ᠵᠤᠬᠢᠶᠠᠭᠴᠢ:
ᠴᠠᠭ:2024-04-25
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ︽ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ + ᠠᠵᠢᠯ ᠤᠨ ᠲᠥᠰᠥᠯ︾ ᠨᠢ ᠮᠠᠨ ᠤ ᠣᠷᠣᠨ ᠤ ᠡᠪᠡᠰᠦᠨ ᠤ ᠠᠵᠤ ᠦᠢᠯᠡᠰ ᠤᠨ ᠪᠥᠬᠦ ᠤᠯᠤᠰ ᠲᠤ ᠲᠡᠷᠢᠭᠦᠯᠡᠬᠦ ᠶᠢ ᠦᠷᠭᠦᠯᠵᠢᠯᠡᠨ ᠪᠠᠲᠤᠯᠠᠵᠤ ᠪᠣᠢ
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠬᠤᠷᠠᠯ ᠳᠤ ᠳᠤᠷᠠᠳᠤᠭᠰᠠᠨ《ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ》 ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠬᠥᠭᠵᠢᠭᠡᠵᠦ᠂ ᠮᠠᠨ ᠤ ᠣᠷᠣᠨ ᠤ ᠡᠪᠡᠰᠦᠨ ᠤ ᠠᠵᠤ ᠦᠢᠯᠡᠰ ᠤᠨ ᠪᠥᠬᠦ ᠤᠯᠤᠰ ᠤᠨ ᠳᠠᠭᠠᠭᠤᠯᠤᠭᠴᠢ ᠪᠣᠯᠬᠤ ᠳᠠᠪᠠᠭᠤᠯᠢᠭ ᠢ ᠦᠷᠭᠦᠯᠵᠢᠯᠡᠨ ᠪᠠᠲᠤᠯᠠᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠲᠠᠢ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ》 ᠶᠢ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠠᠢ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠡᠪᠡᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠲᠥᠰᠥᠯ》 ᠢ ᠳᠠᠷᠤᠮᠠᠯᠯᠠᠨ ᠲᠠᠷᠬᠠᠭᠠᠪᠠ᠃
《ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ》 ᠳᠤ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠬᠤ᠂ ᠡᠭᠦᠯᠳᠡᠷ ᠪᠣᠶᠢᠵᠢᠭᠤᠯᠬᠤ ᠶᠢ ᠨᠡᠭᠡᠭᠡᠨ ᠬᠥᠭᠵᠢᠭᠦᠯᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠳᠡᠮᠵᠢᠬᠦ᠂ ᠡᠪᠡᠰᠦ ᠪᠣᠷᠳᠤᠭ᠎ᠠ ᠦᠢᠯᠡᠳᠪᠦᠷᠢᠯᠡᠬᠦ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠬᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠬᠦ᠂ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠬᠦ ᠵᠡᠷᠭᠡ ᠲᠠᠯ᠎ᠠ ᠪᠠᠷ᠂ 11 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠬᠤᠷᠠᠮᠠᠯ ᠦᠢᠯᠡᠳᠦᠯ ᠢ ᠭᠦᠢᠴᠡᠳ ᠪᠠᠳᠠᠷᠠᠭᠤᠯᠤᠨ᠂ ᠡᠪᠡᠰᠦᠨ ᠤ ᠠᠵᠤ ᠦᠢᠯᠡᠰ ᠤᠨ ᠠᠵᠤ ᠠᠬᠤᠶᠢᠯᠠᠯ ᠢ ᠰᠠᠶᠢᠨ ᠰᠠᠶᠢᠬᠠᠨ ᠠᠵᠤ ᠦᠢᠯᠡᠰ ᠤᠨ ᠣᠷᠴᠢᠨ ᠨᠥᠬᠦᠴᠡᠯ ᠳᠤ ᠬᠥᠭᠵᠢᠭᠦᠯᠵᠦ᠂ ᠰᠢᠨ᠎ᠡ ᠵᠠᠮ ᠨᠡᠭᠡᠭᠡᠨ᠂ ᠰᠢᠨ᠎ᠡ ᠭᠠᠪᠢᠶ᠎ᠠ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠦᠨᠡᠨ ᠬᠦ ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠲᠥᠷᠥ ᠶᠢᠨ ᠪᠣᠳᠣᠯᠭ᠎ᠠ ᠶᠢ ᠵᠢᠩᠬᠢᠨᠢ ᠨᠠᠶᠢᠳᠠᠪᠤᠷᠢᠵᠢᠭᠤᠯᠪᠠ᠃
《ᠠᠵᠢᠯ ᠤᠨ ᠲᠥᠰᠥᠯ》 ᠳᠤ 2024 ᠣᠨ ᠤ ᠪᠦᠬᠦ ᠣᠷᠣᠨ ᠤ ᠡᠪᠡᠰᠦᠨ ᠤ ᠦᠢᠯᠡᠰ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ᠂ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠵᠤ᠂ ᠡᠪᠡᠰᠦᠨ ᠤ ᠦᠢᠯᠡᠰ ᠤᠨ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ 5 ᠵᠦᠢᠯ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ 3 ᠵᠦᠢᠯ ᠢ ᠲᠣᠭᠲᠠᠭᠠᠵᠤ᠂ ᠡᠪᠡᠰᠦ ᠪᠣᠷᠳᠣᠭᠠᠨ ᠤ ᠬᠠᠩᠭᠠᠯᠭ᠎ᠠ ᠶᠢᠨ ᠠᠮᠤᠷ ᠲᠦᠪᠰᠢᠨ ᠢ ᠪᠠᠲᠤᠯᠠᠬᠤ᠂ ᠡᠪᠡᠰᠦ ᠪᠣᠷᠳᠣᠭᠠᠨ ᠤ ᠬᠠᠩᠭᠠᠯᠭ᠎ᠠ ᠶᠢᠨ ᠲᠦᠪᠰᠢᠨ ᠢ ᠳᠡᠭᠡᠭᠰᠢᠯᠡᠭᠦᠯᠬᠦ᠂ ᠰᠠᠶᠢᠨ ᠡᠭᠦᠯᠳᠡᠷ ᠤᠨ ᠬᠠᠩᠭᠠᠯᠭ᠎ᠠ ᠶᠢ ᠪᠠᠲᠤᠯᠠᠬᠤ᠂ ᠳᠤᠲᠠᠭᠳᠠᠯ ᠪᠠᠭᠤᠷᠠᠢ ᠵᠦᠢᠯ ᠢ ᠲᠦᠷᠭᠡᠨ ᠨᠥᠬᠦᠪᠦᠷᠢᠯᠡᠬᠦ᠂ ᠣᠷᠣᠨ ᠤ ᠭᠠᠳᠠᠨᠠᠬᠢ ᠵᠠᠬ᠎ᠠ ᠳᠡᠯᠭᠡᠭᠦᠷ ᠢ ᠳᠠᠰᠤᠷᠠᠯᠳᠠ ᠦᠭᠡᠢ ᠨᠡᠭᠡᠭᠡᠬᠦ ᠵᠡᠷᠭᠡ ᠲᠠᠯ᠎ᠠ ᠪᠠᠷ 2024 ᠣᠨ ᠤ ᠡᠪᠡᠰᠦᠨ ᠤ ᠠᠵᠤ ᠦᠢᠯᠡᠰ ᠤᠨ ᠬᠥᠭᠵᠢᠯᠲᠡ ᠶᠢᠨ ᠡᠭᠦᠷᠭᠡ ᠶᠢ ᠪᠠᠶᠢᠷᠢᠯᠠᠭᠤᠯᠪᠠ᠃ ᠬᠦᠴᠢᠷ ᠠᠰᠠᠭᠤᠳᠠᠯ ᠢ ᠰᠢᠢᠳᠪᠦᠷᠢᠯᠡᠵᠦ᠂ ᠳᠤᠲᠠᠭᠳᠠᠯ ᠢ ᠨᠥᠬᠦᠪᠦᠷᠢᠯᠡᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠲᠦᠭᠰᠢᠭᠦᠷᠢ ᠶᠢ ᠬᠤᠷᠢᠭᠯᠠᠵᠤ᠂ ᠡᠯ᠎ᠡ ᠭᠠᠵᠠᠷ ᠢ ᠰᠢᠮᠳᠠᠭᠤᠯᠤᠨ ᠦᠢᠯᠡᠴᠢᠯᠡᠭᠡᠨ ᠤ ᠤᠬᠠᠮᠰᠠᠷ ᠢ ᠨᠢ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠮᠠᠨ ᠤ ᠣᠷᠣᠨ ᠤ ᠡᠪᠡᠰᠦᠨ ᠤ ᠠᠵᠤ ᠦᠢᠯᠡᠰ ᠤᠨ 2024 ᠣᠨ ᠳᠠᠬᠢ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠪᠡ᠃
ᠤᠢ ᠰᠢᠭᠤᠢ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ 2023 ᠣᠨ ᠳᠤ ᠪᠦᠬᠦ ᠣᠷᠣᠨ ᠤ ᠡᠯ᠎ᠡ ᠲᠦᠷᠦᠯ ᠤᠨ ᠡᠪᠡᠰᠦ ᠪᠣᠷᠳᠣᠭᠠᠨ ᠤ ᠭᠠᠷᠤᠯᠲᠠ 7543 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.4% ᠪᠠᠷ ᠨᠡᠮᠡᠭᠳᠡᠵᠦ᠂ ᠪᠦᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠦᠷᠳᠡᠭ 802.1 ᠳ᠋ᠦᠩᠰᠢᠭᠤᠷ ᠲᠥᠭᠦᠷᠢᠭ ᠲᠤ ᠬᠦᠷᠴᠦ᠂ ᠡᠪᠡᠰᠦ ᠪᠣᠷᠳᠣᠭᠠᠨ ᠤ ᠭᠠᠷᠤᠯᠲᠠ ᠬᠢᠭᠡᠳ ᠦᠢᠯᠡᠳᠬᠦᠨ ᠤ ᠦᠷᠳᠡᠭ ᠴᠥᠮ ᠪᠦᠬᠦ ᠤᠯᠤᠰ ᠤᠨ ᠲᠡᠷᠢᠭᠦᠨ ᠳᠤ ᠣᠷᠣᠪᠠ᠃ ᠪᠥᠬᠦ ᠣᠷᠣᠨ ᠤ 1.4 ᠳ᠋ᠦᠩᠰᠢᠭᠤᠷ ᠮᠠᠯ ᠤᠨ 《ᠬᠤᠭᠤᠯᠠᠨ ᠤ ᠠᠰᠠᠭᠤᠳᠠᠯ》 ᠢ ᠪᠦᠲᠦᠮᠵᠢᠲᠡᠶ ᠪᠠᠲᠤᠯᠠᠵᠤ᠂ ᠰᠦ᠂ ᠦᠬᠡᠷ᠂ ᠬᠤᠨᠢ᠂ ᠨᠣᠣᠯᠣᠭᠤᠷ ᠵᠡᠷᠭᠡ 4 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ 5000 ᠳ᠋ᠦᠩᠰᠢᠭᠤᠷ ᠰᠢᠬᠠᠮ ᠲᠥᠭᠦᠷᠢᠭ ᠤᠨ ᠦᠢᠯᠡᠳᠬᠦᠨ ᠤ ᠥᠷᠲᠡᠭ ᠢ ᠲᠤᠰᠠᠯᠠᠪᠠ᠃