠡᠶᠡᠯᠡᠭᠦᠯᠵᠦ᠂ ᠠᠯᠢ ᠴᠢᠳᠠᠬᠤ ᠪᠠᠷ ᠵᠣᠭᠤᠰ ᠠᠷᠪᠢᠯᠠᠵᠤ ᠪᠠᠶᠢᠭᠠᠳ ᠥᠷᠢ ᠥᠭᠴᠡᠭᠡ ᠶᠢ ᠠᠷᠢᠯᠭᠠᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠎ᠠ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠠᠴᠠ ᠥᠪᠥᠷ ᠮᠣᠩᠭᠤᠯ ᠤᠨ《ᠤᠮᠠᠷᠠᠲᠤ ᠶᠢᠨ ᠭᠤᠷᠪᠠᠨ ᠣᠷᠣᠨ》 ᠤ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠬᠦ ᠡᠷᠴᠢᠮ ᠢᠶᠠᠨ ᠴᠢᠨᠠᠭᠰᠢᠳᠠ ᠨᠡᠮᠡᠭᠳᠡᠭᠦᠯᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠢ᠃

ᠮᠧᠩ ᠳ᠋ᠠ ᠶᠢᠩ᠂ ᠭᠦᠩ ᠮᠢᠩ ᠵᠦ᠂ ᠵᠠᠩ ᠷᠦᠢ᠂ ᠵᠢᠢ ᠶᠦᠩ ᠴᠢᠶᠠᠨ᠂ ᠸᠠᠩ ᠸᠠᠩ ᠱᠧᠩ᠂ ᠰᠢᠦᠢ ᠵᠢᠶᠠᠨ ᠰᠢᠩ᠂ ᠯᠥᠸᠧ ᠴᠢᠩ ᠵᠡᠷᠭᠡ ᠲᠥᠯᠥᠭᠡᠯᠡᠭᠴᠢ ᠤᠷᠢᠳ ᠬᠤᠵᠢᠳ ᠬᠢᠨᠠᠨ ᠵᠥᠪᠯᠡᠬᠦ ᠦᠭᠡ ᠬᠡᠯᠡᠵᠦ᠂ ᠲᠥᠯᠥᠪᠯᠡᠭᠡ ᠶᠢᠨ ᠮᠡᠳᠡᠭᠦᠯᠦᠯᠲᠡ ᠪᠣᠯᠣᠨ ᠲᠥᠰᠥᠯ᠂ ᠲᠥᠰᠥᠪ ᠤᠨ ᠮᠡᠳᠡᠭᠦᠯᠦᠯᠲᠡ ᠪᠣᠯᠣᠨ ᠲᠥᠰᠥᠯ ᠢ ᠵᠥᠪᠰᠢᠶᠡᠷᠡᠵᠦ ᠪᠠᠶᠢᠬᠤ ᠪᠠᠨ ᠰᠠᠨᠠᠯ ᠨᠢᠭᠡᠲᠡᠢ ᠢᠯᠡᠳᠬᠡᠪᠡ᠃

16 ᠴᠠᠭ 20  ᠲᠤ᠂ ᠲᠤᠬᠠᠢ ᠶᠢᠨ ᠲᠠᠯᠠᠪᠠᠢ ᠶᠢᠨ ᠠᠰᠠᠭᠤᠯᠲᠠ ᠡᠬᠢᠯᠡᠪᠡ᠃ ᠥᠪᠥᠷ ᠮᠣᠩᠭᠤᠯ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠨᠠᠶᠢᠳᠠᠪᠤᠷᠢᠵᠢᠭᠤᠯᠵᠤ᠂ ᠶᠠᠮᠠᠷ ᠦᠷ᠎ᠡ ᠪᠦᠲᠦᠮᠵᠢ ᠣᠯᠣᠭᠰᠠᠨ ᠪᠤᠶ︖ ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠢᠮᠠᠭᠲᠠ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠭᠦᠨ ᠰᠠᠨᠠᠭᠠᠯᠵᠠᠵᠤ᠂ ᠪᠡᠶ᠎ᠡ ᠪᠠᠷ ᠢᠶᠠᠨ ᠥᠪᠥᠷ ᠮᠣᠩᠭᠤᠯ ᠤᠨ ᠬᠥᠭᠵᠢᠯᠲᠡ ᠳᠤ ᠰᠤᠳᠠᠯ ᠪᠠᠷᠢᠵᠤ ᠴᠢᠭᠯᠡᠯ ᠢ ᠲᠣᠭᠲᠠᠭᠠᠵᠤ ᠥᠭᠪᠡ᠃ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠳᠤ ᠬᠠᠮᠤᠭ ᠤᠨ ᠴᠢᠬᠤᠯᠠ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠪᠡᠶᠡᠯᠡᠭᠦᠯᠬᠦ ᠶᠠᠪᠤᠳᠠᠯ ᠪᠣᠯᠣᠨ᠎ᠠ᠃  ᠣᠷᠣᠨ ᠢᠶᠠᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠤᠨ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠥᠪᠥᠷ ᠮᠣᠩᠭᠤᠯ ᠤᠨ ᠣᠨᠴᠠᠯᠢᠭ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ  ᠲᠦᠷᠭᠡᠳᠬᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠳᠤ ᠴᠠᠭᠠᠨ ᠬᠡᠷᠡᠮ ᠢ ᠪᠦᠭᠦ ᠬᠦᠴᠦ ᠪᠠᠷ ᠢᠶᠠᠨ ᠴᠣᠭᠴᠠᠯᠠᠵᠤ᠂ ᠡᠬᠡ ᠤᠯᠤᠰ ᠤᠨ 《ᠤᠮᠠᠷᠠᠲᠤ ᠶᠡᠭᠡ ᠬᠠᠭᠠᠯᠭ᠎ᠠ》 ᠶᠢ ᠡᠷᠡᠰ ᠰᠠᠶᠢᠲᠤᠷ ᠰᠠᠬᠢᠵᠤ᠂ ᠨᠡᠶᠢᠰᠯᠡᠯ ᠤᠨ《ᠬᠠᠮᠭᠠᠯᠠᠯᠲᠠ ᠶᠢᠨ ᠭᠤᠣᠯ》ᠪᠣᠯᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠵᠤ᠂ ᠭᠤᠣᠯ ᠪᠤᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠪᠦᠭᠦ ᠤᠯᠤᠰ ᠤᠨ ᠲᠦᠷᠦᠭᠦᠦ ᠡᠩᠨᠡᠭᠡᠨ ᠳᠤ ᠪᠠᠶᠢᠬᠤ ᠶᠢ ᠪᠠᠲᠤᠯᠠᠪᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠣᠶᠢᠯᠠᠭᠠᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠳᠡᠭᠡᠷ᠎ᠡ ᠨᠢᠭᠡᠳᠬᠡᠵᠦ᠂ 《ᠤᠷᠤᠭᠰᠢᠯᠠᠯᠲᠠ》 ᠶᠢᠨ ᠪᠦᠷᠢᠶ᠎ᠡ ᠶᠢ ᠪᠦᠭᠦ ᠲᠠᠯ᠎ᠠ ᠪᠠᠷ ᠬᠠᠩᠭᠢᠨᠠᠭᠤᠯᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠰᠠᠶᠢᠨ ᠪᠣᠯᠵᠤ ᠪᠤᠯᠬᠤ ᠶᠢ ᠨᠢ ᠰᠠᠶᠢᠨ ᠪᠤᠯᠭᠠᠵᠤ᠂ ᠲᠦᠷᠭᠡᠨ ᠪᠣᠯᠵᠤ ᠪᠤᠯᠬᠤ ᠶᠢ ᠨᠢ ᠲᠦᠷᠭᠡᠨ ᠪᠤᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠬᠦᠷᠬᠦ ᠪᠠᠷ ᠴᠢᠷᠮᠠᠶᠢᠪᠠ ᠭᠡᠵᠡᠢ᠃

