ᠵᠤᠬᠢᠶᠠᠭᠴᠢ: ᠴᠠᠭ:2024-06-21 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠤ ᠣᠷᠴᠢᠨ ᠢ ᠪᠠᠶᠢᠭᠤᠯᠬᠤ ᠬᠡᠷᠡᠭᠲᠡᠢ    ᠯᠢ ᠴᠢᠶᠠᠩ  ᠸᠠᠩ ᠬᠤ᠋ ᠨᠢᠩ  ᠼᠠᠢ ᠴᠢ ᠣᠷᠣᠯᠴᠠᠪᠠ

 

︵ᠰᠢᠨᠬᠤᠸᠠ ᠬᠤᠷᠢᠶ᠎ᠠ ᠶᠢᠨ ᠪᠡᠭᠡᠵᠢᠩ ᠤᠨ 2024  6 ᠳ᠋ᠤᠭᠠᠷ ᠰᠠᠷ᠎ᠠ ᠶᠢᠨ 11 ᠤ  ᠴᠠᠭᠢᠯᠭᠠᠨ ᠮᠡᠳᠡᠭᠡ︶    ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 6  ᠰᠠᠷ᠎ᠠ ᠶᠢᠨ 11 ᠤ  ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 《ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠲᠤᠬᠠᠢ ᠰᠠᠨᠠᠯ》《ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠣᠯᠣᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠥᠭᠬᠦ ᠲᠣᠭᠲᠠᠴᠠ ᠶᠢ ᠪᠦᠷᠢᠨᠰᠢᠭᠦᠯᠬᠦ ᠲᠤᠬᠠᠢ ᠵᠢᠯᠤᠭᠤᠳᠬᠤ ᠰᠠᠨᠠᠯ》《ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠤ ᠣᠷᠴᠢᠨ ᠢ ᠪᠠᠶᠢᠭᠤᠯᠬᠤ ᠲᠤᠬᠠᠢ ᠰᠠᠨᠠᠯ ᠤᠳ》ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃

