ᠵᠤᠬᠢᠶᠠᠭᠴᠢ:
ᠴᠠᠭ:2024-02-29
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠶᠢ ᠨᠢ ᠬᠠᠷᠢᠭᠤᠯᠵᠤ ᠡᠷᠡᠯᠬᠡᠭᠯᠡᠨ ᠤᠷᠤᠭᠰᠢᠯᠠᠨᠠᠮ︾ ᠭᠡᠰᠡᠨ ᠭᠤᠣᠯ ᠰᠡᠳᠦᠪᠲᠦ ᠦᠵᠡᠰᠬᠦᠯᠡᠩ ᠬᠤᠪᠢᠰᠬᠠᠯ ᠤᠨ ᠬᠥᠮᠦᠵᠢᠯ ᠤᠨ ᠰᠢᠨ᠎ᠡ ᠥᠷᠨᠢᠯᠲᠡ ᠶᠢ ᠪᠤᠢ ᠪᠣᠯᠭᠠᠪᠠ
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠤᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠢᠩᠬᠢᠮ ᠳᠠᠭᠠᠭᠠᠨ ᠡᠷᠬᠢᠯᠡᠭᠰᠡᠨ 《ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠶᠢ ᠨᠢ ᠬᠠᠷᠢᠭᠤᠯᠵᠤ ᠡᠷᠡᠯᠬᠡᠭᠯᠡᠨ ᠤᠷᠤᠭᠰᠢᠯᠠᠨᠠᠮ – ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠦᠵᠡᠰᠬᠦᠯᠡᠩ》 ᠢ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠳᠡᠯᠭᠡᠨ ᠦᠵᠡᠭᠦᠯᠵᠦ᠂ ᠮᠠᠰᠢ ᠤᠯᠠᠨ ᠦᠵᠡᠭᠴᠢᠳ ᠤᠨ ᠠᠩᠬᠠᠷᠤᠯ ᠢ ᠲᠠᠲᠠᠪᠠ᠃ ᠬᠤᠪᠣᠷ ᠨᠠᠨᠳᠢᠨ ᠵᠢᠷᠤᠭ ᠤᠳ᠂ ᠪᠣᠳᠠᠲᠤ ᠦᠵᠡᠭᠦᠯᠭᠡ ᠶᠢᠨ ᠪᠣᠳᠠᠰ᠂ ᠠᠮᠢᠳᠤᠯᠢᠭ ᠦᠰᠦᠭ ᠪᠢᠴᠢᠭ ᠤᠳ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠭᠦᠨ ᠵᠤᠵᠠᠭᠠᠨ ᠬᠠᠶᠢᠷ᠎ᠠ ᠬᠠᠯᠠᠮᠵᠢ ᠪᠠ ᠬᠦᠰᠡᠯ ᠡᠷᠡᠮᠡᠯᠵᠡᠯ ᠢ ᠦᠵᠡᠭᠴᠢᠳ ᠲᠤ ᠭᠦᠨᠵᠡᠭᠡᠢ ᠮᠡᠳᠡᠷᠡᠭᠦᠯᠵᠦ᠂ ᠪᠦᠬᠦ ᠣᠷᠣᠨ ᠤ ᠭᠠᠵᠠᠷ ᠪᠣᠯᠭᠠᠨ ᠳᠤ 《ᠬᠦᠰᠡᠯ ᠨᠠᠶᠢᠳᠠᠯᠭ᠎ᠠ ᠶᠢ ᠨᠢ ᠪᠠᠲᠤ ᠴᠡᠭᠡᠵᠢᠯᠡᠵᠦ ᠠᠴᠢ ᠶᠢ ᠨᠢ ᠡᠷᠡᠯᠬᠡᠭᠯᠡᠨ ᠤᠷᠤᠭᠰᠢᠯᠠᠶ᠎ᠠ》 ᠭᠡᠰᠡᠨ ᠯᠤᠲᠤ ᠶᠡᠭᠡ ᠬᠥᠳᠡᠯᠭᠡᠬᠦ ᠬᠦᠴᠦᠨ ᠢᠯᠡᠷᠡᠵᠦ ᠪᠠᠶᠢᠬᠤ ᠶᠢ ᠮᠡᠳᠡᠷᠡᠭᠦᠯᠪᠡ᠃
ᠲᠤᠰ ᠤᠳᠠᠭᠠᠨ ᠤ ᠦᠵᠡᠭᠦᠯᠭᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ 《ᠠᠷᠠᠳ ᠤᠨ ᠤᠳᠤᠷᠢᠳᠤᠭᠴᠢ ᠶᠢᠨ ᠰᠡᠳᠬᠢᠯ ᠤᠮᠠᠷᠠᠲᠤ ᠬᠢᠯᠢ ᠲᠠᠢ ᠬᠤᠯᠪᠣᠨᠠᠮ》 《ᠥᠨᠳᠥᠷ ᠲᠤ ᠵᠣᠭᠰᠣᠨ ᠠᠯᠤᠰ ᠢ ᠪᠠᠷᠠᠯᠠᠵᠤ ᠵᠠᠯᠠᠭᠤᠷ ᠠᠳᠬᠤᠨ ᠠᠶᠠᠨ ᠢᠶᠠᠨ ᠵᠣᠷᠢᠨᠠᠮ》 《ᠲᠠᠪᠤᠨ ᠶᠡᠭᠡ ᠡᠭᠦᠷᠭᠡ ᠡᠷᠡᠯᠬᠡᠭᠯᠡᠨ ᠤᠷᠤᠭᠰᠢᠯᠠᠶ᠎ᠠ》 《ᠭᠤᠣᠯ ᠰᠢᠵᠢᠮ ᠳᠤ ᠲᠥᠪᠯᠡᠷᠡᠵᠦ ᠵᠢᠱᠢᠶ᠎ᠡ ᠦᠵᠡᠭᠦᠯᠦᠨ ᠤᠷᠤᠭᠰᠢᠯᠠᠶ᠎ᠠ》 《ᠠᠷᠠᠳ ᠲᠦᠮᠡᠨ ᠢ ᠳᠡᠭᠡᠳᠦᠯᠡᠵᠦ ᠤᠭ ᠰᠠᠨᠠᠭ᠎ᠠ ᠪᠠᠨ ᠪᠠᠲᠤᠳᠬᠠᠶ᠎ᠠ》 《ᠵᠣᠷᠢᠭᠲᠠᠢ ᠪᠠᠷ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠶ᠎ᠠ》 6 ᠬᠡᠰᠡᠭ ᠬᠤᠪᠢᠶᠠᠵᠤ᠂ ᠨᠡᠶᠢᠲᠡ 349 ᠵᠢᠷᠤᠭ᠂ 132 ᠦᠰᠦᠭ ᠪᠢᠴᠢᠭ ᠤᠨ ᠬᠡᠪᠯᠡᠯ᠂ 60 ᠪᠠ ᠵᠢᠷᠤᠭ ᠤᠨ ᠵᠢᠱᠢᠶ᠎ᠡ᠂ 230 ᠪᠣᠳᠠᠲᠤ ᠪᠣᠳᠠᠰ ᠤᠨ ᠦᠵᠡᠭᠦᠯᠭᠡ᠂ 16 ᠪᠦᠯᠦᠭ ᠲᠣᠭᠠᠴᠢᠯᠠᠭᠰᠠᠨ ᠣᠯᠠᠨ ᠵᠠᠭᠤᠴᠢᠲᠤ ᠦᠵᠡᠭᠦᠯᠭᠡ ᠶᠢᠨ ᠵᠦᠢᠯ᠂ 2 ᠡᠯᠡᠰᠦᠨ ᠲᠠᠪᠠᠭ ᠢᠶᠠᠷ ᠶᠡᠷᠦᠩᠬᠡᠢ ᠱᠦᠵᠢ ᠰᠢ ᠶᠢᠨ ᠫᠢᠩ ᠪᠠ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠢ ᠬᠠᠯᠠᠮᠵᠢᠯᠠᠨ ᠳᠡᠮᠵᠢᠵᠦ ᠪᠠᠶᠢᠭ᠎ᠠ ᠶᠢ ᠠᠮᠢᠳᠤᠯᠢᠭ ᠢᠶᠠᠷ ᠢᠯᠡᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠠᠭᠤᠯᠬᠤᠨ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ 《ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ》 ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠠᠶᠢᠯᠪᠤᠷᠢᠯᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠨᠠᠮ ᠤᠨ ᠠᠴᠢ ᠶᠢ ᠰᠡᠳᠬᠢᠯ ᠠᠴᠠ ᠪᠠᠨ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠢ ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠠᠮᠢᠳᠤᠯᠢᠭ ᠦᠢᠯᠡᠳᠦᠯᠭᠡ ᠶᠢ ᠲᠥᠪᠯᠡᠷᠡᠭᠦᠯᠦᠨ ᠳᠡᠯᠭᠡᠨ ᠦᠵᠡᠭᠦᠯᠵᠡᠢ᠃
ᠬᠥᠬᠡᠬᠤᠲᠠ ᠶᠢᠨ ᠬᠤᠷᠢᠨ ᠳᠣᠯᠣᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠵᠠᠩ ᠯᠢ ᠦᠵᠡᠰᠬᠦᠯᠡᠩ ᠢ ᠦᠵᠡᠭᠡᠳ ᠤᠳᠠᠲᠠᠯ᠎ᠠ ᠳᠣᠭᠳᠣᠯᠪᠠ᠂ 《ᠦᠵᠡᠰᠬᠦᠯᠡᠩ ᠢ ᠲᠣᠭᠤᠷᠢᠨ ᠦᠵᠡᠬᠦ ᠪᠠᠷ ᠳᠠᠮᠵᠢᠨ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠠᠷᠠᠳ ᠲᠦᠮᠡᠨ᠂ ᠥᠪᠥᠷ ᠮᠣᠩᠭᠤᠯ ᠤᠨ ᠨᠤᠲᠤᠭ ᠳᠡᠪᠢᠰᠬᠡᠷ ᠲᠤ ᠭᠦᠨ ᠵᠤᠵᠠᠭᠠᠨ ᠬᠠᠶᠢᠷ᠎ᠠ ᠬᠠᠯᠠᠮᠵᠢ ᠲᠠᠢ ᠪᠠᠶᠢᠬᠤ ᠶᠢ ᠨᠡᠩ ᠭᠦᠨᠵᠡᠭᠡᠢ ᠣᠶᠢᠯᠠᠭᠠᠪᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠳᠡ ᠦᠭᠡᠢ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ》ᠭᠡᠵᠦ ᠬᠡᠯᠡᠪᠡ᠃
《ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠣᠯ ᠪᠢᠳᠡᠨ ᠤ ᠡᠷᠬᠡᠪᠰᠢ ᠡᠭᠦᠷᠭᠡᠯᠡᠬᠦ ᠬᠡᠷᠡᠭᠲᠡᠢ ᠤᠯᠤᠰ ᠲᠥᠷᠥ ᠶᠢᠨ ᠬᠠᠷᠢᠭᠤᠴᠠᠯᠭ᠎ᠠ ᠮᠥᠨ᠂ ᠪᠢᠳᠡ ᠰᠢᠳᠤᠷᠭᠤ ᠵᠣᠷᠢᠭ᠂ ᠠᠴᠢᠯᠠᠯᠲᠤ ᠰᠡᠳᠬᠢᠯ᠂ ᠲᠡᠮᠡᠦᠯᠬᠦ ᠬᠦᠴᠦᠨ ᠢᠶᠠᠨ ᠲᠠᠰᠤᠷᠠᠯᠲᠠ ᠦᠭᠡᠢ ᠪᠠᠲᠤᠳᠬᠠᠵᠤ᠂ ᠶᠡᠷᠦᠩᠬᠡᠢ ᠱᠦᠵᠢ ᠶᠢᠨ ᠬᠠᠯᠠᠮᠵᠢᠯᠠᠯ ᠪᠠ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ》ᠭᠡᠵᠦ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠤᠬᠠᠭᠤᠯᠬᠤ ᠭᠠᠵᠠᠷ ᠤᠨ ᠺᠠᠳ᠋ᠷ ᠯᠢᠦ ᠷᠦᠸᠧ ᠵᠢᠶᠦ᠋ᠨ ᠦᠵᠡᠰᠬᠦᠯᠡᠩ ᠳᠤ ᠣᠷᠣᠯᠴᠠᠭᠰᠠᠨ ᠤ ᠳᠠᠷᠠᠭ᠎ᠠ ᠭᠦᠨ ᠲᠥᠷᠥᠭᠳᠡᠯ ᠢᠶᠠᠨ ᠬᠡᠯᠡᠪᠡ᠃
ᠲᠣᠰ ᠤᠳᠠᠭᠠᠨ ᠤ ᠦᠵᠡᠰᠬᠦᠯᠡᠩ 2 ᠳ᠋ᠤᠭᠠᠷ ᠰᠠᠷ᠎ᠠ ᠶᠢᠨ 6 ᠤ ᠡᠳᠦᠷ ᠡᠬᠢᠯᠡᠭᠰᠡᠨ ᠠᠴᠠ ᠨᠠᠭᠠᠰᠢ᠂ ᠨᠢᠭᠡᠨᠲᠡ 7000 ᠭᠠᠷᠤᠢ ᠲᠣᠭᠤᠷᠢᠨ ᠦᠵᠡᠪᠡ᠃