ᠵᠤᠬᠢᠶᠠᠭᠴᠢ: ᠴᠠᠭ:2024-03-15 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠡᠭᠡᠵᠢᠩ ᠳᠤ ᠲᠡᠭᠦᠰᠪᠡ

 

ᠰᠢᠨᠬᠤᠸᠠ ᠬᠤᠷᠢᠶ᠎ᠠ ᠶᠢᠨ ᠪᠡᠭᠡᠵᠢᠩ ᠤᠨ 2024  3  ᠰᠠᠷ᠎ᠠ ᠶᠢᠨ 11 ᠤ  ᠴᠠᠭᠢᠯᠭᠠᠨ ᠮᠡᠳᠡᠭᠡ   ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ 11 ᠤ  ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ ᠃ ᠶᠡᠭᠡ ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠵᠡᠷᠭᠡ ᠶᠢ ᠵᠥᠪᠰᠢᠶᠡᠷᠡᠪᠡ ᠃ ᠶᠡᠭᠡ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠶᠢ ᠪᠠᠲᠤᠯᠠᠵᠤ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠢᠨ ᠨᠢᠭᠡᠳᠦᠭᠡᠷ ᠲᠣᠭᠠᠲᠤ ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠥᠰᠥᠭ ᠵᠢᠷᠤᠵᠤ ᠨᠡᠶᠢᠲᠡᠯᠡᠪᠡ ᠃

ᠲᠡᠭᠦᠰᠬᠦ ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠂ ᠭᠦᠢᠴᠡᠳᠭᠡᠭᠴᠢ ᠲᠡᠷᠢᠭᠦᠯᠡᠭᠴᠢ ᠵᠤᠤ ᠯᠧ ᠵᠢᠢ ᠡᠷᠭᠢᠯᠡᠪᠡ ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠂ ᠭᠦᠢᠴᠡᠳᠭᠡᠭᠴᠢ ᠲᠡᠷᠢᠭᠦᠯᠡᠭᠴᠢ ᠯᠢ ᠬᠤᠩ ᠵᠦᠩ ᠂ ᠸᠠᠩ ᠳ᠋ᠦᠩ ᠮᠢᠩ ᠂ ᠰᠢᠶᠣᠣ ᠵᠢᠶᠧ ᠂ ᠵᠧᠩ ᠵᠢᠶᠠᠨ ᠪᠠᠩ ᠂ ᠳ᠋ᠢᠩ ᠵᠦᠩ ᠯᠢ ᠂ ᠬᠤᠤ ᠮᠢᠩ  ᠶᠢᠨ᠂ ᠼᠠᠢ ᠳ᠋ᠠ ᠹᠧᠩ ᠂ ᠾᠧ ᠸᠧᠢ ᠂ ᠦ᠋ ᠸᠧᠢ ᠬᠤᠸᠠ ᠂ ᠲᠢᠶᠧ ᠨᠢᠩ ᠂ ᠫᠧᠩ ᠴᠢᠩ ᠬᠤᠸᠠ ᠂ ᠵᠠᠩ ᠴᠢᠩ ᠸᠧᠢ ᠂ ᠯᠣᠪᠰᠠᠩᠵᠠᠯᠰᠠᠨ ᠂ ᠰᠢᠤᠸᠠᠶᠢᠺᠧᠯᠠᠶᠢᠲ · ᠵᠠᠺᠧᠯ ᠂ ᠯᠢᠦ ᠴᠢ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ ᠃

ᠰᠢ  ᠶᠢᠨ ᠫᠢᠩ ᠂ ᠯᠢ ᠴᠢᠶᠠᠩ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ ᠬᠠᠨ ᠵᠧᠩ ᠪᠣᠯᠣᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ ᠃

ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 2956 ᠬᠥᠮᠥᠨ ᠪᠠᠶᠢᠵᠤ ᠂ 2900 ᠬᠥᠮᠥᠨ ᠣᠷᠣᠯᠴᠠᠵᠤ ᠂ 56 ᠬᠥᠮᠥᠨ ᠣᠷᠣᠯᠴᠠᠬᠰᠠᠨ ᠦᠭᠡᠢ ᠂ ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ ᠃