ᠰᠢ ᠶᠢᠨ ᠫᠢᠩ ᠬᠤᠷᠠᠯ ᠢ ᠡᠷᠭᠢᠯᠡᠭᠦ ᠳᠡᠭᠡᠨ᠂ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠳᠤ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠥᠮᠴᠢᠯᠡᠯ ᠤᠨ ᠡᠷᠬᠡ ᠲᠣᠳᠣᠷᠬᠠᠢ᠂ ᠡᠷᠬᠡ ᠬᠠᠷᠢᠭᠤᠴᠠᠯᠭ᠎ᠠ ᠲᠣᠳᠣᠷᠬᠠᠢ᠂ ᠵᠠᠰᠠᠭ ᠠᠵᠤ ᠠᠬᠤᠶᠢᠯᠠᠯ ᠢ ᠰᠠᠯᠭᠠᠭᠰᠠᠨ᠂ ᠬᠠᠮᠢᠶᠠᠷᠤᠯᠲᠠ ᠰᠢᠨᠵᠢᠯᠡᠬᠦ ᠤᠬᠠᠭᠠᠨᠴᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠨᠡᠩ ᠤᠯᠠᠨ ᠳᠡᠯᠡᠬᠡᠢ ᠶᠢᠨ ᠲᠡᠷᠢᠭᠦᠨ ᠤ ᠠᠵᠤ ᠠᠬᠤᠶᠢᠯᠠᠯ ᠢ ᠪᠣᠶᠢᠵᠢᠭᠤᠯᠬᠤ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠵᠤ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠳᠤ ᠡᠷᠬᠡᠪᠰᠢ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠪᠠ ᠣᠷᠣᠨ ᠨᠤᠲᠤᠭ ᠤᠨ ᠠᠮᠤ ᠪᠤᠳᠠᠭ᠎ᠠ ᠲᠠᠷᠢᠬᠤ ᠶᠢ ᠠᠳᠬᠤᠬᠤ ᠢᠳᠡᠪᠬᠢᠵᠢᠯ ᠢ ᠬᠠᠮᠠᠭᠠᠯᠠᠨ ᠲᠠᠶᠢᠴᠢᠯᠠᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠠ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠥᠭᠬᠦ ᠲᠣᠭᠲᠠᠴᠠ ᠶᠢ ᠪᠦᠷᠢᠨᠰᠢᠭᠦᠯᠵᠦ᠂ ᠲᠦᠷᠦ ᠶᠢᠨ ᠪᠣᠳᠣᠯᠭ᠎ᠠ ᠶᠢᠨ ᠣᠨᠣᠪᠴᠢᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠨᠡᠭᠡᠭᠡᠯᠲᠡ ᠬᠢᠬᠦ ᠪᠠᠷ ᠰᠢᠨ᠎ᠡ ᠶᠢ ᠡᠭᠦᠳᠬᠦ ᠶᠢ ᠠᠬᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠭᠠᠳᠠᠭᠠᠳᠤ ᠨᠡᠭᠡᠭᠡᠯᠲᠡ ᠬᠢᠬᠦ ᠪᠠᠶᠢᠭᠤᠯᠤ‍ᠯ ᠲᠣᠭᠲᠠᠴᠠ ᠶᠢ ᠪᠦᠷᠢᠨᠰᠢᠭᠦᠯᠵᠦ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠰᠢᠨ᠎ᠡ ᠶᠢ ᠡᠭᠦᠳᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠪᠦᠭᠦ ᠪᠥᠮᠪᠥᠷᠴᠡᠭ ᠤᠨ ᠰᠢᠨ᠎ᠡ ᠶᠢ ᠡᠭᠦᠳᠬᠦ ᠲᠣᠣᠷ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢ ᠲᠤᠪᠤᠶᠢᠯᠭᠠᠵᠦ᠂ ᠨᠡᠭᠡᠭᠡᠯᠲᠡ ᠬᠢᠵᠦ ᠰᠢᠨ᠎ᠡ ᠶᠢ ᠡᠭᠦᠳᠬᠦ ᠳᠦᠷᠢᠮ ᠤᠨ ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠋ ᠨᠢᠩ᠂ ᠼᠠᠢ ᠴᠢ ᠬᠤᠷᠠᠯ ᠳᠤ ᠣᠷᠣᠯᠴᠠᠪᠠ᠃

ᠬᠤᠷᠠᠯ ᠠᠴᠠ᠂ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠳᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠭᠦᠨᠳᠦᠳᠭᠡᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠡᠪᠴᠢᠶ᠎ᠡ᠂ ᠬᠥᠭᠵᠢᠯᠲᠡ ᠶᠢᠨ ᠱᠠᠲᠤ ᠦᠶ᠎ᠡ᠂ ᠥᠮᠴᠢᠯᠡᠯ ᠤᠨ ᠳᠦᠷᠢᠮ ᠤᠨ ᠰᠢᠨᠵᠢ ᠴᠢᠨᠠᠷ ᠵᠡᠷᠭᠡ ᠶᠢ ᠦᠨᠳᠦᠰᠦᠯᠡᠨ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠬᠥᠲᠥᠯᠥᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠤᠳᠤᠷᠢᠳᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤ ᠦᠶ᠎ᠡ ᠶᠢᠨ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠨᠥᠬᠦᠴᠡᠯ ᠲᠠᠢ ᠠᠷᠠᠳ  ᠡᠴᠡ ᠡᠵᠡᠩᠨᠡᠭᠰᠡᠨ ᠠᠵᠤ ᠠᠬᠤᠶᠢᠯᠠᠯ ᠤᠨ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠪᠠᠶᠢᠭᠤᠯᠬᠤ ᠶᠢ ᠵᠣᠷᠢᠭᠵᠢᠭᠤᠯᠵᠤ᠂ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠬᠤᠪᠢ ᠣᠷᠣᠭᠤᠯᠤᠭᠴᠢ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠳᠣᠲᠣᠭᠠᠳᠤ ᠬᠢᠨᠠᠯᠲᠠ ᠶᠢ ᠨᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠵᠦ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠳᠣᠲᠣᠭᠠᠳᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ ᠠᠴᠠ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠣᠯᠣᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠥᠭᠬᠦ ᠲᠣᠭᠲᠠᠴᠠ ᠶᠢ ᠪᠦᠷᠢᠨᠰᠢᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠦᠨ᠎ᠡ ᠬᠠᠩᠰᠢ᠂ ᠨᠥᠬᠦᠪᠦᠷᠢ᠂ ᠳᠠᠭᠠᠳᠬᠠᠯ ᠵᠡᠷᠭᠡ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠡᠵᠡᠩᠨᠡᠯᠲᠡ ᠶᠢᠨ ᠦᠷ᠎ᠡ ᠠᠰᠢᠭ ᠢ ᠨᠡᠮᠡᠭᠳᠡᠭᠦᠯᠬᠦ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠱᠠᠩᠨᠠᠵᠤ ᠨᠥᠬᠦᠪᠦᠷᠢᠯᠡᠬᠦ ᠶᠢ ᠵᠣᠷᠢᠭᠵᠢᠭᠤᠯᠬᠤ ᠳᠦᠷᠢᠮ ᠢ ᠪᠦᠷᠢᠨᠰᠢᠭᠦᠯᠵᠦ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠳᠤ ᠤᠯᠠᠨ ᠠᠷᠭ᠎ᠠ ᠵᠠᠮ ᠢᠶᠠᠷ ᠠᠰᠢᠭ ᠲᠤᠰᠠ ᠶᠢᠨ ᠨᠥᠬᠦᠪᠦᠷᠢ ᠥᠭᠬᠦ ᠠᠷᠭ᠎ᠠ ᠶᠢ ᠰᠦᠪᠡᠭᠴᠢᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠵᠦ ᠬᠠᠮᠠᠭᠠᠯᠠᠬᠤ ᠲᠣᠭᠲᠠᠯᠴᠠᠭ᠎ᠠ ᠶᠢ ᠪᠦᠷᠢᠨᠰᠢᠭᠦᠯᠬᠦ ᠬᠡᠷᠡᠭᠲᠡᠢ᠃ ᠮᠤᠵᠢ ᠶᠢᠨ ᠬᠤᠭᠤᠷᠣᠨᠳᠣᠭᠢ ᠠᠰᠢᠭ ᠲᠤᠰᠠ ᠶᠢᠨ ᠨᠥᠬᠦᠪᠦᠷᠢ ᠥᠭᠬᠦ ᠲᠣᠭᠲᠠᠴᠠ ᠶᠢ ᠪᠠᠶᠢᠭᠤᠯᠬᠤ ᠲᠠᠯ᠎ᠠ ᠪᠠᠷ ᠪᠣᠳᠠᠲᠠᠢ ᠠᠯᠬᠤᠮ ᠢ ᠠᠯᠬᠤᠵᠤ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ᠂ ᠭᠤᠣᠯ ᠪᠣᠷᠤᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠣᠷᠤᠯᠠᠭᠤᠯᠭ᠎ᠠ ᠲᠡᠩᠴᠡᠭᠦᠷᠢᠲᠡᠢ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠮᠲᠤ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠵᠢᠵᠢᠭ ᠲᠠᠷᠢᠶᠠ‍ᠯᠠᠬᠤ ᠡᠷᠦᠭᠡ ᠪᠣᠯᠣᠨ ᠰᠢᠨ᠎ᠡ ᠭᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠨᠢᠭᠡᠳᠦᠯᠲᠡᠢ ᠲᠥᠯᠥᠪᠵᠢᠭᠦᠯᠦᠨ ᠳᠡᠮᠵᠢᠵᠦ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠦᠢᠯᠡᠴᠢᠯᠡᠵᠦ ᠬᠥᠲᠥᠯᠥᠨ ᠵᠢᠯᠤᠭᠤᠳᠬᠤ᠂ ᠠᠰᠢᠭ ᠲᠤᠰᠠ ᠶᠢᠨ ᠬᠤᠯᠪᠤᠭ᠎ᠠ ᠵᠡᠷᠭᠡ ᠶᠢ ᠴᠢᠩᠭᠠᠳᠬᠠᠵᠤ᠂ ᠵᠢᠵᠢᠭ ᠲᠠᠷᠢᠶᠠ‍ᠯᠠᠬᠤ ᠡᠷᠦᠭᠡ ᠪᠣᠯᠣᠨ ᠣᠲᠣ ᠦᠶ᠎ᠡ ᠶᠢᠨ ᠬᠥᠳᠡᠭᠡ ᠠᠵᠤ ᠠᠬᠤᠢ ᠶᠢᠨ ᠬᠥᠭᠵᠢᠯᠲᠡ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠠᠴᠠ᠂ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠤ ᠣᠷᠴᠢᠨ ᠢ ᠪᠠᠶᠢᠭᠤᠯᠬᠤ ᠳᠤ᠂ 《ᠭᠠᠷᠴᠤ ᠶᠠᠪᠤᠬᠤ》ᠪᠠ《ᠣᠷᠣᠭᠤᠯᠤᠨ ᠠᠪᠴᠢᠷᠠᠬᠤ》 ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠬᠠᠨᠢᠲᠠᠨ ᠤ ᠬᠠᠷᠢᠯᠴᠠᠭ᠎ᠠ ᠶᠢ ᠴᠢᠷᠮᠠᠶᠢᠨ ᠪᠠᠶᠢᠭᠤᠯᠵᠤ᠂ ᠪᠦᠭᠦ ᠪᠥᠮᠪᠥᠷᠴᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠰᠠᠯᠲᠠ ᠳᠤ ᠤᠷᠢᠳᠴᠢᠯᠠᠨ ᠲᠥᠰᠥᠪᠯᠡᠬᠦ ᠪᠠ ᠭᠦᠨᠵᠡᠭᠡᠢ ᠣᠷᠤᠯᠴᠠᠬᠤ ᠶᠢ ᠪᠠᠷᠢᠮᠲᠠᠯᠠᠬᠤ ᠬᠡᠷᠡᠭᠲᠡᠢ᠃ ᠳᠡᠯᠡᠬᠡᠶᠢᠵᠢᠭᠰᠡᠨ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠪᠣᠳᠠᠲᠠᠢ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠬᠠᠷᠠᠭᠠᠯᠠᠨ᠂ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠢᠳᠠᠪᠤᠷᠢᠲᠠᠨ ᠣᠷᠣᠭᠤᠯᠤᠨ ᠠᠪᠴᠢᠷᠠᠬᠤ᠂ ᠦᠯᠡᠳᠡᠭᠡᠵᠦ ᠳᠡᠶᠢᠯᠭᠦ᠂ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ ᠤ ᠳᠦᠷᠢᠮ ᠪᠣᠯᠣᠨ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠲᠠᠰᠤᠷᠠᠯᠳᠠ ᠦᠭᠡᠢ ᠪᠦᠷᠢᠨᠰᠢᠭᠦᠯᠵᠦ᠂ ᠨᠡᠭᠡᠭᠡᠯᠲᠡᠲᠤ ᠣᠷᠴᠢᠨ ᠨᠥᠬᠦᠴᠡᠯ ᠳᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃

 

 


   :                    
   :           
备案序号:蒙ICP备05003250号 公安备案15010502000173