ᠵᠤᠬᠢᠶᠠᠭᠴᠢ: ᠴᠠᠭ:2024-07-05 ᠥᠵᠡᠭᠰᠡᠨ : ᠢᠷᠡᠯᠲᠡ:  ᠥᠪᠥᠷ ᠮᠣᠩᠭᠤᠯ ᠤᠨ     ᠵᠠᠰᠠᠭ ᠤᠨ ᠣᠷᠳᠣᠨ  
ᠰᠢ ᠶᠢᠨ ᠫᠢᠩ ᠺᠠᠽᠠᠭᠰᠲ᠋ᠠᠨ ᠤ ᠵᠠᠭᠤᠴᠢᠯᠠᠭᠤᠷ ᠲᠤ ᠨᠡᠷ᠎ᠡ ᠬᠠᠳᠠᠭᠰᠠᠨ ᠵᠣᠬᠢᠶᠠᠯ ᠨᠡᠶᠢᠲᠡᠯᠡᠪᠡ  ᠰᠡᠳᠬᠢᠯ ᠨᠢᠭᠡᠳᠦᠨ ᠯᠠᠪᠳᠠᠭᠤᠨ ᠪᠠᠲᠤᠲᠠᠢ ᠤᠷᠤᠭᠰᠢᠯᠠᠵᠤ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠶ᠎ᠡ

 

ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 2024  7  ᠰᠠᠷ᠎ᠠ ᠶᠢᠨ 2 ᠦᠨ  ᠤᠨ ᠴᠠᠭᠢᠯᠭᠠᠨ ᠮᠡᠳᠡᠭᠡ   7  ᠰᠠᠷ᠎ᠠ ᠶᠢᠨ 2 ᠤᠨ ᠡᠳᠦᠷ ᠂ ᠠᠰᠲ᠋ᠠᠨᠠ ᠳᠤ ᠬᠦᠷᠴᠦ ᠺᠠᠽᠠᠬᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠲᠠᠰᠢᠷᠠᠮ ᠢᠶᠠᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ 《ᠺᠠᠽᠠᠬᠰᠲ᠋ᠠᠨ ᠤ ᠦᠨᠡᠨ ᠶᠣᠰᠣ ᠰᠣᠨᠢᠨ》᠂ ᠺᠠᠽᠠᠬᠰᠲ᠋ᠠᠨ ᠤ ᠤᠯᠠᠨ ᠤᠯᠤᠰ ᠤᠨ ᠴᠢᠮᠡᠭᠡᠯᠡᠯ ᠤᠨ ᠬᠤᠷᠢᠶ᠎ᠠ ᠳᠤ《ᠰᠡᠳᠬᠢᠯ ᠨᠢᠭᠡᠳᠦᠨ ᠯᠠᠪᠳᠠᠭᠤᠨ ᠪᠠᠲᠤᠲᠠᠢ ᠤᠷᠤᠭᠰᠢᠯᠠᠵᠤ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠶ᠎ᠡ》ᠭᠡᠬᠦ ᠰᠡᠳᠦᠪ ᠢᠶᠠᠷ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ ᠄

