ᠵᠤᠬᠢᠶᠠᠭᠴᠢ:
ᠴᠠᠭ:2024-05-31
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ — ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠵᠤ ᠥᠷᠭᠡᠨ ᠣᠯᠠᠨ ᠬᠥᠳᠡᠯᠮᠦᠷᠢᠴᠢᠳ ᠤᠨ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2024 5 ᠰᠠᠷ᠎ᠠ ᠶᠢᠨ 28 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 5 ᠰᠠᠷ᠎ᠠ ᠶᠢᠨ 27 ᠤ ᠦᠳᠡ ᠶᠢᠨ ᠬᠤᠶᠢᠨ᠎ᠠ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠢ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠤ ᠠᠵᠢᠯ ᠣᠯᠭᠤᠬᠤ ᠠᠵᠢᠯ ᠤᠨ ᠰᠢᠨ᠎ᠡ ᠪᠠᠶᠢᠷᠢ ᠲᠣᠭᠲᠠᠭᠠᠯᠲᠠ᠂ ᠰᠢᠨ᠎ᠡ ᠡᠭᠦᠷᠭᠡ ᠬᠠᠷᠢᠭᠤᠴᠠᠯᠭ᠎ᠠ ᠮᠥᠨ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠳᠡᠯᠮᠦᠷᠢᠴᠢᠳ ᠤᠨ ᠪᠡᠶ᠎ᠡ ᠪᠠᠨ ᠳᠠᠭᠠᠭᠠᠵᠤ ᠠᠵᠢᠯ ᠣᠯᠬᠤ᠂ ᠵᠠᠬ᠎ᠠ ᠳᠡᠯᠭᠡᠭᠦᠷ ᠢᠶᠠᠷ ᠠᠵᠢᠯ ᠣᠯᠭᠤᠯᠲᠠ ᠶᠢ ᠲᠣᠬᠢᠷᠠᠭᠤᠯᠬᠤ᠂ ᠵᠠᠰᠠᠭ ᠤᠨ ᠣᠷᠳᠣᠨ ᠠᠴᠠ ᠠᠵᠢᠯ ᠣᠯᠭᠤᠯᠲᠠ ᠶᠢ ᠠᠬᠢᠭᠤᠯᠬᠤ ᠪᠠ ᠦᠢᠯᠡᠰ ᠪᠣᠰᠬᠠᠬᠤ ᠶᠢ ᠵᠣᠷᠢᠭᠵᠢᠭᠤᠯᠬᠤ ᠴᠢᠭᠯᠡᠯᠲᠡ ᠶᠢ ᠪᠦᠭᠦ ᠲᠠᠯ᠎ᠠ ᠪᠠᠷ ᠲᠤᠤᠱᠯᠠᠭᠤᠯᠵᠦ᠂ ᠠᠵᠢᠯ ᠣᠯᠭᠤᠯᠲᠠ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠥᠷᠭᠡᠨ ᠤᠯᠠᠨ ᠬᠥᠳᠡᠯᠮᠦᠷᠢᠴᠢᠳ ᠤᠨ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠳᠤᠮᠳᠠᠳᠤ ᠤᠯᠤᠰ ᠤᠨ ᠭᠦᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠮᠦᠸᠧ ᠷᠦᠩ ᠰᠤᠳᠤᠯᠤᠭᠴᠢ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃
ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠬᠤᠯᠪᠣᠭᠳᠠᠵᠤ᠂ ᠤᠯᠤᠰ ᠤᠨ ᠥᠨᠢ ᠤᠳᠠᠭᠠᠨ ᠤ ᠠᠮᠤᠷ ᠲᠦᠪᠰᠢᠨ ᠳᠤ ᠬᠤᠯᠪᠣᠭᠳᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠵᠢᠯ ᠣᠯᠭᠤᠯᠲᠠ ᠶᠢᠨ ᠠᠵᠢᠯ ᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠤ᠂ ᠠᠵᠢᠯ ᠣᠯᠭᠤᠯᠲᠠ ᠶᠢ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠡᠯ᠎ᠡ ᠵᠦᠢᠯ ᠤᠨ ᠳᠠᠷᠤᠯᠲᠠ ᠥᠷᠢᠰᠦᠯᠳᠦᠭᠡᠨ ᠢ ᠪᠦᠲᠦᠮᠵᠢᠲᠡᠢ ᠠᠷᠭᠠᠴᠠᠵᠦ᠂ ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠵᠢᠯ ᠪᠦᠷᠢ ᠳᠤᠮᠳᠠᠴᠢ ᠪᠠᠷ 1300 ᠲᠦᠮᠡᠨ ᠬᠥᠮᠥᠨ ᠳᠤ ᠬᠦᠷᠴᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠠᠵᠤ ᠠᠬᠤᠢ ᠶᠢᠨ ᠬᠥᠭᠵᠢᠯᠲᠡ ᠳᠤ ᠴᠢᠬᠤᠯᠠ ᠲᠤᠯᠭᠠᠭᠤᠷᠢᠯᠠᠯ ᠬᠠᠩᠭᠠᠪᠠ ᠃ ᠦᠢᠯᠡᠳᠦᠯᠭᠡ ᠶᠢᠨ ᠳᠤᠮᠳᠠ ᠰᠢᠨ᠎ᠡ ᠴᠠᠭ ᠦᠶ᠎ᠡ ᠶᠢᠨ ᠠᠵᠢᠯ ᠣᠯᠭᠤᠯᠲᠠ ᠶᠢᠨ ᠠᠵᠢᠯ ᠤᠨ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠠᠰᠢ ᠣᠯᠠᠨ ᠲᠤᠷᠰᠢᠯᠭ᠎ᠠ ᠬᠤᠷᠠᠮᠳᠤᠭᠤᠯᠪᠠ ᠃ ᠡᠭᠦᠨ ᠳᠤ ᠭᠤᠣᠯᠳᠠᠭᠤ᠄ ᠠᠵᠢᠯ ᠣᠯᠭᠤᠯᠲᠠ ᠶᠢ ᠠᠷᠠᠳ ᠤᠨ ᠠᠮᠢᠳᠤᠷᠠᠯ ᠤᠨ ᠦᠨᠳᠦᠰᠦ ᠪᠤᠯᠭᠠᠬᠤ ᠶᠢ ᠪᠠᠷᠢᠮᠲᠠᠯᠠᠨ᠎ᠠ ︔ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ ᠭᠡᠷᠡᠭᠵᠢᠭᠦᠯᠦᠨ᠎ᠡ ︔ ᠬᠥᠭᠵᠢᠯᠲᠡ ᠳᠤ ᠲᠦᠰᠢᠭᠯᠡᠨ ᠠᠵᠢᠯ ᠣᠯᠭᠤᠯᠲᠠ ᠶᠢ ᠠᠬᠢᠭᠤᠯᠬᠤ ᠶᠢ ᠪᠠᠷᠢᠮᠲᠠᠯᠠᠨ᠎ᠠ︔ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠬᠦ ᠪᠠ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠶᠢ ᠤᠶᠠᠯᠳᠤᠭᠤᠯᠬᠤ ᠶᠢ ᠪᠠᠷᠢᠮᠲᠠᠯᠠᠨ᠎ᠠ ︔ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠲᠣᠪᠤᠶᠢᠮ᠎ᠠ ᠰᠠᠶᠢᠲᠤᠷ ᠠᠳᠬᠤᠬᠤ ᠶᠢ ᠪᠠᠷᠢᠮᠲᠠᠯᠠᠨ᠎ᠠ︔ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠪᠠᠷᠢᠮᠲᠠᠯᠠᠨ᠎ᠠ︔ ᠡᠷᠬᠡ ᠲᠡᠭᠰᠢ ᠪᠠᠷ ᠠᠵᠢᠯ ᠣᠯᠭᠤᠬᠤ ᠣᠷᠴᠢᠨ ᠨᠥᠬᠦᠴᠡᠯ ᠢ ᠪᠤᠢ ᠪᠤᠯᠭᠠᠬᠤ ᠶᠢ ᠪᠠᠷᠢᠮᠲᠠᠯᠠᠨ᠎ᠠ︔ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠶᠢ ᠪᠠᠷᠢᠮᠲᠠᠯᠠᠬᠤ ᠵᠡᠷᠭᠡ ᠪᠠᠭᠲᠠᠨ᠎ᠠ᠃ ᠡᠳᠡᠭᠡᠷ ᠲᠤᠷᠰᠢᠯᠭ᠎ᠠ ᠪᠣᠯ ᠲᠤᠶᠢᠯ ᠤᠨ ᠡᠷᠬᠢᠮ ᠨᠠᠨᠳᠢᠨ ᠶᠤᠮ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃
ᠰᠢ ᠶᠢᠨ ᠫᠢᠩ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠤᠶᠢᠪᠢᠰᠢ ᠦᠭᠡᠢ ᠲᠤᠤᠱᠯᠠᠭᠤᠯᠵᠦ᠂ ᠨᠡᠩ ᠢᠯᠡᠭᠦᠦ ᠤᠬᠠᠮᠰᠠᠷ ᠠᠴᠠ ᠪᠠᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠡᠷᠢᠭᠦᠨ ᠬᠠᠷᠠᠯᠲᠠ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠶᠠᠪᠤᠴᠠ ᠶᠢ ᠠᠵᠢᠯ ᠣᠯᠭᠤᠯᠲᠠ ᠶᠢᠨ ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠬᠦ ᠶᠠᠪᠤᠴᠠ ᠪᠤᠯᠭᠠᠵᠤ᠂ ᠬᠥᠭᠵᠢᠯᠲᠡ ᠪᠠᠷ ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠢ ᠳᠡᠭᠡᠭᠰᠢᠯᠡᠭᠦᠯᠭᠦ ᠬᠡᠷᠡᠭᠲᠡᠢ ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠡᠩ ᠤᠯᠠᠨ ᠴᠢᠨᠠᠷ ᠰᠠᠶᠢᠲᠠᠢ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠴᠢᠷᠮᠠᠶᠢᠨ ᠡᠭᠦᠳᠬᠦ ᠬᠡᠷᠡᠭᠲᠡᠢ ᠃ ᠠᠵᠢᠯ ᠣᠯᠭᠤᠬᠤ ᠴᠢᠳᠠᠪᠤᠷᠢ ᠪᠠᠷ ᠴᠢᠩᠭ᠎ᠠ ᠠᠵᠤ ᠦᠢᠯᠡᠰ ᠪᠣᠯᠣᠨ ᠠᠵᠤ ᠠᠬᠤᠶᠢᠯᠠᠯ ᠢ ᠳᠡᠮᠵᠢᠨ ᠬᠥᠭᠵᠢᠭᠦᠯᠵᠦ᠂ ᠠᠵᠢᠯ ᠣᠯᠭᠤᠬᠤ ᠪᠠᠭᠲᠠᠭᠠᠮᠵᠢ ᠶᠢ ᠲᠣᠭᠲᠠᠪᠤᠷᠢᠵᠢᠭᠤᠯᠤᠨ ᠥᠷᠭᠡᠳᠬᠡᠬᠦ ᠬᠡᠷᠡᠭᠲᠡᠢ ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠬᠠᠨᠳᠤᠰᠢ ᠪᠠ ᠠᠷᠠᠳ ᠣᠯᠠᠨ ᠤ ᠴᠢᠨᠠᠷ ᠰᠠᠶᠢᠲᠠᠢ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠦᠨᠳᠦᠰᠦᠯᠡᠨ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠢ ᠶᠡᠭᠡ ᠪᠠᠷ ᠬᠥᠭᠵᠢᠭᠦᠯᠵᠦ᠂ ᠠᠵᠢᠯ ᠮᠡᠷᠭᠡᠵᠢᠯ ᠤᠨ ᠰᠢᠨ᠎ᠡ ᠴᠤᠪᠤᠷᠠᠯ ᠢ ᠢᠳᠡᠪᠬᠢᠲᠡᠢ ᠪᠠᠷ ᠠᠭᠤᠳᠠᠯᠬᠤ ᠪᠠ ᠪᠣᠶᠢᠵᠢᠭᠤᠯᠵᠤ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ ᠨᠡᠭᠡᠭᠡᠨ ᠬᠥᠭᠵᠢᠭᠦᠯᠬᠦ ᠬᠡᠷᠡᠭᠲᠡᠢ ᠃ ᠴᠢᠬᠤᠯᠠ ᠶᠡᠭᠡ ᠲᠦᠷᠦ ᠶᠢᠨ ᠪᠣᠳᠣᠯᠭ᠎ᠠ᠂ ᠴᠢᠬᠤᠯᠠ ᠶᠡᠭᠡ ᠲᠦᠷᠦᠯ ᠵᠦᠢᠯ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠤᠨ ᠠᠵᠢᠯ ᠣᠯᠭᠤᠯᠲᠠ ᠳᠤ ᠦᠵᠡᠭᠦᠯᠭᠦ ᠨᠥᠯᠥᠭᠡ ᠶᠢ ᠦᠨᠡᠯᠡᠨ ᠵᠢᠱᠢᠬᠦ ᠶᠢ ᠴᠢᠩᠭᠠᠳᠬᠠᠵᠤ᠂ ᠡᠳ᠋ ᠤᠨ ᠵᠠᠰᠠᠭ᠂ ᠵᠣᠭᠤᠰ᠂ ᠪᠡᠯᠡ ᠣᠷᠣᠭᠤᠯᠤᠯᠲᠠ᠂ ᠬᠡᠷᠡᠭᠯᠡᠭᠡ᠂ ᠠᠵᠤ ᠦᠢᠯᠡᠰ᠂ ᠣᠷᠣᠨ ᠪᠦᠰᠡ ᠵᠡᠷᠭᠡ ᠶᠢᠨ ᠲᠦᠷᠦ ᠶᠢᠨ ᠪᠣᠳᠣᠯᠭ᠎ᠠ ᠶᠢ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠯᠤᠭ᠎ᠠ ᠵᠣᠬᠢᠴᠠᠭᠤᠯᠤᠨ ᠬᠤᠯᠪᠣᠯᠳᠤᠭᠤᠯᠵᠤ᠂ ᠠᠳᠠᠯᠢ ᠴᠢᠭᠯᠡᠯ ᠢᠶᠠᠷ ᠬᠦᠴᠦᠯᠡᠨ᠂ ᠠᠵᠢᠯ ᠣᠯᠭᠤᠯᠲᠠ ᠶᠢᠨ ᠨᠥᠭᠦᠷᠰᠡᠭ ᠭᠡᠯᠪᠡᠷᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠰᠢ ᠶᠢᠨ ᠫᠢᠩ᠂ ᠬᠡᠪ ᠪᠣᠯᠪᠠᠰᠤᠷᠠᠯ ᠰᠢᠯᠢᠳᠡᠭ ᠰᠠᠶᠢᠨ᠂ ᠶᠡᠷᠦᠩᠬᠡᠢ ᠬᠡᠮᠵᠢᠶ᠎ᠡ ᠶᠡᠭᠡ᠂ ᠪᠦᠲᠦᠴᠡ ᠰᠢᠯᠢᠳᠡᠭ᠂ ᠲᠠᠷᠬᠠᠯᠲᠠ ᠵᠣᠬᠢᠰᠲᠠᠢ ᠣᠳᠣᠬᠢᠴᠢᠯᠠᠭᠰᠠᠨ ᠬᠥᠮᠥᠨ ᠤ ᠬᠦᠴᠦᠨ ᠤ ᠡᠬᠢ ᠪᠠᠶᠠᠯᠢᠭ ᠢ ᠲᠦᠷᠭᠡᠨ ᠪᠤᠢ ᠪᠤᠯᠭᠠᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠵᠣᠬᠢᠴᠠᠬᠤ ᠦᠭᠡᠢ ᠪᠠᠶᠢᠬᠤ ᠡᠨᠡ ᠬᠦ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠃ ᠰᠢᠨ᠎ᠡ ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠳᠤ ᠵᠣᠬᠢᠴᠠᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠤᠨ ᠬᠥᠭᠵᠢᠯᠲᠡ ᠶᠢᠨ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠰᠤᠷᠭᠠᠨ ᠬᠥᠮᠦᠵᠢᠯ᠂ ᠪᠣᠯᠪᠠᠰᠤᠷᠠᠯ ᠪᠣᠯᠣᠨ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠪᠣᠯᠣᠨ ᠡᠬᠢ ᠪᠠᠶᠠᠯᠢᠭ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠬᠥᠳᠡᠯᠦᠩᠭᠦᠢ ᠪᠠᠷ ᠲᠣᠬᠢᠷᠠᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠨᠠᠰᠤᠨ ᠲᠤᠷᠰᠢ ᠶᠢᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠳᠦᠷᠢᠮ ᠢ ᠪᠦᠷᠢᠨᠰᠢᠭᠦᠯᠬᠦ ᠬᠡᠷᠡᠭᠲᠡᠢ ᠃ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠮᠥᠨ ᠪᠠ ᠠᠵᠢᠯ ᠤᠨ ᠪᠠᠶᠢᠷᠢ ᠬᠠᠷᠢᠯᠴᠠᠨ ᠲᠣᠬᠢᠷᠠᠯᠴᠠᠬᠤ᠂ ᠬᠥᠮᠥᠨ ᠤ ᠳᠠᠪᠠᠭᠤᠯᠢᠭ ᠲᠠᠯ᠎ᠠ ᠶᠢ ᠨᠢ ᠮᠡᠳᠡᠷᠡᠵᠦ ᠬᠡᠷᠡᠭᠯᠡᠬᠦ᠂ ᠬᠥᠮᠥᠨ ᠤ ᠴᠢᠳᠠᠪᠤᠷᠢ ᠶᠢ ᠨᠢ ᠭᠦᠢᠴᠡᠳ ᠪᠠᠳᠠᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠠᠵᠢᠯ ᠣᠯᠭᠤᠯᠲᠠ ᠶᠢᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠭᠦ ᠨᠡᠶᠢᠭᠡᠮ ᠤᠨ ᠠᠵᠢᠯ ᠣᠯᠭᠤᠯᠲᠠ ᠶᠢᠨ ᠵᠥᠪ ᠦᠵᠡᠯᠲᠡ ᠶᠢ ᠪᠠᠲᠤ ᠪᠠᠬᠢ ᠪᠤᠢ ᠪᠤᠯᠭᠠᠬᠤ ᠶᠢ ᠬᠥᠲᠥᠯᠥᠨ ᠵᠢᠯᠤᠭᠤᠳᠴᠤ᠂ ᠠᠵᠢᠯ ᠰᠣᠩᠭᠤᠬᠤ ᠰᠢᠨ᠎ᠡ ᠣᠶᠢᠯᠠᠭᠠᠭᠳᠠᠬᠤᠨ ᠢᠶᠠᠷ ᠠᠵᠢᠯ ᠣᠯᠭᠤᠯᠲᠠ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ ᠃ ᠵᠠᠷᠢᠮ ᠠᠵᠢᠯ ᠲᠥᠷᠥᠯ ᠳᠠᠬᠢ ᠠᠵᠢᠯᠴᠢᠨ ᠳᠤᠲᠠᠭᠳᠠᠭᠰᠠᠨ ᠰᠢᠯᠲᠠᠭᠠᠨ ᠢ ᠭᠦᠨᠵᠡᠭᠡᠢ ᠵᠠᠳᠠᠯᠵᠤ᠂ 《ᠠᠵᠢᠯ ᠪᠠᠶᠢᠬᠤ ᠳᠤ ᠬᠢᠬᠦ ᠬᠥᠮᠥᠨ ᠦᠭᠡᠢ》ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ᠂ 《ᠬᠥᠮᠥᠨ ᠪᠠᠶᠢᠪᠠᠴᠤ ᠬᠢᠬᠦ ᠠᠵᠢᠯ ᠦᠭᠡᠢ》ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃
ᠰᠢ ᠶᠢᠨ ᠫᠢᠩ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠳᠡᠮᠵᠢᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ᠰᠤᠷᠤᠬᠰᠠᠨ ᠵᠦᠢᠯ ᠪᠠ ᠳᠠᠪᠠᠭᠤᠯᠢᠭ ᠲᠠᠯ᠎ᠠ ᠪᠠᠨ ᠪᠠᠳᠠᠷᠠᠭᠤᠯᠬᠤ ᠳᠤ ᠠᠰᠢᠭᠲᠠᠢ ᠠᠵᠢᠯ ᠤᠨ ᠪᠠᠶᠢᠷᠢ ᠶᠢ ᠨᠡᠩ ᠤᠯᠠᠨ ᠨᠡᠭᠡᠭᠡᠵᠦ᠂ ᠵᠠᠯᠠᠭᠤᠴᠤᠳ ᠤᠨ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ᠂ ᠬᠤᠳᠠ ᠬᠥᠳᠡᠭᠡ ᠶᠢᠨ ᠦᠨᠳᠦᠰᠦᠨ ᠱᠠᠲᠤ ᠪᠣᠯᠣᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠠᠵᠢᠯ ᠣᠯᠬᠤ ᠦᠢᠯᠡᠰ ᠪᠣᠰᠬᠠᠬᠤ ᠳᠤ ᠣᠷᠤᠯᠴᠠᠬᠤ ᠶᠢ ᠵᠣᠷᠢᠭᠵᠢᠭᠤᠯᠵᠤ᠂ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠬᠦ ᠬᠡᠷᠡᠭᠲᠡᠢ ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠢ ᠤᠶᠠᠯᠳᠤᠭᠤᠯᠤᠨ᠂ ᠭᠠᠳᠠᠭᠰᠢ ᠭᠠᠷᠴᠤ ᠠᠵᠢᠯ ᠣᠯᠬᠤ ᠪᠠ ᠲᠤᠬᠠᠢ ᠶᠢᠨ ᠭᠠᠵᠠᠷ ᠤᠨ ᠣᠶᠢᠷ᠎ᠠ ᠬᠠᠪᠢ ᠳᠠᠭᠠᠨ ᠠᠵᠢᠯ ᠣᠯᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠣᠯᠲᠠ ᠶᠢ ᠠᠬᠢᠭᠤᠯᠵᠤ᠂ ᠭᠠᠳᠠᠭᠰᠢ ᠭᠠᠷᠤᠭᠰᠠᠨ ᠴᠢᠳᠠᠪᠤᠷᠢᠲᠠᠨ ᠤ ᠨᠤᠲᠤᠭ ᠲᠠᠭᠠᠨ ᠪᠤᠴᠠᠵᠤ᠂ ᠬᠤᠲᠠ ᠶᠢᠨ ᠴᠢᠳᠠᠪᠤᠷᠢᠲᠠᠨ ᠤ ᠬᠥᠳᠡᠭᠡ ᠪᠠᠭᠤᠵᠤ ᠦᠢᠯᠡᠰ ᠪᠣᠰᠬᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠯᠥᠰᠦᠨ ᠠᠵᠢᠯ ᠬᠢᠬᠦ ᠬᠡᠪᠴᠢᠶ᠎ᠡ ᠪᠠ ᠬᠥᠯᠥᠰᠦᠨ ᠠᠵᠢᠯ ᠬᠢᠭᠰᠡᠨ ᠣᠷᠣᠯᠭ᠎ᠠ ᠶᠢ ᠲᠣᠭᠲᠠᠪᠤᠷᠢᠵᠢᠭᠤᠯᠵᠤ᠂ ᠠᠵᠢᠯ ᠠᠯᠳᠠᠭᠰᠠᠨ ᠠᠴᠠ ᠪᠣᠯᠵᠤ ᠬᠡᠪᠴᠢᠶᠡᠵᠢᠯ ᠤᠨ ᠴᠢᠨᠠᠷᠲᠠᠢ ᠪᠠᠷ ᠲᠠᠭᠢᠨ ᠶᠠᠳᠠᠭᠤᠷᠠᠬᠤ ᠠᠴᠠ ᠰᠡᠷᠭᠡᠶᠢᠯᠡᠬᠦ ᠬᠡᠷᠡᠭᠲᠡᠢ ᠃ ᠨᠠᠰᠤ ᠠᠬᠢᠭᠰᠠᠨ᠂ ᠵᠡᠮᠳᠡᠭ ᠪᠣᠯᠤᠭᠰᠠᠨ᠂ ᠨᠡᠯᠢᠶᠡᠳ ᠣᠷᠳᠣ ᠬᠤᠭᠤᠴᠠᠭ᠎ᠠ ᠪᠠᠷ ᠠᠵᠢᠯ ᠠᠯᠳᠠᠭᠰᠠᠨ ᠵᠡᠷᠭᠡ ᠠᠵᠢᠯ ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠠᠵᠢᠯ ᠲᠠᠢ ᠬᠥᠮᠥᠨ ᠦᠭᠡᠢ ᠭᠡᠷ ᠪᠦᠯᠢ ᠶᠢ ᠦᠭᠡᠢ ᠪᠤᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠴᠡᠷᠢᠭ ᠤᠨ ᠠᠯᠪᠠᠨ ᠠᠴᠠ ᠪᠠᠭᠤᠭᠰᠠᠳ ᠂ ᠡᠮᠡᠭᠲᠡᠶᠢᠴᠦᠳ ᠵᠡᠷᠭᠡ ᠬᠥᠮᠥᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃
ᠰᠢ ᠶᠢᠨ ᠫᠢᠩ᠂ ᠠᠵᠢᠯ ᠣᠯᠭᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ ᠃ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠳᠦᠷᠢᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ ᠃ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠦᠢᠯᠡᠰ ᠪᠣᠰᠬᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠂ ᠦᠢᠯᠡᠰ ᠪᠣᠰᠬᠠᠬᠤ ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠃ ᠬᠥᠮᠥᠨ ᠤ ᠬᠦᠴᠦᠨ ᠤ ᠡᠬᠢ ᠪᠠᠶᠠᠯᠢᠭ ᠤᠨ ᠨᠢᠭᠡᠳᠦᠯᠲᠡᠢ ᠪᠥᠭᠡᠳ ᠵᠢᠷᠤᠮᠵᠢᠬᠰᠠᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠡᠷᠬᠡ ᠲᠡᠭᠰᠢ ᠪᠠᠷ ᠠᠵᠢᠯ ᠣᠯᠭᠤᠬᠤ ᠣᠷᠴᠢᠨ ᠨᠥᠬᠦᠴᠡᠯ ᠢ ᠪᠤᠢ ᠪᠤᠯᠭᠠᠵᠤ᠂ ᠬᠥᠮᠥᠨ ᠪᠦᠭᠦᠨ ᠢ ᠴᠥᠮ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠳᠠᠮᠵᠢᠨ ᠲᠤᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠬᠦ ᠲᠣᠭᠢᠶᠠᠯ ᠲᠠᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠰᠢ ᠶᠢᠨ ᠫᠢᠩ᠂ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠃ ᠭᠦᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠠᠵᠢᠯ ᠣᠯᠭᠤᠯᠲᠠ ᠶᠢᠨ ᠭᠦᠳᠡᠯᠮᠦᠷᠢ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠤᠨ᠂ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ ᠃ ᠠᠮᠢᠳᠤᠯᠢᠭ ᠠᠵᠢᠯ ᠣᠯᠭᠤᠯᠲᠠ ᠪᠠ ᠰᠢᠨ᠎ᠡ ᠭᠡᠯᠪᠡᠷᠢ ᠶᠢᠨ ᠠᠵᠢᠯ ᠣᠯᠭᠤᠯᠲᠠ ᠶᠢᠨ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠡᠴᠡ ᠪᠣᠯᠣᠭᠰᠠᠨ ᠭᠡᠮᠲᠦᠯ ᠤᠨ ᠪᠠᠲᠤᠯᠠᠭ᠎ᠠ ᠶᠢᠨ ᠲᠤᠷᠰᠢᠯᠲᠠ ᠶᠢᠨ ᠴᠡᠭ ᠢ ᠥᠷᠭᠡᠳᠬᠡᠨ᠂ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠳᠦᠷᠢᠮ ᠢ ᠪᠦᠷᠢᠯᠳᠦᠭᠦᠯᠬᠦ ᠬᠡᠷᠡᠭᠲᠡᠢ ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠭᠦᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠭᠠᠳᠠᠭᠤᠷᠴᠢᠯᠠᠯ᠂ ᠴᠠᠯᠢᠩ ᠥᠷᠢᠲᠦᠬᠦ ᠳᠠᠭᠠᠳᠬᠠᠯ ᠥᠷᠢᠲᠦᠬᠦ᠂ ᠬᠠᠤᠯᠢ ᠶᠢ ᠵᠥᠷᠢᠴᠡᠨ ᠠᠵᠢᠯᠲᠠᠨ ᠢ ᠬᠠᠰᠤᠬᠤ ᠵᠡᠷᠭᠡ ᠡᠷᠦᠢ ᠬᠤᠷᠤᠢ ᠦᠭᠡᠢ ᠦᠵᠡᠭᠳᠡᠯ ᠢ ᠪᠦᠲᠦᠮᠵᠢᠲᠡᠢ ᠵᠠᠰᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠰᠢ ᠶᠢᠨ ᠫᠢᠩ ᠬᠠᠮᠤᠭ ᠤᠨ ᠰᠡᠭᠦᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠵᠢᠯ ᠣᠯᠭᠤᠯᠲᠠ ᠶᠢ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠳᠦᠷᠢᠮ ᠲᠣᠭᠲᠠᠴᠠ ᠪᠠᠨ ᠪᠦᠷᠢᠨᠰᠢᠭᠦᠯᠵᠦ᠂ ᠠᠵᠢᠯ ᠤᠨ ᠬᠠᠮᠲᠤᠷᠠᠯ ᠬᠦᠴᠦᠨ ᠢᠶᠠᠨ ᠴᠢᠩᠭᠠᠳᠬᠠᠬᠤ ᠬᠡᠷᠡᠭᠲᠡᠢ ᠃ ᠳᠤᠮᠳᠠᠳᠤ ᠤᠯᠤᠰ ᠤᠨ ᠠᠵᠢᠯ ᠣᠯᠭᠤᠯᠲᠠ ᠶᠢᠨ ᠤᠨᠤᠯ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠮᠠᠨ ᠤ ᠤᠯᠤᠰ ᠤᠨ ᠠᠵᠢᠯ ᠣᠯᠭᠤᠯᠲᠠ ᠶᠢᠨ ᠬᠦᠷᠢᠶᠡᠨ ᠳᠠᠬᠢ ᠳᠡᠯᠡᠬᠡᠢ ᠳᠡᠭᠡᠷᠡᠬᠢ ᠦᠭᠡ ᠬᠡᠯᠡᠬᠦ ᠡᠷᠬᠡ ᠪᠠ ᠨᠥᠯᠥᠭᠡᠯᠡᠬᠦ ᠬᠦᠴᠦᠨ ᠢ ᠪᠦᠲᠦᠮᠵᠢᠲᠡᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ ᠃