ᠰᠤᠷᠪᠤᠯᠵᠢᠯᠠᠬᠴᠢᠳ ᠪᠤᠯᠢᠶᠠᠯᠳᠤᠨ ᠭᠠᠷ ᠡᠷᠭᠦᠵᠦ᠂ ᠠᠰᠠᠭᠤᠯᠲᠠ ᠠᠰᠠᠭᠤᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠭᠦᠷ ᠬᠥᠭᠵᠢᠶᠡᠨ ᠲᠠᠢ ᠪᠠᠶᠢᠯ᠎ᠠ᠃ ᠤᠯᠤᠰ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠂ ᠠᠮᠢ ᠠᠬᠤᠢ ᠶᠢᠨ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ᠂ ᠤᠮᠠᠷᠠᠰᠢ ᠨᠡᠭᠡᠭᠡᠯᠲᠡ ᠬᠢᠬᠦ ᠶᠢ ᠥᠷᠭᠡᠳᠬᠡᠬᠦ ᠵᠡᠷᠭᠡ ᠠᠭᠤᠯᠭ᠎ᠠ ᠨᠢ ᠴᠥᠮ ᠰᠤᠷᠪᠤᠯᠵᠢᠯᠠᠬᠴᠢᠳ ᠤᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠪᠠᠶᠢᠵᠤ᠂ ᠶᠠᠩ ᠶᠢᠨ᠂ ᠳ᠋ᠦ᠋  ᠯᠢᠶᠠᠩ᠂ ᠭᠦᠩ ᠮᠢᠩ ᠵᠦ᠂ ᠸᠠᠩ ᠸᠠᠩ ᠱᠧᠩ᠂ ᠶᠠᠨ ᠬᠤᠩ ᠭᠤᠸᠠᠩ᠂ ᠵᠣᠣ  ᠵᠢᠶᠧ᠂ ᠮᠧᠩ ᠳ᠋ᠠ ᠶᠢᠩ ᠵᠡᠷᠭᠡ ᠲᠥᠯᠥᠭᠡᠯᠡᠭᠴᠢ ᠠᠰᠠᠭᠤᠯᠲᠠ ᠶᠢ ᠬᠠᠷᠢᠭᠤᠯᠵᠤ᠂ ᠵᠠᠭᠤᠴᠢᠯᠠᠭᠤᠷ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠢᠩ ᠦᠨᠡᠨᠴᠢ ᠪᠠᠷ ᠬᠠᠷᠢᠭᠤᠯᠲᠠ ᠥᠭᠴᠦ᠂ ᠠᠰᠠᠭᠤᠵᠤ ᠬᠠᠷᠢᠭᠤᠯᠬᠤ ᠳᠤᠮᠳᠠ ᠪᠦᠯᠬᠦᠮᠳᠡᠨ ᠲᠡᠮᠡᠴᠡᠭᠰᠡᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠣᠯᠠᠨ ᠤ ᠡᠮᠦᠨ᠎ᠡ ᠠᠮᠢᠳᠤᠯᠢᠭ ᠢᠶᠠᠷ ᠳᠡᠯᠭᠡᠭᠳᠡᠪᠡ᠃

 

 


   :                    
   :           
备案序号:蒙ICP备05003250号 公安备案15010502000173