ᠦᠳᠡ ᠶᠢᠨ ᠬᠤᠶᠢᠨᠠᠬᠢ 3 ᠴᠠᠭ ᠲᠤ ᠵᠣᠣ ᠯᠧ ᠵᠢᠢ ᠬᠤᠷᠠᠯ ᠡᠬᠢᠯᠡᠭᠰᠡᠨ ᠢ ᠵᠠᠷᠯᠠᠪᠠ ᠃

ᠬᠤᠷᠠᠯ ᠠᠴᠠ ᠪᠠᠲᠤᠯᠠᠯᠲᠠ ᠬᠢᠬᠦ ᠪᠠᠷ ᠳᠡᠮᠵᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠠᠢ᠃ ᠰᠢᠢᠳᠪᠦᠷᠢ ᠳᠤ᠂ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ ᠢᠯᠡᠳᠬᠡᠯ ᠳᠤ ᠳᠤᠷᠠᠳᠤᠭᠰᠠᠨ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ᠂ ᠲᠦᠷᠦ ᠶᠢᠨ ᠪᠣᠳᠣᠯᠭ᠎ᠠ ᠶᠢᠨ ᠬᠠᠨᠳᠤᠰᠢ ᠪᠣᠯᠣᠨ ᠠᠵᠢᠯ ᠤᠨ ᠡᠭᠦᠷᠭᠡ ᠶᠢ ᠵᠥᠪᠰᠢᠶᠡᠷᠡᠵᠦ᠂ ᠳᠤᠰ ᠢᠯᠡᠳᠬᠡᠯ ᠢ ᠵᠥᠪᠰᠢᠶᠡᠷᠡᠬᠦ ᠪᠠᠷ ᠲᠣᠭᠲᠠᠵᠠᠢ ᠭᠡᠵᠦ ᠵᠢᠭᠠᠵᠤ ᠭᠠᠷᠭᠠᠪᠠ᠃

ᠬᠤᠷᠠᠯ ᠠᠴᠠ ᠪᠠᠲᠤᠯᠠᠯᠲᠠ ᠬᠢᠬᠦ ᠪᠠᠷ ᠳᠠᠮᠵᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠶᠢ ᠪᠠᠲᠤᠯᠠᠪᠠ᠃ ᠲᠤᠰ ᠬᠠᠤᠯᠢ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠤ᠂ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠵᠤ᠂ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠵᠥᠪᠰᠢᠶᠡᠷᠡᠬᠦ ᠪᠠᠷ ᠲᠤᠬᠳᠠᠪᠠ ︔ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠤ᠂ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠵᠤ᠂ 2024 ᠣᠨ ᠤ ᠲᠥᠪ ᠤᠨ ᠲᠥᠰᠥᠪ ᠢ ᠵᠥᠪᠰᠢᠶᠡᠷᠡᠬᠦ ᠪᠠᠷ ᠲᠣᠭᠲᠠᠪᠠ᠃

ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠪᠠ᠃ ᠰᠢᠢᠳᠪᠦᠷᠢ ᠳᠤ᠂ ᠬᠤᠷᠠᠯ ᠠᠴᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ᠂ ᠮᠡᠳᠡᠭᠦᠯᠦᠯᠲᠡ ᠳᠤ ᠳᠤᠷᠠᠳᠤᠭᠰᠠᠨ ᠬᠤᠶᠢᠰᠢᠳᠠ ᠶᠢᠨ ᠨᠢᠭᠡ ᠵᠢᠯ ᠤᠨ ᠡᠭᠦᠷᠭᠡ ᠶᠢ ᠵᠥᠪᠰᠢᠶᠡᠷᠡᠵᠦ᠂ ᠡᠨᠡ ᠬᠦ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠪᠠ ᠭᠡᠵᠦ ᠵᠢᠭᠠᠵᠤ ᠭᠠᠷᠭᠠᠪᠠ᠃

ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠢᠳᠪᠦᠷᠢ ᠶᠢ ᠪᠠᠲᠤᠯᠠᠵᠤ᠂ ᠡᠨᠡ ᠬᠤᠶᠠᠷ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠪᠠ᠃

ᠳᠠᠷᠠᠭ᠎ᠠ ᠨᠢ ᠵᠤᠤ ᠯᠧ ᠵᠢᠢ ᠶᠠᠷᠢᠶ᠎ᠠ ᠲᠠᠯᠪᠢᠪᠠ᠃ ᠲᠡᠷᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠪᠦᠭᠦ ᠲᠥᠯᠥᠭᠡᠯᠡᠭᠴᠢᠳ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ ᠬᠤᠷᠠᠯ ᠮᠠᠰᠢ ᠠᠮᠵᠢᠯᠲᠠ ᠲᠠᠢ ᠬᠤᠷᠠᠯᠳᠤᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠡᠭᠦᠷᠭᠡ ᠶᠢ ᠲᠣᠳᠣᠷᠬᠠᠶᠢᠯᠠᠵᠤ᠂ ᠢᠲᠡᠭᠡᠯ ᠢ ᠪᠠᠲᠤᠳᠬᠠᠪᠠ᠂ ᠡᠨᠡ ᠪᠣᠯ ᠨᠢᠭᠡ ᠤᠳᠠᠭ᠎ᠠ ᠶᠢᠨ ᠲᠤᠭ ᠢ ᠥᠨᠳᠥᠷ ᠮᠠᠨᠳᠤᠭᠤᠯᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠣᠨ᠎ᠠ ᠭᠡᠵᠦ ᠬᠡᠯᠡᠪᠡ᠃

ᠵᠤᠤ ᠯᠧ ᠵᠢᠢ᠂ ᠶᠡᠭᠡ ᠬᠤᠷᠠᠯ ᠤᠨ ᠬᠤᠭᠤᠴᠠᠭᠠᠨ ᠳᠤ ᠲᠥᠯᠥᠭᠡᠯᠡᠭᠴᠢᠳ ᠨᠠᠮ ᠪᠣᠯᠣᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠣᠷᠭᠢᠯᠤᠮ᠎ᠠ ᠬᠠᠯᠠᠭᠤᠨ ᠤᠯᠤᠰ ᠲᠦᠷᠦ ᠶᠢᠨ ᠤᠷᠮ᠎ᠠ ᠰᠡᠳᠬᠢᠯᠭᠡ ᠪᠣᠯᠣᠨ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠵᠦᠢᠯ ᠤᠨ ᠮᠡᠳᠡᠭᠦᠯᠦᠯᠲᠡ ᠪᠣᠯᠣᠨ ᠰᠠᠨᠠᠯ ᠵᠥᠪᠯᠡᠯᠭᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠬᠤᠷᠠᠯ ᠤᠨ ᠦᠷ᠎ᠡ ᠪᠦᠲᠦᠭᠡᠯ ᠨᠢ ᠨᠠᠮ ᠤᠨ ᠵᠣᠷᠢᠯᠲᠠ ᠪᠣᠯᠣᠨ ᠠᠷᠠᠳ ᠲᠦᠮᠡᠨ ᠤ ᠬᠦᠰᠡᠯ ᠵᠣᠷᠢᠯᠲᠠ ᠶᠢᠨ ᠨᠢᠭᠡᠳᠦᠯ ᠢ ᠭᠦᠢᠴᠡᠳ ᠢᠯᠡᠷᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠪᠣᠯᠣᠨ ᠤᠯᠤᠰ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠤᠨ ᠢᠯᠡᠷᠬᠡᠢ ᠳᠠᠪᠠᠭᠤᠯᠢᠭ ᠢ ᠢᠯᠡᠷᠡᠭᠦᠯᠪᠡ ᠭᠡᠵᠦ ᠵᠢᠭᠠᠵᠤ ᠭᠠᠷᠭᠠᠵᠠᠢ᠃