ᠰᠡᠳᠬᠢᠯ ᠨᠢᠭᠡᠳᠦᠨ ᠯᠠᠪᠳᠠᠭᠤᠨ ᠪᠠᠲᠤᠲᠠᠢ ᠤᠷᠤᠭᠰᠢᠯᠠᠵᠤ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠶ᠎ᠡ

ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ   ᠰᠢ ᠶᠢᠨ ᠫᠢᠩ

 

ᠵᠤᠨ ᠤ ᠳᠤᠮᠳᠠ ᠰᠠᠷ᠎ᠠ ᠪᠠᠷ ᠲᠦᠮᠡᠨ ᠪᠣᠳᠠᠰ ᠠᠮᠢᠯᠠᠨ ᠲᠥᠯᠵᠢᠨ᠎ᠡ ᠃ ᠡᠨᠡ ᠬᠦ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠤᠯᠠᠷᠢᠯ ᠤᠨ ᠰᠠᠶᠢᠬᠠᠨ ᠳᠤ ᠂ ᠶᠡᠷᠦᠩᠬᠡᠶᠢᠯᠡᠭᠴᠢ ᠲᠦᠸᠧᠺᠠᠶᠧᠹ ᠤᠨ ᠤᠷᠢᠯᠭ᠎ᠠ ᠪᠠᠷ ᠂ ᠪᠢ ᠤᠳᠠᠯ ᠦᠭᠡᠢ ᠺᠠᠽᠠᠬᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠣᠯᠣᠨ᠎ᠠ ᠃ ᠡᠨᠡ ᠪᠣᠯ ᠮᠢᠨᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠲᠠᠪᠤᠳᠠᠭᠢ ᠤᠳᠠᠭ᠎ᠠ ᠡᠨᠡ ᠬᠦ ᠪᠠᠭ᠋ᠠᠷᠠᠯ ᠢ ᠲᠠᠲᠠᠮ᠎ᠠ ᠭᠠᠵᠠᠷ ᠣᠷᠣᠨ ᠳᠤ ᠠᠶᠢᠯᠴᠢᠯᠠᠵᠤ ᠪᠠᠶᠢᠭ᠎ᠠ ᠶᠠᠪᠤᠳᠠᠯ ᠪᠣᠯᠣᠨ᠎ᠠ ᠃ ᠺᠠᠽᠠᠬᠰᠲ᠋ᠠᠨ ᠤ ᠭᠡᠷᠡᠯ ᠰᠠᠴᠤᠷᠠᠩᠭᠤᠢ ᠥᠪᠡᠷᠮᠢᠴᠡ ᠰᠣᠶᠣᠯ ᠂ ᠥᠷᠭᠡᠨ ᠠᠭᠤᠳᠠᠮ ᠦᠵᠡᠰᠬᠦᠯᠡᠩᠲᠦ ᠰᠠᠶᠢᠬᠠᠨ ᠥᠩᠭᠡ ᠦᠵᠡᠮᠵᠢ ᠂ ᠪᠣᠷᠣᠭᠵᠢᠭᠤᠨ ᠵᠣᠴᠢᠨᠰᠠᠭ ᠠᠷᠠᠳ ᠲᠦᠮᠡᠨ ᠨᠠᠳᠠ ᠳᠤ ᠭᠦᠨ ᠰᠠᠭᠤᠭᠳᠠᠯ ᠦᠯᠡᠳᠡᠭᠡᠵᠡᠢ ᠃ ᠪᠢ ᠡᠨᠡ ᠤᠳᠠᠭ᠎ᠠ ᠶᠢᠨ ᠠᠶᠢᠯᠴᠢᠯᠠᠯᠲᠠ ᠪᠠᠷ ᠳᠠᠮᠵᠢᠨ ᠂ ᠺᠠᠽᠠᠬᠰᠲ᠋ᠠᠨ ᠤ ᠰᠢᠨ᠎ᠡ ᠬᠥᠭᠵᠢᠯᠲᠡ ᠰᠢᠨ᠎ᠡ ᠬᠤᠪᠢᠷᠠᠯᠲᠠ ᠶᠢ ᠪᠡᠶᠡᠴᠢᠯᠡᠨ ᠣᠶᠢᠯᠠᠭᠠᠵᠤ ᠂ ᠶᠡᠷᠦᠩᠬᠡᠶᠢᠯᠡᠭᠴᠢ ᠲᠦᠸᠧᠺᠠᠶᠧᠹ ᠲᠠᠢ ᠬᠠᠮᠲᠤ ᠪᠠᠷ ᠬᠤᠶᠠᠷ ᠤᠯᠤᠰ ᠤᠨ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠵᠥᠪᠳᠡᠯᠴᠡᠵᠦ ᠂ ᠭᠠᠷ ᠬᠤᠯᠪᠣᠯᠴᠠᠨ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠪᠣᠯᠣᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠰᠢᠨ᠎ᠡ ᠵᠢᠷᠤᠭ ᠲᠥᠰᠥᠪ ᠢ ᠵᠢᠷᠤᠭᠯᠠᠬᠤ ᠶᠢ ᠬᠦᠰᠡᠵᠦ ᠪᠠᠶᠢᠨ᠎ᠠ ᠃

2000 ᠭᠠᠷᠤᠢ ᠵᠢᠯ ᠤᠨ ᠡᠮᠦᠨ᠎ᠡ ᠂ ᠵᠠᠩ ᠴᠢᠶᠠᠨ ᠶᠣᠰᠣ ᠵᠢᠷᠤᠮ ᠢ ᠪᠠᠷᠢᠮᠲᠠᠯᠠᠨ ᠪᠠᠷᠠᠭᠤᠨ ᠬᠢᠵᠠᠭᠠᠷ ᠲᠤ ᠡᠯᠴᠢ ᠪᠠᠷ ᠬᠦᠷᠴᠦ ᠂ ᠳᠤᠮᠳᠠᠳᠤ ᠤᠯᠤᠰ ᠪᠣᠯᠣᠨ ᠳᠤᠮᠳᠠᠳᠤ ᠠᠽᠢᠶ᠎ᠠ ᠶᠢᠨ ᠨᠥᠭᠦᠷᠰᠡᠭ ᠶᠠᠪᠤᠯᠴᠠᠭᠠᠨ ᠤ ᠡᠭᠦᠳᠡ ᠶᠢ ᠨᠡᠭᠡᠭᠡᠪᠡ ᠃ ᠡᠷᠲᠡᠨ ᠤ ᠲᠣᠷᠭᠠᠨ ᠵᠠᠮ ᠨᠢ ᠮᠠᠨ ᠤ ᠬᠤᠶᠠᠷ ᠠᠭᠤᠤ ᠶᠡᠭᠡ ᠦᠨᠳᠦᠰᠦᠲᠡᠨ ᠤ ᠨᠥᠭᠦᠷᠰᠡᠭ ᠶᠠᠪᠤᠯᠴᠠᠭ᠎ᠠ ᠪᠠ ᠰᠣᠯᠢᠯᠴᠠᠭ᠎ᠠ ᠲᠣᠯᠢᠯᠠᠯ ᠢ ᠠᠬᠢᠭᠤᠯᠪᠠ ᠃ 80 ᠭᠠᠷᠤᠢ ᠵᠢᠯ ᠤᠨ ᠡᠮᠦᠨ᠎ᠡ ᠂ ᠳᠤᠮᠳᠠᠳᠤ ᠺᠠᠽᠠᠬᠰᠲ᠋ᠠᠨ ᠤ ᠬᠤᠶᠠᠷ ᠬᠥᠭᠵᠢᠮᠴᠢᠨ ᠰᠢᠶᠠᠨ ᠰᠢᠩ ᠬᠠᠢ ᠪᠣᠯᠣᠨ ᠪᠠᠶᠢᠺᠠᠳᠠᠮᠤᠹ ᠠᠯᠮᠠ ᠠᠲ᠋ᠠ ᠳᠤ ᠲᠠᠨᠢᠯᠴᠠᠨ ᠣᠶᠢᠯᠠᠭᠠᠯᠴᠠᠵᠤ ᠂ ᠤᠯᠤᠰ ᠤᠨ ᠬᠢᠯᠢ ᠳᠠᠪᠠᠭᠰᠠᠨ ᠠᠬ᠎ᠠ ᠳᠡᠭᠦᠦ ᠶᠢᠨ ᠨᠥᠬᠦᠷᠯᠡᠯ ᠢ ᠪᠠᠶᠢᠭᠤᠯᠪᠠ ᠃ 32 ᠵᠢᠯ ᠤᠨ ᠡᠮᠦᠨ᠎ᠡ ᠂ ᠳᠤᠮᠳᠠᠳᠤ ᠤᠯᠤᠰ ᠬᠠᠮᠤᠭ ᠤᠨ ᠡᠷᠲᠡ ᠺᠠᠽᠠᠬᠰᠲ᠋ᠠᠨ ᠤ ᠲᠤᠰᠠᠭᠠᠷ ᠲᠣᠭᠲᠠᠨᠢᠭᠰᠠᠨ ᠢ ᠮᠡᠳᠡᠷᠡᠭᠰᠡᠨ ᠤᠯᠤᠰ ᠤᠨ ᠨᠢᠭᠡ ᠪᠣᠯᠵᠤ ᠂ ᠬᠤᠶᠠᠷ ᠤᠯᠤᠰ ᠤᠨ ᠬᠠᠷᠢᠯᠴᠠᠭ᠎ᠠ ᠲᠠᠭᠢᠨ ᠳᠠᠷᠪᠠᠭᠤᠯ ᠬᠡᠶᠢᠰᠬᠡᠨ ᠠᠶᠠᠯᠠᠯ ᠢᠶᠠᠨ ᠡᠬᠢᠯᠡᠭᠦᠯᠪᠡ ᠃ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠲᠡᠦᠬᠡ ᠶᠢᠨ ᠶᠡᠭᠡ ᠬᠠᠨᠳᠤᠰᠢ ᠲᠠᠢ ᠨᠡᠶᠢᠴᠡᠵᠦ ᠂ ᠴᠠᠭ ᠦᠶ᠎ᠡ ᠶᠢᠨ ᠤᠷᠤᠰᠬᠠᠯ ᠲᠠᠢ ᠨᠡᠶᠢᠴᠡᠵᠦ ᠪᠠᠶᠢᠬᠤ ᠶᠢ ᠳᠤᠮᠳᠠᠳᠤ ᠺᠠᠽᠠᠬᠰᠲ᠋ᠠᠨ ᠤ ᠨᠥᠭᠦᠷᠰᠡᠭ ᠶᠠᠪᠤᠯᠴᠠᠭᠠᠨ ᠤ ᠲᠡᠦᠬᠡ ᠭᠦᠢᠴᠡᠳ ᠭᠡᠷᠡᠴᠢᠯᠡᠪᠡ ᠃

11 ᠵᠢᠯ ᠤᠨ ᠡᠮᠦᠨ᠎ᠡ ᠂ ᠪᠢ ᠺᠠᠽᠠᠬᠰᠲ᠋ᠠᠨ ᠳᠤ ᠠᠩᠬ᠎ᠠ ᠤᠳᠠᠭ᠎ᠠ《ᠲᠣᠷᠭᠠᠨ ᠵᠠᠮ ᠤᠨ ᠠᠵᠤ ᠠᠬᠤᠢ ᠶᠢᠨ ᠪᠦᠰᠡ》 ᠶᠢᠨ ᠰᠠᠨᠠᠭᠠᠴᠢᠯᠠᠭ᠎ᠠ ᠶᠢ ᠳᠤᠷᠠᠳᠴᠤ ᠂ ᠺᠠᠽᠠᠬᠰᠲ᠋ᠠᠨ ᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠢᠳᠡᠪᠬᠢᠲᠡᠢ ᠬᠠᠷᠢᠭᠤ ᠲᠤᠰᠬᠠᠯ ᠢ ᠣᠯᠪᠠ ᠃ ᠬᠤᠶᠠᠷ ᠤᠯᠤᠰ ᠤᠨ《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠠᠤᠭ᠎ᠠ ᠵᠢᠷᠤᠭ ᠡᠭᠦᠨ ᠠᠴᠠ ᠡᠬᠢᠯᠡᠵᠦ ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠬᠥᠭᠵᠢᠯᠲᠡ ᠰᠢᠨ᠎ᠡ ᠱᠠᠲᠤ ᠦᠶ᠎ᠡ ᠳᠤ ᠣᠷᠣᠪᠠ ᠃

ᠪᠢᠳᠡ ᠬᠠᠷᠢᠯᠴᠠᠨ ᠳᠡᠮᠵᠢᠯᠴᠡᠵᠦ ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ ᠂ ᠤᠯᠤᠰ ᠲᠥᠷᠥ ᠶᠢᠨ ᠢᠲᠡᠭᠡᠯᠴᠡᠭᠡ ᠶᠢᠨ ᠰᠢᠨ᠎ᠡ ᠥᠨᠳᠥᠷᠴᠡ ᠶᠢ ᠨᠡᠭᠡᠭᠡᠪᠡ ᠃ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠠᠶᠢᠭᠰᠠᠨ ᠠᠴᠠ ᠪᠠᠨ ᠥᠨᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠤᠭᠰᠠᠨ ᠦᠰᠦᠷᠦᠯᠲᠡ ᠶᠢ ᠪᠡᠶᠡᠯᠡᠭᠦᠯᠦᠭᠰᠡᠨ ᠪᠥᠭᠡᠳ ᠦᠶ᠎ᠡ ᠶᠢᠨ ᠦᠶ᠎ᠡ ᠳᠡᠭᠡᠨ ᠨᠥᠭᠦᠷᠰᠡᠭ ᠂ ᠳᠡᠭᠡᠳᠦ ᠬᠡᠮᠵᠢᠶ᠎ᠡ ᠪᠠᠷ ᠢᠲᠡᠭᠡᠯᠴᠡᠬᠦ ᠂ ᠵᠢᠷᠭᠠᠯ ᠵᠣᠪᠠᠯᠠᠩ ᠢᠶᠠᠨ ᠬᠠᠮᠲᠤᠳᠬᠠᠬᠤ ᠳᠤᠮᠳᠠᠳᠤ ᠺᠠᠽᠠᠬᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠦᠰᠡᠯ ᠡᠷᠡᠮᠡᠯᠵᠡᠯ ᠲᠠᠢ ᠪᠣᠯᠵᠠᠢ ᠃ ᠬᠤᠶᠠᠷ ᠲᠠᠯ᠎ᠠ ᠪᠠᠷ ᠢᠶᠠᠨ ᠲᠣᠰ ᠲᠣᠰ ᠤᠨ ᠢᠶᠠᠨ ᠭᠤᠣᠯᠯᠠ‍ᠬᠤ ᠠᠰᠢᠭ ᠲᠤᠰᠠ ᠳᠤ ᠬᠤᠯᠪᠣᠭᠳᠠᠭᠰᠠᠨ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠢᠮᠠᠭᠲᠠ ᠡᠷᠡᠰ ᠳᠡᠮᠵᠢᠵᠦ ᠂ ᠲᠣᠰ ᠤᠯᠤᠰ ᠤᠨ ᠢᠶᠠᠨ ᠪᠠᠶᠢᠳᠠᠯ ᠢ ᠦᠨᠳᠦᠰᠦᠯᠡᠨ ᠡᠵᠡᠨ ᠮᠡᠳᠡᠵᠦ ᠰᠣᠩᠭᠤᠭᠰᠠᠨ ᠬᠥᠭᠵᠢᠯᠲᠡ ᠶᠢᠨ ᠵᠠᠮ ᠢ ᠢᠮᠠᠭᠲᠠ ᠬᠦᠨᠳᠦᠳᠭᠡᠭᠰᠡᠭᠡᠷ ᠢᠷᠡᠪᠡ ᠃ ᠦᠶᠡᠷ ᠤᠰᠤᠲᠤᠯ ᠂ ᠬᠢᠵᠢᠭ ᠤᠨ ᠪᠠᠶᠢᠳᠠᠯ ᠵᠡᠷᠭᠡ ᠭᠠᠢ ᠭᠠᠮᠰᠢᠭ ᠲᠤ ᠲᠤᠯᠭᠠᠷᠠᠬᠤ ᠦᠶ᠎ᠡ ᠳᠤ ᠬᠠᠷᠢᠯᠴᠠᠨ ᠲᠤᠰᠠᠯᠠᠯᠴᠠᠵᠤ ᠂ ᠬᠦᠴᠦᠯᠡᠨ ᠬᠠᠪᠰᠤᠷᠤᠯᠴᠠᠵᠤ ᠂ ᠢᠮᠠᠭᠲᠠ ᠬᠠᠷᠢᠯᠴᠠᠨ ᠢᠲᠡᠭᠡᠯᠴᠡᠵᠦ ᠂ ᠬᠠᠷᠢᠯᠴᠠᠨ ᠲᠦᠰᠢᠭᠯᠡᠯᠴᠡᠬᠦ ᠪᠠᠲᠤ ᠴᠢᠩᠭ᠎ᠠ ᠥᠮᠥᠭ ᠲᠦᠰᠢᠭ ᠪᠣᠯᠪᠠ ᠃ ᠡᠨᠡ ᠬᠦ ᠡᠪᠳᠡᠷᠡᠰᠢ ᠦᠭᠡᠢ ᠪᠠᠲᠤ ᠢᠲᠡᠭᠡᠯ ᠪᠣᠯᠣᠨ ᠳᠡᠮᠵᠢᠯᠭᠡ ᠨᠢ ᠲᠤᠶᠢᠯ ᠤᠨ ᠡᠷᠬᠢᠮ ᠨᠠᠨᠳᠢᠨ ᠪᠠᠶᠢᠵᠤ ᠂ ᠳᠤᠮᠳᠠᠳᠤ ᠺᠠᠽᠠᠬᠰᠲ᠋ᠠᠨ ᠤ ᠬᠠᠮᠲᠤᠷᠠᠯᠴᠠᠭᠠᠨ ᠤ ᠬᠠᠮᠤᠭ ᠤᠨ ᠶᠡᠭᠡ ᠤᠯᠤᠰ ᠲᠦᠷᠦ ᠶᠢᠨ ᠪᠠᠲᠤᠯᠠᠭ᠎ᠠ ᠪᠣᠯᠤᠭᠰᠠᠨ ᠪᠠᠶᠢᠨ᠎ᠠ ᠃

ᠪᠢᠳᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠵᠦ ᠂ ᠬᠠᠮᠵᠢᠯᠴᠠᠨ ᠬᠥᠭᠵᠢᠵᠦ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠰᠢᠨ᠎ᠡ ᠰᠢᠯᠢᠳᠡᠭ ᠠᠮᠵᠢᠯᠲᠠ ᠶᠢ ᠡᠭᠦᠳᠪᠡ ᠃ ᠨᠢᠳᠤᠨᠤᠨ ᠂ ᠳᠤᠮᠳᠠᠳᠤ ᠺᠠᠽᠠᠬᠰᠲ᠋ᠠᠨ ᠤ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ 410 ᠳ᠋ᠦᠩᠰᠢᠭᠤᠷ ᠳ᠋ᠣᠯᠯᠠᠷ ᠤᠨ ᠲᠡᠮᠳᠡᠭᠯᠡᠯ ᠢ ᠡᠭᠦᠳᠪᠡ ᠃ ᠳᠤᠮᠳᠠᠳᠤ ᠤᠯᠤᠰ ᠺᠠᠽᠠᠬᠰᠲ᠋ᠠᠨ ᠤ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠤᠯᠤᠰ ᠂ ᠨᠢᠭᠡᠳᠦᠭᠡᠷ ᠲᠣᠮᠣ ᠭᠠᠳᠠᠭᠠᠳᠤ ᠳᠤ ᠭᠠᠷᠭᠠᠬᠤ ᠬᠠᠷᠠᠯᠲᠠᠲᠤ ᠤᠯᠤᠰ ᠪᠣᠯᠪᠠ ᠃ ᠽᠨᠨᠠᠲ᠋ᠠᠰ ᠰᠠᠯᠬᠢᠨ ᠬᠦᠴᠦᠨ ᠤ ᠴᠠᠭᠢᠯᠭᠠᠨ ᠦᠷᠳᠡᠭᠡ ᠂ ᠲᠦᠷᠭᠦᠰᠦᠨ ᠤᠰᠤᠨ ᠴᠠᠭᠢᠯᠭᠠᠨ ᠤ ᠦᠷᠳᠡᠭᠡ ᠂ ᠴᠢᠮᠦᠺᠧᠨᠲ᠋ᠧ ᠪᠤᠯᠪᠠᠰᠤᠷᠠᠭᠤᠯᠬᠤ ᠦᠢᠯᠡᠳᠪᠦᠷᠢ ᠶᠢᠨ ᠣᠳᠣᠬᠢᠴᠢᠯᠠ‍ᠬᠤ ᠥᠭᠡᠷᠡᠴᠢᠯᠡᠯᠲᠡ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠦᠷᠦᠯ ᠵᠦᠢᠯ ᠤᠷᠤᠭᠰᠢᠲᠠᠢ ᠪᠠᠶᠢᠭᠤᠯᠤᠭᠳᠠᠨ ᠠᠰᠢᠭᠯᠠᠯᠲᠠ ᠳᠤ ᠣᠷᠣᠵᠤ ᠂ ᠳᠤᠮᠳᠠᠳᠤ ᠺᠠᠽᠠᠬᠰᠲ᠋ᠠᠨ ᠤ ᠲᠦᠭᠦᠬᠡᠢ ᠴᠢᠯᠠᠭᠤᠨ ᠲᠤᠰᠤᠨ ᠤ ᠬᠤᠭᠤᠯᠠᠢ ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠠᠮᠤᠷ ᠲᠦᠪᠰᠢᠨ ᠲᠣᠭᠲᠠᠭᠤᠨ ᠢᠶᠠᠷ ᠡᠵᠡᠩᠨᠡᠵᠦ ᠂ ᠲᠠᠷᠢᠶᠠᠯᠠᠩ ᠤᠨ ᠪᠦᠲᠦᠭᠡᠭᠳᠡᠬᠦᠨ ᠤ ᠲᠦᠷᠭᠡᠨ ᠢᠶᠠᠷ ᠪᠣᠭᠤᠮᠲᠠ ᠥᠩᠭᠡᠷᠡᠬᠦ《ᠰᠠᠭᠠᠳ ᠦᠭᠡᠢ ᠨᠡᠪᠲᠡᠷᠡᠬᠦ ᠵᠠᠮ》 ᠢ ᠪᠦᠭᠦᠨ ᠢ ᠪᠦᠷᠬᠦᠭᠦᠯᠬᠦ ᠶᠢ ᠪᠡᠶᠡᠯᠡᠭᠦᠯᠵᠦ ᠂ ᠺᠠᠽᠠᠬᠰᠲ᠋ᠠᠨ ᠤ ᠨᠡᠩ ᠤᠯᠠᠨ ᠴᠢᠨᠠᠷ ᠰᠠᠶᠢᠲᠠᠢ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠲᠦᠭ ᠲᠦᠮᠡᠨ ᠠᠶᠢᠯ ᠡᠷᠦᠭᠡ ᠳᠤ ᠣᠷᠣᠵᠤ ᠢᠷᠡᠬᠦ ᠪᠣᠯᠪᠠ ᠃ ᠬᠤᠶᠠᠷ ᠤᠯᠤᠰ ᠤᠨ ᠰᠢᠨ᠎ᠡ ᠡᠨᠧᠷᠭᠢ ᠂ ᠵᠠᠮ ᠬᠠᠷᠢᠯᠴᠠᠭᠠᠨ ᠤ ᠰᠠᠭᠤᠷᠢ ᠪᠡᠯᠡᠳᠭᠡᠮᠵᠢ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠳᠠᠯᠳᠠ ᠬᠦᠴᠦᠨ ᠲᠠᠰᠤᠷᠠᠯᠲᠠ ᠦᠭᠡᠢ ᠨᠡᠮᠡᠭᠳᠡᠵᠦ ᠂ ᠰᠢ ᠠᠨ ᠤ ᠡᠬᠡ ᠬᠠᠭᠤᠷᠠᠢ ᠶᠢᠨ ᠭᠠᠷᠠᠮ ᠪᠠᠶᠢᠭᠤᠯᠤᠭᠳᠠ‍ᠨ ᠠᠰᠢᠭᠯᠠᠯᠲᠠ ᠳᠤ ᠣᠷᠣᠵᠤ ᠂ ᠪᠠᠷᠠᠭᠤᠨ ᠡᠸᠦ᠋ᠷᠦᠫᠡ — ᠤᠷᠤᠰ — ᠺᠠᠽᠠᠬᠰᠲ᠋ᠠᠨ — ᠲᠤᠮᠳᠠᠳᠤ ᠤᠯᠤᠰ ᠤᠨ ᠪᠠᠷᠠᠭᠤᠨ ᠣᠷᠣᠨ ᠤ ