ᠵᠤᠬᠢᠶᠠᠭᠴᠢ:
ᠴᠠᠭ:2024-05-31
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ
ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 2024 5 ᠰᠠᠷ᠎ᠠ ᠶᠢᠨ 24 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ 《ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠭᠠᠷᠭᠠᠯᠲᠠ ᠶᠢ ᠥᠷᠭᠡᠳᠬᠡᠨ ᠭᠠᠳᠠᠭᠠᠳᠤ ᠳᠠᠬᠢ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠰᠠᠨᠠᠯ》 ᠢ ᠶᠠᠷᠢᠯᠴᠠᠨ ᠪᠠᠲᠤᠯᠠᠪᠠ᠃
ᠬᠤᠷᠠᠯ ᠳᠤ ᠵᠢᠭᠠᠵᠤ ᠭᠠᠷᠭᠠᠭᠰᠠᠨ ᠨᠢ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠣᠯ ᠵᠠᠰᠠᠭ ᠤᠨ ᠣᠷᠳᠣᠨ ᠤ ᠰᠢᠰᠲ᠋ᠧᠮ ᠤᠨ ᠥᠪᠡᠷ ᠤᠨ ᠠᠯᠳᠠᠭ᠎ᠠ ᠪᠠᠨ ᠵᠠᠯᠠᠷᠠᠭᠤᠯᠬᠤ ᠳᠤ ᠬᠢᠨᠠᠯᠲᠠ ᠲᠠᠯᠪᠢᠬᠤ ᠳᠦᠷᠢᠮ ᠪᠠ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠲᠡᠳᠬᠦᠮᠵᠢ ᠶᠢᠨ ᠳᠦᠷᠢᠮ ᠮᠥᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠴᠢᠬᠤᠯᠠ ᠭᠠᠷᠳᠠᠴᠠ ᠮᠥᠨ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠵᠠᠰᠠᠭ ᠵᠠᠬᠢᠷᠭᠠᠨ ᠤ ᠮᠠᠷᠭᠤᠯᠳᠤᠭᠠᠨ ᠢ ᠨᠠᠮᠳᠠᠭᠤᠯᠬᠤ ᠭᠤᠣᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢ ᠬᠢᠨᠠᠮᠠᠭᠠᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠬᠡᠷᠡᠭᠵᠢᠭᠦᠯᠬᠦ ᠳᠦᠷᠢᠮ ᠳᠤ ᠱᠠᠯᠠᠪᠳᠠᠨ ᠵᠠᠰᠠᠪᠤᠷᠢ ᠣᠷᠣᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠪᠦᠷᠢᠮᠦᠰᠦᠨ ᠭᠦᠢᠴᠡᠳᠬᠡᠭᠰᠡᠨ ᠦᠭᠡᠢ᠂ ᠳᠠᠷᠠᠭᠠᠯᠠᠯ ᠨᠢ ᠬᠠᠤᠯᠢ ᠠᠴᠠ ᠵᠥᠷᠢᠴᠡᠭᠰᠡᠨ᠂ ᠳᠤᠷ᠎ᠠ ᠪᠠᠷ ᠵᠣᠭᠤᠰ ᠲᠣᠷᠭᠠᠬᠤ ᠵᠡᠷᠭᠡ ᠦᠶᠯᠡ ᠠᠵᠢᠯᠯᠠᠭ᠎ᠠ ᠨᠤᠭᠤᠳ ᠲᠤ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠷ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠤ ᠳᠡᠭᠡᠭᠰᠢᠯᠡᠯᠲᠡ ᠶᠢ ᠠᠬᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠠᠷᠠᠳ ᠲᠤ ᠨᠠᠩ ᠳᠥᠭᠦᠮᠯᠡᠬᠦ ᠶᠢ ᠠᠬᠢᠭᠤᠯᠤᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠦᠲᠦᠮᠵᠢ ᠪᠠ ᠨᠡᠶᠢᠲᠡ ᠶᠢᠨ ᠢᠲᠡᠭᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠵᠠᠷᠭᠤ᠂ ᠵᠠᠬᠢᠳᠠᠯ ᠰᠤᠷᠪᠤᠯᠵᠢᠯᠠᠯ ᠵᠡᠷᠭᠡ ᠯᠦᠭᠡ ᠵᠣᠯᠭᠠᠭᠤᠯᠬᠤ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠵᠠᠰᠠᠭ ᠵᠠᠬᠢᠷᠭᠠᠨ ᠤ ᠮᠠᠷᠭᠤᠯᠳᠤᠭᠠᠨ ᠢ ᠵᠠᠰᠠᠭ ᠵᠠᠬᠢᠷᠭᠠᠨ ᠤ ᠵᠠᠷᠭᠤ᠂ ᠵᠠᠬᠢᠳᠠᠯ ᠰᠤᠷᠪᠤᠯᠵᠢᠯᠠᠯ ᠵᠡᠷᠭᠡ ᠠᠴᠠ ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ ᠵᠠᠮ ᠳᠤ ᠣᠷᠣᠭᠤᠯᠤᠨ ᠰᠢᠢᠳᠪᠦᠷᠢᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ ᠭᠡᠵᠡᠢ᠃
ᠬᠤᠷᠠᠯ ᠳᠤ ᠵᠢᠭᠠᠵᠤ ᠭᠠᠷᠭᠠᠭᠰᠠᠨ ᠨᠢ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠭᠠᠳᠠᠭᠠᠳᠤ ᠳᠠᠬᠢ ᠬᠥᠮᠥᠷᠭᠡ ᠵᠡᠷᠭᠡ ᠭᠠᠳᠠᠭᠠᠳᠤ ᠠᠷᠠᠯᠵᠢᠶᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠬᠦ ᠨᠢ ᠭᠠᠳᠠᠭᠠᠳᠤ ᠠᠷᠠᠯᠵᠢᠶᠠᠨ ᠤ ᠪᠦᠲᠦᠴᠡ ᠶᠢ ᠰᠢᠯᠢᠳᠡᠭᠵᠢᠭᠦᠯᠬᠦ᠂ ᠬᠡᠪᠴᠢᠶ᠎ᠡ ᠶᠢ ᠲᠣᠭᠲᠠᠪᠤᠷᠢᠵᠢᠭᠤᠯᠬᠤ ᠶᠢ ᠠᠬᠢᠭᠤᠯᠬᠤ ᠳᠤ ᠠᠰᠢᠭᠲᠠᠢ᠂ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠰᠢᠨ᠎ᠡ ᠳᠠᠪᠠᠭᠤᠯᠢᠭ ᠢ ᠪᠤᠢ ᠪᠣᠯᠭᠠᠬᠤ ᠳᠤ ᠠᠰᠢᠭᠲᠠᠢ ᠶᠤᠮ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠪᠣᠶᠢᠵᠢᠭᠤᠯᠵᠤ᠂ ᠣᠷᠣᠨ ᠨᠤᠲᠤᠭ ᠤᠨ ᠬᠢᠨ ᠣᠨᠴᠠᠯᠢᠭᠲᠤ ᠳᠠᠪᠠᠭᠤᠯᠢᠭ ᠲᠤ ᠪᠠᠨ ᠰᠠᠭᠤᠷᠢᠯᠠᠨ ᠤᠯᠠᠮᠵᠢᠯᠠᠯᠲᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠳᠡᠮᠵᠢᠬᠦ ᠶᠢ ᠵᠣᠷᠢᠭᠵᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠠᠵᠤ ᠠᠬᠤᠶᠢᠯᠠᠯ ᠳᠤ ᠨᠡᠩ ᠤᠯᠠᠨ ᠳᠡᠯᠭᠡᠨ ᠦᠵᠡᠭᠦᠯᠵᠦ ᠵᠣᠯᠭᠠᠭᠤᠯᠬᠤ ᠲᠠᠪᠴᠠᠩ ᠬᠠᠩᠭᠠᠵᠤ᠂ ᠲᠦᠷᠦᠯ ᠲᠡᠮᠳᠡᠭ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠵᠦ᠂ ᠬᠤᠯᠪᠣᠭᠳᠠᠯ ᠪᠦᠬᠦᠢ ᠰᠠᠭᠤᠷᠢ ᠪᠡᠯᠡᠳᠬᠡᠮᠵᠢ ᠪᠣᠯᠣᠨ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠪᠣᠯᠣᠨ ᠦᠢᠯᠡᠴᠢᠯᠡᠭᠡ ᠶᠢ ᠰᠢᠯᠢᠳᠡᠭᠵᠢᠭᠦᠯᠵᠦ᠂ ᠪᠠᠷᠢᠮᠵᠢᠶ᠎ᠠ ᠳᠦᠷᠢᠮ ᠤᠨ ᠪᠠᠶᠢᠭᠤᠯᠤᠯᠲᠠ ᠪᠠ ᠤᠯᠠᠨ ᠤᠯᠤᠰ ᠤᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠬᠦ ᠬᠡᠷᠡᠭᠲᠡᠢ᠃ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠡᠮᠬᠢ ᠵᠢᠷᠤᠮ ᠲᠠᠢ ᠪᠠᠷ ᠥᠷᠢᠰᠦᠯᠳᠦᠬᠦ ᠶᠢ ᠬᠥᠲᠥᠯᠥᠨ ᠵᠢᠯᠤᠭᠤᠳᠴᠤ᠂ ᠠᠵᠤ ᠦᠢᠯᠡᠰ ᠤᠨ ᠬᠡᠯᠬᠢᠶᠡᠨ ᠤ ᠳᠡᠭᠡᠳᠦ ᠳᠣᠣᠷᠠᠳᠤ ᠤᠷᠤᠰᠬᠠᠯ ᠤᠨ ᠬᠥᠭᠵᠢᠯᠲᠡ ᠳᠤ ᠨᠡᠩ ᠰᠠᠶᠢᠨ ᠬᠦᠴᠦᠨ ᠣᠯᠭᠤᠬᠤ ᠬᠡᠷᠡᠭᠲᠡᠢ ᠭᠡᠵᠡᠢ᠃
ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠵᠠᠢ᠃