ᠵᠤᠤ ᠯᠧ ᠵᠢᠢ᠂ ᠡᠨᠡ ᠵᠢᠯ ᠪᠣᠯ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠨᠢ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠠ ᠰᠢ  ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠢᠭᠡ ᠰᠡᠳᠬᠢᠯ ᠨᠢᠭᠡ ᠵᠣᠷᠢᠭ ᠢᠶᠠᠷ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠠᠷᠠᠳ ᠲᠦᠮᠡᠨ ᠤ ᠢᠯᠡᠳᠬᠡᠭᠰᠡᠨ ᠬᠦᠰᠡᠯ ᠰᠠᠨᠠᠭ᠎ᠠ᠂ ᠡᠭᠦᠳᠦᠭᠰᠡᠨ ᠲᠤᠷᠰᠢᠯᠭ᠎ᠠ᠂ ᠡᠳ᠋ᠯᠡᠵᠦ ᠪᠠᠶᠢᠭ᠎ᠠ ᠡᠷᠬᠡ᠂ ᠪᠠᠳᠠᠷᠠᠭᠤᠯᠵᠤ ᠪᠠᠶᠢᠭ᠎ᠠ ᠦᠢᠯᠡᠳᠦᠯ ᠢ ᠭᠦᠢᠴᠡᠳ ᠭᠦᠨᠳᠦᠳᠭᠡᠵᠦ᠂ ᠪᠦᠭᠦ ᠨᠡᠶᠢᠭᠡᠮ ᠤᠨ ᠦᠢᠯᠡᠰ ᠪᠣᠰᠬᠠᠵᠤ  ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠤᠷᠮ᠎ᠠ ᠰᠡᠳᠬᠢᠯᠭᠡ ᠪᠣᠯᠣᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠴᠢᠳᠠᠮᠠᠭᠠᠢ ᠠᠵᠢᠯᠯᠠᠨ ᠴᠢᠳᠠᠮᠠᠭᠠᠢ ᠪᠦᠲᠦᠭᠡᠵᠦ᠂ ᠬᠦᠴᠢᠷ ᠪᠡᠷᠬᠡᠰᠢᠶᠡᠯ ᠢ ᠨᠢᠭᠡᠳ ᠨᠢᠭᠡ ᠪᠠᠷ ᠴᠢᠷᠮᠠᠶᠢᠨ ᠢᠯᠡᠨ ᠳᠠᠪᠠᠵᠤ᠂ ᠪᠣᠳᠠᠲᠠᠢ ᠶᠠᠪᠤᠳᠠᠯ ᠢ ᠨᠢᠭᠡᠳ ᠨᠢᠭᠡ ᠪᠠᠷ ᠰᠠᠶᠢᠲᠤᠷ ᠬᠢᠵᠦ᠂ ᠡᠭᠦᠷᠭᠡ ᠶᠢ ᠨᠢᠭᠡᠳ ᠨᠢᠭᠡ ᠪᠠᠷ ᠪᠡᠶᠡᠯᠡᠭᠦᠯᠦᠨ᠂ ᠪᠦᠯᠬᠦᠮᠳᠡᠨ ᠲᠡᠮᠡᠴᠡᠬᠦ ᠳᠤᠮᠳᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠬᠦ ᠬᠡᠷᠡᠭᠲᠡᠢ ᠭᠡᠵᠡᠢ᠃

ᠵᠤᠤ ᠯᠧ ᠵᠢᠢ᠂ ᠪᠦᠯᠬᠦᠮᠳᠡᠨ ᠲᠡᠮᠡᠴᠡᠬᠦ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡ ᠶᠢᠨ ᠠᠭᠤᠤ ᠦᠢᠯᠡᠰ ᠢ ᠡᠭᠦᠳᠦᠨ ᠪᠦᠲᠦᠭᠡᠬᠦ ᠳᠤ ᠵᠠᠪᠠᠯ ᠶᠠᠪᠤᠬᠤ ᠵᠠᠮ ᠮᠥᠨ᠃ ᠪᠢᠳᠡ ᠪᠦᠭᠦᠳᠡᠭᠡᠷ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠴᠦ᠂ ᠡᠷᠡᠯᠬᠡᠭᠯᠡᠨ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ ᠭᠡᠵᠦ ᠵᠢᠭᠠᠵᠤ ᠭᠠᠷᠭᠠᠪᠠ᠃

ᠦᠳᠡ ᠶᠢᠨ ᠬᠤᠶᠢᠨᠠᠬᠢ 3 ᠴᠠᠭ 31 ᠮᠢᠨᠦ᠋ᠲ ᠲᠤ᠂ ᠵᠤᠤ ᠯᠧ ᠵᠢᠢ ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠲᠡᠭᠦᠰᠪᠡ ᠭᠡᠵᠦ ᠨᠡᠶᠢᠲᠡᠯᠡᠵᠡᠢ᠃ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶ᠎ᠠ ᠳᠤᠮᠳᠠ ᠥᠨᠳᠥᠷᠯᠡᠪᠡ᠃

ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ ᠄  ᠮᠠ ᠰᠢᠩ ᠷᠦᠢ᠂ ᠸᠠᠩ ᠢ᠂ ᠶᠢᠨ ᠯᠢ᠂ ᠱᠢ ᠲᠠᠢ ᠹᠧᠩ᠂ ᠯᠢᠦ ᠭᠦᠸᠧ ᠵᠥᠩ᠂ ᠯᠢ ᠭᠠᠨ ᠵᠢᠶᠧ᠂ ᠯᠢ ᠱᠣ᠋ ᠯᠧᠢ᠂ ᠾᠧ ᠸᠧᠢ ᠳ᠋ᠦᠩ᠂ ᠾᠧ ᠯᠢ ᠹᠧᠩ᠂ ᠵᠠᠩ ᠶᠢᠣ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ  ᠶᠢᠨ ᠭᠦᠸᠧ᠂ ᠸᠠᠩ ᠰᠢᠶᠣᠣ ᠬᠤᠩ᠂ ᠦ᠋ ᠵᠧᠩ ᠯᠦᠩ᠂ ᠱᠧᠨ ᠢ ᠴᠢᠨ᠂ ᠵᠠᠩ ᠵᠢᠶᠦ᠋ᠨ᠂ ᠶᠢᠩ ᠶᠦᠩ᠂ ᠬᠤ᠋ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠫᠠᠪᠠᠯᠠ · ᠭᠧᠯᠸᠭᠨᠡᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠦ᠋ ᠡᠾᠦ᠋ᠢ᠂ ᠱᠣᠸ ᠬᠤᠩ᠂ ᠴᠧᠨ ᠦ᠋᠂ ᠮᠦ ᠬᠤᠩ᠂ ᠰᠢᠶᠠᠨ ᠡᠾᠦ᠋ᠢ᠂ ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ ᠶᠦᠩ ᠰᠢᠨ᠂ ᠶᠠᠩ ᠵᠧᠨ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠨᠠᠷ ᠪᠤᠢ᠃

ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠢᠯᠦᠭᠡᠯᠡᠬᠦ ᠴᠡᠷᠢᠭ ᠤᠨ ᠬᠤᠯᠪᠣᠭᠳᠠᠯ ᠪᠦᠬᠦᠢ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠡᠯ᠎ᠡ ᠠᠷᠠᠳ ᠤᠨ ᠪᠦᠯᠭᠦᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠬᠰᠠᠨ ᠪᠤᠶᠤ ᠶᠡᠭᠡ ᠬᠤᠷᠠᠯ ᠢ ᠰᠤᠯᠠ ᠰᠣᠨᠣᠰᠴᠠᠢ᠃

ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠨᠠᠷ ᠶᠡᠭᠡ ᠬᠤᠷᠠᠯ ᠢ ᠰᠤᠯᠠ ᠰᠣᠨᠣᠰᠪᠠ᠃

 

 


   :                    
   :           
备案序号:蒙ICP备05003250号 公安备案15010502000173