ᠵᠤᠬᠢᠶᠠᠭᠴᠢ: ᠴᠠᠭ:2024-05-10 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
ᠣᠷᠳᠣᠰ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠴᠢᠳᠠᠯ ᠣᠯᠭᠤᠵᠤ ᠬᠤᠵᠢᠷᠯᠢᠭ ᠭᠠᠵᠠᠷ ᠢ ᠥᠭᠡᠷᠡᠴᠢᠯᠡᠨ ᠰᠠᠶᠢᠵᠢᠷᠠᠭᠤᠯᠪᠠ

 

ᠰᠤᠷᠪᠤᠯᠵᠢᠯᠠᠬᠴᠢ ᠳᠠᠯᠠᠳ ᠬᠤᠰᠢᠭᠤᠨ ᠤ ᠸᠠᠩ ᠤᠨ ᠵᠤᠤ ᠪᠠᠯᠭᠠᠰᠤ ᠶᠢᠨ ᠰᠢ ᠱᠾᠢ ᠼᠦᠨ ᠲᠣᠰᠬᠤᠨ ᠤ ᠬᠤᠵᠢᠷᠯᠢᠭ ᠭᠠᠵᠠᠷ ᠲᠤ ᠬᠦᠷᠬᠦ ᠳᠤ᠂ ᠬᠥᠮᠥᠰ ᠲᠠᠷᠢᠶᠠᠨ ᠭᠠᠵᠠᠷ ᠲᠤ ᠶᠠᠭᠠᠷᠠᠯᠲᠠᠢ ᠠᠵᠢᠯᠯᠠᠵᠤ᠂ ᠪᠣᠷᠳᠣᠭᠤᠷ ᠵᠥᠭᠡᠭᠡᠪᠦᠷᠢᠯᠡᠬᠦ ᠮᠠᠰᠢᠨ᠂ ᠰᠠᠴᠤᠬᠤ ᠮᠠᠰᠢᠨ ᠵᠡᠷᠭᠡ ᠡᠯ᠎ᠡ ᠵᠦᠢᠯ ᠤᠨ ᠲᠣᠮᠣ ᠭᠡᠯᠪᠡᠷᠢ ᠶᠢᠨ ᠮᠠᠰᠢᠨ ᠮᠧᠬᠠᠨᠢᠭ ᠠᠮᠠᠷᠠᠯ ᠦᠭᠡᠢ ᠠᠵᠢᠯᠯᠠᠵᠤ᠂ ᠬᠥᠷᠥᠰᠥ ᠶᠢ ᠰᠤᠯᠠᠷᠠᠭᠤᠯᠵᠤ᠂ ᠰᠢᠮ᠎ᠡ ᠲᠡᠵᠢᠭᠡᠯ ᠨᠥᠬᠦᠪᠦᠷᠢᠯᠡᠨ᠎ᠡ᠃

ᠳᠠᠯᠠᠳ ᠬᠤᠰᠢᠭᠤ ᠨᠡᠶᠢᠲᠡᠯᠢᠭ ᠴᠢᠨᠠᠷ ᠢᠶᠠᠷ ᠴᠢᠩᠭ᠎ᠠ᠂ ᠲᠠᠷᠢᠶᠠᠴᠢᠳ ᠤᠨ ᠲᠠᠷᠢᠶᠠᠯᠠᠬᠤ ᠢᠳᠡᠪᠬᠢᠵᠢᠯ ᠢᠶᠠᠷ ᠥᠨᠳᠥᠷ ᠭᠠᠵᠠᠷ ᠢ ᠨᠠᠷᠢᠯᠢᠭ ᠰᠣᠩᠭᠤᠵᠤ᠂ ᠬᠤᠵᠢᠷᠰᠢᠭᠰᠠᠨ ᠲᠠᠷᠢᠶᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠵᠢᠱᠢᠶ᠎ᠡ ᠦᠵᠡᠭᠦᠯᠭᠦ ᠠᠵᠢᠯ ᠢ ᠥᠷᠨᠢᠭᠦᠯᠵᠡᠢ᠃ ᠣᠷᠣᠨ ᠪᠠ ᠲᠥᠷᠥᠯ ᠬᠤᠪᠢᠶᠠᠨ ᠵᠠᠰᠠᠬᠤ ᠰᠡᠳᠬᠢᠴᠡ ᠪᠠᠷ ᠡᠮᠦᠨᠡᠬᠢ ᠬᠤᠭᠤᠴᠠᠭᠠᠨ ᠳᠤ ᠪᠤᠶ ᠪᠣᠯᠤᠭᠰᠠᠨ 《ᠢᠯᠵᠢᠷᠡᠭᠦᠯᠵᠦ ᠪᠣᠯᠪᠠᠰᠤᠷᠠᠭᠤᠯᠤᠭᠰᠠᠨ ᠲᠠᠷᠢᠶᠠᠯᠠᠬᠤ ᠠᠶᠢᠯ ᠤᠨ ᠪᠣᠷᠳᠣᠭᠤᠷ + ᠢᠯᠵᠢᠮᠡᠭ ᠤᠨ ᠬᠦᠴᠢᠯ + ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ + ᠭᠦᠨ ᠰᠤᠯᠠᠷᠠᠭᠤᠯᠬᠤ︵ᠨᠠᠷᠢᠨ ᠳᠠᠯᠠᠩ︶》ᠮᠡᠷᠭᠡᠵᠢᠯ ᠤᠨ ᠵᠠᠭᠪᠤᠷ ᠲᠠᠢ ᠤᠶᠠᠯᠳᠤᠭᠤᠯᠤᠨ᠂ ᠣᠷᠣᠨ ᠪᠦᠰᠡ ᠶᠢᠨ ᠬᠥᠷᠥᠰᠥ ᠰᠢᠷᠣᠢ ᠶᠢᠨ ᠰᠢᠨᠵᠢ ᠪᠠᠶᠢᠳᠠᠯ᠂ ᠬᠤᠵᠢᠷᠰᠢᠭᠰᠠᠨ ᠬᠡᠮᠵᠢᠶ᠎ᠡ᠂ ᠳᠠᠷᠢᠬᠤ ᠳᠦᠷᠢᠮ᠂ ᠤᠰᠤᠯᠠᠬᠤ ᠳᠦᠷᠢᠮ ᠪᠠ ᠪᠣᠷᠳᠣᠭᠤᠷ ᠣᠷᠣᠭᠤᠯᠬᠤ ᠳᠦᠷᠢᠮ ᠵᠢᠴᠢ ᠮᠠᠯᠴᠢᠨ ᠲᠠᠷᠢᠶᠠᠴᠢᠨ ᠤ ᠬᠦᠰᠡᠯ ᠱᠠᠭᠠᠷᠳᠠᠯᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠳᠡᠭᠡᠷᠡᠬᠢ 4 ᠵᠦᠢᠯ ᠤᠨ ᠥᠭᠡᠷᠡᠴᠢᠯᠡᠨ ᠰᠠᠶᠢᠵᠢᠷᠠᠭᠤᠯᠬᠤ ᠮᠡᠷᠭᠡᠵᠢᠯ ᠤᠨ ᠰᠠᠭᠤᠷᠢᠨ ᠳᠡᠭᠡᠷ᠎ᠡ᠂ ᠬᠡᠷᠡᠭᠯᠡᠬᠦ ᠥᠭᠡᠷᠡᠴᠢᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤ ᠵᠣᠬᠢᠰᠲᠠᠢ ᠲᠣᠬᠢᠷᠠᠭᠤᠯᠤᠯᠲᠠ ᠬᠢᠪᠡ᠃ ᠬᠤᠵᠢᠷᠰᠢᠭᠰᠠᠨ ᠬᠡᠮᠵᠢᠶ᠎ᠡ ᠨᠢ ᠬᠥᠩᠭᠡᠨ ᠪᠠᠶᠢᠬᠤ ᠬᠤᠵᠢᠷᠯᠢᠭ ᠭᠠᠵᠠᠷ ᠲᠤ ᠴᠢᠭᠯᠡᠭᠦᠯᠦᠨ᠂ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ ᠪᠠᠭᠠᠰᠬᠠᠬᠤ᠂ ᠠᠮᠢᠳᠤ ᠪᠣᠳᠠᠰ ᠢ ᠴᠢᠩᠭᠠᠷᠠᠭᠤᠯᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠮᠡᠷᠭᠡᠵᠢᠯ ᠢ ᠬᠡᠷᠡᠭᠯᠡᠨ ᠥᠭᠡᠷᠡᠴᠢᠯᠡᠨ ᠰᠠᠶᠢᠵᠢᠷᠠᠭᠤᠯᠪᠠ︔ ᠬᠤᠵᠢᠷᠰᠢᠬᠰᠠᠨ ᠬᠡᠮᠵᠢᠶ᠎ᠡ ᠨᠢ ᠳᠤᠮᠳᠠ ᠵᠡᠷᠭᠡ ᠶᠢᠨ ᠬᠤᠵᠢᠷᠯᠢᠭ ᠭᠠᠵᠠᠷ ᠲᠤ ᠴᠢᠭᠯᠡᠭᠦᠯᠦᠨ᠂ ᠲᠠᠷᠢᠶᠠᠯᠠᠬᠤ ᠳᠠᠪᠤᠰᠤ ᠶᠢ ᠬᠢᠵᠠᠭᠠᠷᠯᠠᠬᠤ᠂ ᠣᠷᠭᠠᠨᠢᠭ ᠪᠣᠷᠳᠣᠭᠤᠷ ᠨᠡᠮᠡᠬᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠶᠢ ᠵᠣᠬᠢᠴᠠᠭᠤᠯᠵᠤ ᠲᠦᠷᠭᠡᠨ ᠪᠣᠷᠳᠣᠭᠤᠷ ᠣᠷᠣᠭᠤᠯᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠢ ᠬᠡᠷᠡᠭᠯᠡᠨ ᠥᠭᠡᠷᠡᠴᠢᠯᠡᠨ ᠰᠠᠶᠢᠵᠢᠷᠠᠭᠤᠯᠪᠠ︔ ᠬᠤᠵᠢᠷᠰᠢᠭᠰᠠᠨ ᠬᠡᠮᠵᠢᠶ᠎ᠡ ᠪᠠᠷ ᠬᠦᠨᠳᠦ ᠬᠤᠵᠢᠷᠯᠢᠭ ᠭᠠᠵᠠᠷ ᠲᠤ ᠴᠢᠭᠯᠡᠭᠦᠯᠦᠨ᠂ ᠳᠤᠰᠤᠯᠭᠠᠨ ᠤᠰᠤᠯᠠᠵᠤ ᠤᠰᠤ ᠠᠷᠪᠢᠯᠠᠨ ᠳᠠᠪᠤᠰᠤ ᠶᠢ ᠬᠢᠵᠠᠭᠠᠷᠯᠠᠬᠤ ᠪᠠ ᠤᠰᠤᠨ ᠳᠤ ᠠᠭᠤᠰᠬᠠᠭᠰᠠᠨ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠰᠠᠶᠢᠵᠢᠷᠠᠭᠤᠯᠬᠤ ᠮᠡᠷᠭᠡᠵᠢᠯ ᠢ ᠬᠡᠷᠡᠭᠯᠡᠨ ᠥᠭᠡᠷᠡᠴᠢᠯᠡᠨ ᠰᠠᠶᠢᠵᠢᠷᠠᠭᠤᠯᠵᠤ᠂ ᠲᠠᠷᠢᠶᠠᠯᠠᠩ ᠤᠨ ᠤᠨᠠᠯᠲᠠ ᠶᠢ ᠨᠡᠮᠡᠭᠳᠡᠭᠦᠯᠵᠦ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠪᠠ᠃

《ᠡᠳᠡᠭᠡᠷ ᠰᠢᠨ᠎ᠡ ᠮᠡᠷᠭᠡᠵᠢᠯ ᠢ ᠬᠡᠷᠡᠭᠯᠡᠬᠦ ᠠᠴᠠ ᠡᠮᠦᠨ᠎ᠡ᠂ ᠮᠠᠨ ᠤ ᠠᠳᠡᠬᠢ ᠮᠠᠯᠴᠢᠨ ᠲᠠᠷᠢᠶᠠᠴᠢᠨ ᠤ ᠬᠤᠵᠢᠷᠯᠢᠭ ᠭᠠᠵᠠᠷ ᠲᠤ ᠲᠠᠷᠢᠶ᠎ᠠ ᠲᠠᠷᠢᠬᠤ ᠢᠳᠡᠪᠬᠢᠵᠢᠯ ᠥᠨᠳᠥᠷ ᠪᠢᠰᠢ᠂ ᠢᠯᠠᠩᠭᠤᠶ᠎ᠠ ᠴᠢᠬᠢ ᠤᠷᠭᠤᠬᠤ ᠳᠤ ᠬᠦᠴᠢᠷ ᠵᠡᠷᠭᠡ ᠪᠠᠶᠢᠳᠠᠯ ᠳᠤ ᠲᠤᠯᠭᠠᠷᠠᠪᠠᠯ ᠰᠢᠭᠤᠳ ᠯᠡ ᠲᠠᠷᠢᠬᠤ ᠪᠠᠨ ᠪᠣᠯᠢᠴᠢᠬᠠᠨ᠎ᠠ》᠃ ᠸᠠᠩ ᠤᠨ ᠵᠤᠤ ᠪᠠᠯᠭᠠᠰᠤᠨ ᠤ ᠰᠢ ᠱᠾᠢ ᠼᠦᠨ ᠲᠤᠰᠬᠤᠨ ᠤ ᠲᠠᠷᠢᠮᠠᠯ ᠤᠨ ᠲᠣᠮᠣ ᠡᠷᠦᠭᠡ ᠰᠦᠨ ᠲᠤᠤ᠂ 《ᠣᠶᠢᠷ᠎ᠠ ᠶᠢᠨ ᠵᠢᠯ ᠠᠴᠠ ᠳᠠᠯᠠᠳ ᠬᠤᠰᠢᠭᠤ ᠮᠠᠰᠢ ᠤᠯᠠᠠ ᠬᠤᠵᠢᠷᠰᠢᠭᠰᠠᠨ ᠲᠠᠷᠢᠶᠠᠨ ᠭᠠᠵᠠᠷ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠭᠦ ᠲᠦᠷᠦᠯ ᠵᠦᠢᠯ ᠢ ᠬᠡᠷᠡᠭᠵᠢᠭᠦᠯᠵᠦ᠂ ᠲᠡᠳᠡᠭᠡᠷ ᠲᠦᠷᠦᠯ ᠵᠦᠢᠯ ᠤᠨ ᠠᠪᠴᠢᠷᠠᠭᠰᠠᠨ ᠰᠠᠶᠢᠨ ᠲᠠᠢ ᠲᠠᠯ᠎ᠠ ᠶᠢ ᠬᠠᠷᠠᠭᠠᠳ ᠪᠢᠲᠠ ᠪᠦᠷ ᠪᠠᠭ᠋ᠠᠷᠬᠠᠵᠤ ᠪᠠᠶᠢᠨ᠎ᠠ᠂ ᠡᠨᠡ ᠵᠢᠯ ᠮᠠᠨ ᠤ ᠳᠠᠭᠠᠭᠠᠴᠢᠯᠠᠭᠰᠠᠨ ᠭᠠᠵᠠᠷ ᠰᠢᠷᠣᠢ ᠪᠠᠰᠠ ᠡᠲᠡᠭᠡᠷ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ ᠬᠡᠷᠡᠭᠯᠡᠵᠦ᠂ ᠵᠠᠰᠠᠭ ᠤᠨ ᠣᠷᠳᠣᠨ ᠠᠴᠠ ᠪᠠᠰᠠ ᠨᠢᠭᠡ ᠪᠦᠯᠦᠭ ᠵᠣᠭᠤᠰ ᠨᠥᠬᠦᠪᠦᠷᠢᠯᠡᠵᠦ᠂ ᠮᠠᠨ ᠤ ᠲᠠᠷᠢᠶ᠎ᠠ ᠲᠠᠷᠢᠬᠤ ᠢᠳᠡᠪᠬᠢᠵᠢᠯ ᠪᠦᠷ ᠮᠠᠰᠢ ᠥᠨᠳᠥᠷ ᠪᠠᠶᠢᠨ᠎ᠠ᠂ ᠡᠯᠪᠡᠭ ᠬᠤᠷᠢᠶᠠᠯᠲᠠ ᠲᠠᠢ ᠵᠢᠯ ᠪᠤᠯᠬᠤ ᠶᠢ ᠬᠦᠰᠡᠵᠦ ᠪᠠᠶᠢᠨ᠎ᠠ》ᠭᠡᠪᠡ᠃

ᠣᠶᠢᠷ᠎ᠠ ᠶᠢᠨ ᠵᠢᠯ ᠤᠨ ᠲᠤᠷᠰᠢ᠂ ᠣᠷᠳᠣᠰ ᠬᠤᠲᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 《ᠬᠤᠲᠠ ᠶᠢᠨ ᠱᠠᠲᠤ ᠲᠦᠷᠦᠭᠦᠯᠡᠨ ᠬᠢᠵᠦ᠂ ᠬᠤᠰᠢᠭᠤ ᠲᠣᠭᠤᠷᠢᠭ ᠬᠠᠮᠵᠢᠯᠴᠠᠬᠤ》ᠰᠢᠨ᠎ᠡ ᠵᠠᠭᠪᠤᠷ ᠢ ᠪᠠᠶᠢᠭᠤᠯᠵᠤ᠂ ᠣᠯᠠᠨ ᠲᠠᠯ᠎ᠠ ᠪᠠᠷ ᠣᠷᠣᠯᠴᠠᠵᠤ᠂ ᠳᠡᠭᠡᠳᠦ ᠳᠣᠣᠷᠠᠳᠤ ᠱᠠᠲᠤ ᠪᠠᠷ  ᠢᠶᠠᠨ ᠬᠤᠯᠪᠤᠭᠠᠯᠠᠨ ᠬᠥᠳᠡᠯᠦᠯᠴᠡᠭᠰᠡᠨ ᠠᠵᠢᠯ ᠤᠨ ᠲᠣᠭᠲᠠᠴᠠ ᠪᠠ ᠣᠯᠠᠨ ᠱᠠᠲᠤᠨ ᠤ ᠮᠠᠯ ᠠᠵᠤ ᠠᠬᠤᠢ ᠲᠠᠷᠢᠶᠠᠯᠠᠩ ᠤᠨ ᠰᠠᠯᠠᠭ᠎ᠠ ᠮᠥᠴᠢᠷ᠂ ᠠᠳᠠᠯᠢ ᠪᠤᠰᠤ ᠠᠵᠢᠯᠯᠠᠬᠤ ᠳᠤᠭᠤᠶᠢᠯᠠᠩ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠠᠶᠢᠭᠤᠯᠵᠤ᠂ ᠳᠡᠭᠡᠳᠦ ᠳᠠᠪᠬᠤᠷᠭ᠎ᠠ ᠬᠦᠴᠦᠯᠡᠬᠦ ᠪᠠ ᠳᠣᠣᠷᠠᠳᠤ ᠱᠠᠲᠤ ᠬᠦᠴᠦᠯᠡᠨ ᠣᠷᠭᠠᠨᠢᠭ ᠢᠶᠠᠷ ᠬᠤᠯᠪᠤᠭᠠᠯᠠᠨ ᠬᠥᠳᠡᠯᠦᠯᠴᠡᠭᠰᠡᠨ ᠠᠵᠢᠯ ᠤᠨ ᠠᠷᠭ᠎ᠠ ᠬᠡᠮᠵᠢᠶ᠎ᠡ ᠶᠢ ᠪᠣᠢ ᠪᠣᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠨᠢᠭᠡᠳᠦᠯᠲᠡᠢ ᠲᠥᠯᠦᠪᠵᠢᠭᠦᠯᠭᠡ ᠪᠦᠭᠦ ᠲᠠᠯ᠎ᠠ ᠶᠢᠨ ᠪᠤᠰᠤ᠂ ᠪᠡᠯᠡ ᠮᠥᠩᠭᠦ ᠶᠢ ᠴᠠᠭ ᠲᠤᠬᠠᠢ ᠳᠤᠨᠢ ᠣᠯᠭᠤᠬᠤ ᠦᠭᠡᠢ᠂ ᠮᠡᠷᠭᠡᠵᠢᠯ ᠤᠨ ᠠᠵᠢᠯᠲᠠᠨ ᠤ ᠬᠦᠴᠦᠨ ᠬᠦᠷᠦᠯᠴᠡᠬᠦ ᠦᠭᠡᠢ ᠪᠠᠶᠢᠬᠤ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠳᠡᠭᠡᠳᠦ ᠬᠡᠮᠵᠢᠶ᠎ᠡ ᠪᠠᠷ ᠠᠬᠢᠭᠤᠯᠵᠤ᠂ ᠤᠷᠢᠳ ᠢᠶᠠᠷ ᠲᠥᠯᠥᠪᠵᠢᠭᠦᠯᠬᠦ ᠶᠢ ᠪᠠᠷᠢᠮᠲᠠᠯᠠᠪᠠ᠃ 《ᠣᠷᠳᠣᠰ ᠬᠤᠲᠠ ᠶᠢᠨ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠥᠯᠦᠪᠵᠢᠭᠦᠯᠭᠡ ︵2024 – 2035 ᠣᠨ︶》 ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠣᠷᠳᠣᠰ ᠬᠤᠲᠠ 《ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠲᠤᠬᠠᠢ ᠣᠷᠳᠣᠰ ᠬᠤᠲᠠ ᠶᠢᠨ ᠬᠡᠷᠡᠭᠵᠢᠭᠦᠯᠬᠦ ᠲᠥᠰᠥᠯ》 ᠢ ᠴᠠᠭ ᠲᠤᠬᠠᠢ ᠳᠤᠨᠢ ᠰᠤᠳᠤᠯᠤᠨ ᠲᠣᠭᠲᠠᠭᠠᠵᠤ᠂ ᠠᠵᠢᠯ ᠤᠨ ᠰᠡᠳᠬᠢᠴᠡ᠂ ᠲᠥᠰᠥᠯ ᠠᠷᠭ᠎ᠠ ᠬᠡᠮᠵᠢᠶ᠎ᠡ᠂ ᠡᠭᠦᠷᠭᠡ ᠬᠠᠷᠠᠯᠲᠠ ᠪᠠᠨ ᠲᠣᠳᠣᠷᠬᠠᠶᠢᠯᠠᠵᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠪᠠ᠃ ᠡᠭᠦᠨ ᠤ ᠬᠠᠮᠲᠤ ᠠᠳᠠᠯᠢ ᠪᠤᠰᠤ ᠬᠤᠵᠢᠷᠰᠢᠭᠰᠠᠨ ᠲᠠᠷᠢᠶᠠᠨ ᠭᠠᠵᠠᠷ ᠤᠨ ᠲᠥᠷᠥᠯ ᠭᠡᠯᠪᠡᠷᠢ ᠪᠠ ᠣᠷᠭᠤᠬᠤ ᠭᠠᠵᠠᠷ ᠤᠨ ᠨᠥᠬᠦᠴᠡᠯ ᠠᠴᠠ ᠭᠠᠷᠳᠠᠵᠤ᠂ ᠪᠣᠷᠳᠣᠭᠤᠷ ᠨᠡᠮᠡᠬᠦ᠂ ᠤᠰᠤ ᠠᠷᠪᠢᠯᠠᠬᠤ᠂ ᠳᠠᠪᠤᠰᠤ ᠶᠢ ᠬᠢᠵᠠᠭᠠᠷᠯᠠᠬᠤ ᠪᠠ ᠡᠭᠦᠯᠳᠡᠷ ᠰᠣᠩᠭᠤᠨ ᠪᠣᠶᠢᠵᠢᠭᠤᠯᠬᠤ ᠵᠡᠷᠭᠡ ᠲᠠᠯ᠎ᠠ ᠶᠢᠨ ᠲᠣᠭᠤᠷᠢᠨ ᠳᠤ ᠮᠡᠷᠭᠡᠵᠢᠯ ᠤᠨ ᠪᠣᠭᠤᠮᠲᠠ ᠰᠢᠪᠲᠤᠯᠬᠤ ᠰᠤᠳᠤᠯᠭᠠᠨ ᠢ ᠥᠷᠨᠢᠭᠦᠯᠵᠦ᠂ ᠣᠷᠳᠣᠰ ᠬᠤᠲᠠ ᠶᠢᠨ ᠬᠥᠩᠭᠡᠨ ᠬᠡᠮᠵᠢᠶᠡᠨ ᠤ ᠬᠤᠵᠢᠷᠰᠢᠭᠰᠠᠨ ᠲᠠᠷᠢᠶᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ 《ᠬᠢᠮᠢ ᠶᠢᠨ ᠪᠣᠷᠳᠣᠭᠤᠷ ᠢ ᠪᠠᠭᠠᠰᠬᠠᠨ ᠬᠡᠷᠡᠭᠯᠡᠵᠦ ᠦᠷ᠎ᠡ ᠠᠰᠢᠭ ᠢ ᠨᠡᠮᠡᠭᠳᠡᠭᠦᠯᠬᠦ ᠪᠠ ᠠᠮᠢᠳᠤ ᠪᠣᠳᠠᠰ ᠢ ᠴᠢᠩᠭᠠᠷᠠᠭᠤᠯᠬᠤ》ᠮᠡᠷᠭᠡᠵᠢᠯ ᠤᠨ ᠵᠠᠭᠪᠤᠷ᠂ ᠣᠷᠳᠣᠰ ᠬᠤᠲᠠ ᠶᠢᠨ ᠳᠤᠮᠳᠠ ᠵᠡᠷᠭᠡ ᠶᠢᠨ ᠬᠤᠵᠢᠷᠰᠢᠭᠰᠠᠨ ᠲᠠᠷᠢᠶᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ《ᠳᠠᠪᠤᠰᠤ ᠶᠢ ᠬᠢᠵᠠᠭᠠᠷᠯᠠᠨ ᠪᠣᠷᠳᠣᠭᠤᠷ ᠨᠡᠮᠡᠬᠦ ᠪᠠ ᠤᠨᠠᠯᠲᠠ ᠶᠢ ᠨᠡᠮᠡᠭᠳᠡᠭᠦᠯᠵᠦ ᠦᠷ᠎ᠡ ᠠᠰᠢᠭ ᠢ ᠲᠡᠭᠡᠭᠰᠢᠯᠡᠭᠦᠯᠭᠦ》ᠮᠡᠷᠭᠡᠵᠢᠯ ᠤᠨ ᠵᠠᠭᠪᠤᠷ ᠵᠡᠷᠭᠡ 5 ᠢᠵᠢ ᠬᠤᠵᠢᠷᠯᠢᠭ ᠭᠠᠵᠠᠷ ᠢ ᠥᠭᠡᠷᠡᠴᠢᠯᠡᠨ ᠰᠠᠶᠢᠵᠢᠷᠠᠭᠤᠯᠵᠤ ᠠᠰᠢᠭᠯᠠᠬᠤ ᠮᠡᠷᠭᠡᠵᠢᠯ ᠤᠨ ᠵᠠᠭᠪᠤᠷ ᠢ ᠳ᠋ᠦᠩᠨᠡᠨ ᠭᠠᠷᠭᠠᠵᠤ᠂ 《ᠲᠠᠷᠢᠬᠤ ᠪᠠᠷ ᠭᠠᠵᠠᠷ ᠢ ᠲᠤᠷᠰᠢᠬᠤ》 ᠶᠢ 《ᠭᠠᠵᠠᠷ ᠢᠶᠠᠷ ᠲᠤᠷᠰᠢᠨ ᠲᠠᠷᠢᠬᠤ》 ᠲᠠᠢ ᠤᠶᠠᠯᠳᠤᠭᠤᠯᠬᠤ ᠶᠢ ᠠᠬᠢᠭᠤᠯᠬᠤ ᠶᠢᠨ ᠲᠥᠯᠥᠭᠡ᠂ ᠬᠤᠵᠢᠷ ᠲᠤ ᠳᠠᠭᠠᠭᠠᠮᠠᠭᠠᠢ ᠲᠠᠷᠢᠮᠠᠯ ᠤᠨ ᠦᠷ᠎ᠡ ᠡᠳ᠋ ᠤᠨ ᠡᠬᠢ ᠪᠠᠶᠠᠯᠢᠭ ᠤᠨ ᠰᠢᠨ᠎ᠡ ᠶᠢ ᠡᠭᠦᠳᠬᠦ ᠶᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠤᠵᠢᠷ ᠲᠤ ᠳᠠᠭᠠᠭᠠᠮᠠᠭᠠᠢ ᠲᠠᠷᠢᠮᠠᠯ ᠤᠨ ᠣᠶᠤᠨᠴᠢ ᠦᠷ᠎ᠡ ᠪᠣᠶᠢᠵᠢᠭᠤᠯᠬᠤ ᠲᠦᠷᠭᠡᠳᠬᠡᠭᠦᠷ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠶᠤᠨᠴᠢᠯᠠᠭᠰᠠᠨ ᠠᠷᠭ᠎ᠠ ᠪᠠᠷᠢᠯ ᠢᠶᠠᠷ ᠬᠠᠪᠤᠷ ᠤᠨ ᠲᠠᠷᠢᠶᠠᠯᠠᠭ᠎ᠠ ᠳᠤ ᠬᠦᠴᠦᠨ ᠨᠡᠮᠡᠷᠢᠯᠡᠨ᠂ ᠪᠠᠲᠤ ᠪᠠᠬᠢ ᠰᠠᠭᠤᠷᠢ ᠶᠢ ᠲᠠᠯᠪᠢᠪᠠ᠃

ᠬᠤᠵᠢᠷᠯᠢᠭ ᠭᠠᠵᠠᠷ ᠰᠠᠶᠢᠨ ᠲᠠᠷᠢᠶᠠᠨ ᠭᠠᠵᠠᠷ ᠪᠣᠯᠵᠤ᠂ ᠳᠠᠪᠤᠰᠤᠲᠤ ᠭᠠᠵᠠᠷ ᠠᠮᠤ ᠶᠢᠨ ᠰᠠᠩ ᠪᠣᠯᠪᠠ᠃ ᠣᠷᠳᠣᠰ ᠬᠤᠲᠠ ᠬᠤᠵᠢᠷᠯᠢᠭ ᠭᠠᠵᠠᠷ ᠢ ᠶᠡᠷᠦᠩᠬᠡᠶᠢᠯᠡᠨ ᠥᠭᠡᠷᠡᠴᠢᠯᠡᠵᠦ ᠠᠰᠢᠭᠯᠠᠬᠤ ᠶᠢ ᠦᠷᠭᠦᠯᠵᠢᠯᠡᠨ ᠴᠢᠩᠭᠠᠳᠬᠠᠵᠤ᠂ ᠬᠤᠵᠢᠷᠯᠢᠭ ᠲᠠᠷᠢᠶᠠᠨ ᠭᠠᠵᠠᠷ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠭᠦ ᠲᠥᠷᠥᠯ ᠵᠦᠢᠯ ᠢ ᠬᠡᠷᠡᠭᠵᠢᠭᠦᠯᠬᠦ ᠶᠢ ᠯᠠᠪᠳᠠᠭᠤᠨ ᠠᠬᠢᠭᠤᠯᠵᠤ᠂ ᠬᠤᠵᠢᠷᠯᠢᠭ ᠭᠠᠵᠠᠷ ᠤᠨ ᠤᠯᠤᠰ ᠤᠨ ᠰᠢᠨ᠎ᠡ ᠶᠢ ᠡᠭᠦᠳᠬᠦ ᠲᠥᠪ ᠤᠨ ᠣᠷᠳᠣᠰ ᠲᠠᠬᠢ ᠲᠤᠷᠰᠢᠯᠲᠠ ᠶᠢᠨ ᠥᠷᠲᠡᠭᠡ᠂ ᠬᠤᠵᠢᠷᠯᠢᠭ ᠭᠠᠵᠠᠷ ᠤᠨ ᠮᠠᠯ ᠠᠵᠤ ᠠᠬᠤᠢ ᠲᠠᠷᠢᠶᠠᠯᠠᠩ ᠢ ᠶᠡᠷᠦᠩᠬᠡᠶᠢᠯᠡᠨ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠣᠷᠣᠨ ᠤ ᠳᠣᠲᠣᠷ᠎ᠠ ᠭᠠᠳᠠᠨᠠᠬᠢ ᠳᠠᠪᠠᠭᠤᠯᠢᠭ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠨᠡᠶᠢᠲᠡ ᠶᠢ ᠥᠷᠭᠡᠨ ᠢᠶᠠᠷ ᠴᠤᠭᠯᠠᠭᠤᠯᠵᠤ᠂ ᠪᠣᠷᠳᠣᠭᠤᠷ ᠨᠡᠮᠡᠬᠦ᠂ ᠤᠰᠤ ᠠᠷᠪᠢᠯᠠᠬᠤ᠂ ᠳᠠᠪᠤᠰᠤ ᠶᠢ ᠬᠢᠵᠠᠭᠠᠷᠯᠠᠬᠤ ᠪᠠ ᠡᠭᠦᠯᠳᠡᠷ ᠰᠣᠩᠭᠤᠨ ᠪᠣᠶᠢᠵᠢᠭᠤᠯᠬᠤ ᠵᠡᠷᠭᠡ ᠲᠠᠯ᠎ᠠ ᠶᠢᠨ ᠲᠣᠭᠤᠷᠢᠨ ᠳᠤ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠵᠦ᠂ ᠨᠢᠭᠡ ᠪᠦᠯᠦᠭ ᠳᠠᠪᠤᠰᠤ ᠬᠤᠵᠢᠷ ᠲᠤ ᠳᠠᠭᠠᠭᠠᠮᠠᠭᠠᠢ ᠡᠭᠦᠯᠳᠡᠷ ᠢ ᠰᠢᠪᠲᠤᠯᠵᠤ᠂ ᠨᠢᠭᠡ ᠪᠦᠯᠦᠭ ᠵᠠᠩᠭᠢᠯᠠᠭ᠎ᠠ ᠶᠢᠨ ᠴᠢᠨᠠᠷᠲᠠᠢ ᠮᠡᠷᠭᠡᠵᠢᠯ ᠤᠨ ᠪᠣᠭᠤᠮᠲᠠ ᠶᠢ ᠰᠢᠪᠲᠤᠯᠵᠤ᠂ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠭᠦ 《ᠣᠷᠳᠣᠰ ᠤᠨ ᠵᠠᠭᠪᠤᠷ》 ᠢ ᠰᠢᠯᠢᠳᠡᠭᠵᠢᠭᠦᠯᠦᠨ ᠨᠡᠶᠢᠳᠬᠡᠵᠦ ᠳᠡᠯᠭᠡᠷᠡᠭᠦᠯᠵᠦ ᠪᠤᠢ᠃

 

 


   :                    
   :           
备案序号:蒙ICP备05003250号 公安备案15010502000173