ᠵᠤᠬᠢᠶᠠᠭᠴᠢ:
ᠴᠠᠭ:2024-05-24
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠰᠢ ᠶᠢᠨ ᠫᠢᠩ ᠵᠢᠭᠤᠯᠴᠢᠯᠠᠯ ᠤᠨ ᠠᠵᠢᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠤᠳᠤ ᠦᠶ᠎ᠡ ᠶᠢᠨ ᠵᠢᠭᠤᠯᠴᠢᠯᠠᠯ ᠤᠨ ᠦᠢᠯᠡᠰ ᠤᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ ᠵᠢᠭᠤᠯᠴᠢᠯᠠᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2024 5 ᠰᠠᠷ᠎ᠠ ᠶᠢᠨ 17 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠵᠢᠭᠤᠯᠴᠢᠯᠠᠯ ᠤᠨ ᠠᠵᠢᠯ ᠳᠤ ᠴᠢᠬᠤᠯᠠ ᠵᠢᠭᠠᠪᠤᠷᠢ ᠥᠭᠴᠦ᠂ ᠥᠭᠡᠷᠡᠴᠢᠯᠡᠯᠲᠡ ᠨᠡᠭᠡᠭᠡᠯᠲᠡ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠵᠢᠭᠤᠯᠴᠢᠯᠠᠯ ᠤᠨ ᠬᠥᠭᠵᠢᠯᠲᠡ ᠦᠳᠲᠡᠷ ᠲᠦᠷᠭᠡᠨ ᠬᠥᠭᠵᠢᠵᠦ᠂ ᠪᠦᠭᠦ ᠪᠥᠮᠪᠥᠷᠴᠡᠭ ᠤᠨ ᠬᠠᠮᠤᠭ ᠤᠨ ᠶᠡᠭᠡ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠦᠷᠢᠯᠳᠦᠭᠦᠯᠵᠦ᠂ ᠣᠯᠠᠨ ᠤᠯᠤᠰ ᠤᠨ ᠵᠢᠭᠤᠯᠴᠢᠯᠠᠯ ᠤᠨ ᠬᠠᠮᠤᠭ ᠤᠨ ᠶᠡᠭᠡ ᠵᠣᠴᠢᠨ ᠤᠯᠤᠰ ᠪᠠ ᠭᠤᠣᠯ ᠬᠠᠷᠠᠯᠲᠠᠲᠤ ᠭᠠᠵᠠᠷ ᠪᠣᠯᠪᠠ᠂ ᠵᠢᠭᠤᠯᠴᠢᠯᠠᠯ ᠤᠨ ᠦᠢᠯᠡᠰ ᠪᠠᠭ᠎ᠠ ᠠᠴᠠ ᠪᠠᠨ ᠶᠡᠭᠡ᠂ ᠪᠠᠭᠤᠷᠠᠢ ᠠᠴᠠ ᠪᠠᠨ ᠬᠦᠴᠦᠷᠬᠡᠭ ᠪᠣᠯᠵᠤ᠂ ᠡᠳᠦᠷ ᠢᠷᠡᠬᠦᠶ᠎ᠡ ᠰᠢᠨ᠎ᠡ ᠪᠠᠷ ᠮᠠᠨᠳᠤᠭᠰᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢ ᠠᠵᠤ ᠦᠢᠯᠡᠰ ᠪᠣᠯᠣᠨ ᠴᠠᠭ ᠦᠶ᠎ᠡ ᠶᠢᠨ ᠢᠯᠡᠷᠬᠡᠢ ᠣᠨᠴᠠᠯᠢᠭ ᠪᠦᠬᠦᠢ ᠠᠷᠠᠳ ᠤᠨ ᠠᠮᠢᠳᠤᠷᠠᠯ ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ ᠪᠣᠯᠵᠤ᠂ ᠥᠪᠡᠷᠮᠢᠴᠡ ᠣᠨᠴᠠᠯᠢᠭ ᠪᠦᠬᠦᠢ ᠳᠤᠮᠳᠠᠳᠤ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠵᠠᠮ ᠢ ᠠᠮᠵᠢᠯᠲᠠ ᠲᠠᠢ ᠪᠠᠷ ᠨᠡᠭᠡᠭᠡᠵᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ ᠵᠢᠭᠤᠯᠴᠢᠯᠠᠯ ᠤᠨ ᠬᠥᠭᠵᠢᠯᠲᠡ ᠰᠢᠨ᠎ᠡ ᠠᠵᠠ ᠲᠣᠭᠢᠶᠠᠯ ᠰᠢᠨ᠎ᠡ ᠥᠷᠢᠰᠦᠯᠳᠦᠭᠡᠨ ᠳᠤ ᠲᠤᠯᠭᠠᠷᠠᠵᠤ ᠪᠤᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠥᠪ ᠣᠨᠣᠪᠴᠢᠲᠠᠶ ᠪᠠᠷ ᠪᠦᠭᠦ ᠲᠠᠯ᠎ᠠ ᠪᠠᠷ ᠲᠤᠤᠱᠯᠠᠭᠤᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ᠂ ᠬᠠᠩᠭᠠᠯᠭ᠎ᠠ ᠬᠢᠭᠡᠳ ᠬᠡᠷᠡᠭᠴᠡᠭᠡ ᠱᠠᠭᠠᠷᠳᠠᠯᠭ᠎ᠠ᠂ ᠬᠠᠮᠠᠭᠠᠯᠠᠯᠲᠠ ᠬᠢᠭᠡᠳ ᠨᠡᠭᠡᠭᠡᠨ ᠬᠥᠭᠵᠢᠭᠦᠯᠦᠯᠲᠡ᠂ ᠤᠯᠤᠰ ᠤᠨ ᠳᠣᠲᠣᠭᠠᠳᠤ ᠬᠢᠭᠡᠳ ᠣᠯᠠᠨ ᠤᠯᠤᠰ᠂ ᠬᠥᠭᠵᠢᠯᠲᠡ ᠬᠢᠭᠡᠳ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠣᠲᠣ ᠦᠶ᠎ᠡ ᠶᠢᠨ ᠵᠢᠭᠤᠯᠴᠢᠯᠠᠯ ᠤᠨ ᠦᠢᠯᠡᠰ ᠤᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠵᠢᠭᠤᠯᠴᠢᠯᠠᠯ ᠤᠨ ᠦᠢᠯᠡᠰ ᠢ ᠰᠠᠶᠢᠨ ᠰᠠᠶᠢᠬᠠᠨ ᠠᠮᠢᠳᠤᠷᠠᠯ ᠳᠤ ᠨᠠᠩ ᠰᠠᠶᠢᠲᠤᠷ ᠦᠢᠯᠡᠴᠢᠯᠡᠭᠦᠯᠵᠦ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ ᠤᠯᠤᠰ ᠤᠨ ᠳᠦᠷᠢ ᠲᠥᠷᠬᠦ ᠶᠢ ᠢᠯᠡᠷᠡᠭᠦᠯᠵᠦ᠂ ᠪᠣᠯᠪᠠᠰᠤᠨ ᠤ ᠲᠣᠯᠢᠯᠠᠯ ᠢ ᠨᠡᠮᠡᠭᠳᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠠᠵᠢᠯ ᠢᠶᠠᠨ ᠬᠤᠪᠢᠶᠠᠷᠢᠯᠠᠨ ᠬᠠᠮᠵᠢᠯᠴᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠪᠦᠭᠦ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ 5 ᠰᠠᠷ᠎ᠠ ᠶᠢᠨ 17 ᠤ ᠡᠳᠦᠷ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠤᠬᠠᠭᠤᠯᠬᠤ ᠬᠡᠯᠲᠡᠰ ᠤᠨ ᠳᠠᠷᠤᠭ᠎ᠠ ᠯᠢ ᠱᠤ᠋ ᠯᠧᠢ ᠬᠤᠷᠠᠯ ᠳᠡᠭᠡᠷ᠎ᠡ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠵᠢᠭᠤᠯᠴᠢᠯᠠᠯ ᠤᠨ ᠬᠥᠭᠵᠢᠯᠲᠡ ᠶᠢᠨ ᠲᠤᠬᠠᠢ ᠠᠯᠢ ᠣᠯᠠᠨ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠠᠯᠠᠭᠤᠯᠵᠦ ᠂ ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠥᠪᠡᠷᠮᠢᠴᠡ ᠣᠨᠴᠠᠯᠢᠭ ᠲᠠᠢ ᠳᠤᠮᠳᠠᠳᠤ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ᠃ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠵᠢᠭᠤᠯᠴᠢᠯᠠᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠵᠤ᠂ ᠰᠢᠰᠲ᠋ᠧᠮ ᠲᠠᠢ ᠲᠥᠯᠥᠪᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠬᠤ ᠶᠢ ᠴᠢᠩᠭᠠᠳᠬᠠᠵᠤ᠂ ᠰᠣᠶᠣᠯ ᠤᠨ ᠥᠪ ᠪᠣᠯᠣᠨ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠵᠤ᠂ ᠬᠠᠩᠭᠠᠯᠭ᠎ᠠ ᠶᠢᠨ ᠲᠦᠪᠰᠢᠨ ᠪᠣᠯᠣᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠣᠯᠠᠨ ᠤᠯᠤᠰ ᠤᠨ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠢᠯᠡᠳᠬᠡᠪᠡ᠃
ᠲᠥᠷᠥ ᠶᠢᠨ ᠶᠠᠪᠤᠳᠠᠯ ᠤᠨ ᠭᠡᠰᠢᠭᠦᠨ ᠱᠧᠨ ᠢ ᠴᠢᠨ ᠬᠤᠷᠠᠯ ᠢ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃
ᠰᠣᠶᠣᠯ ᠪᠠ ᠵᠢᠭᠤᠯᠴᠢᠯᠠᠯ ᠤᠨ ᠶᠠᠮᠤᠨ᠂ ᠭᠠᠳᠠᠭᠠᠳᠤ ᠶᠠᠪᠤᠳᠠᠯ ᠤᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠬᠠᠷᠠᠮᠥ᠋ᠷᠡᠨ ᠮᠤᠵᠢ᠂ ᠵᠧᠵᠢᠶᠠᠩ ᠮᠤᠵᠢ᠂ ᠬᠤᠨᠠᠨ ᠮᠤᠵᠢ᠂ ᠭᠦᠢᠵᠧᠦ ᠮᠤᠵᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠳᠡᠳ᠋ ᠮᠤᠵᠢ ᠶᠢᠨ ᠲᠡᠰ ᠤᠨ ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠤᠯᠤᠰ ᠤᠨ ᠥᠮᠴᠢᠯᠡᠯ ᠤᠨ ᠴᠢᠬᠤᠯᠠ ᠭᠤᠣᠯᠯᠠᠭᠴᠢ ᠬᠡᠰᠡᠭ ᠠᠵᠤ ᠠᠬᠤᠶᠢᠯᠠᠯ᠂ ᠬᠤᠯᠪᠣᠭᠳᠠᠯ ᠪᠦᠬᠦᠢ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠨᠡᠶᠢᠭᠡᠮᠯᠢᠭ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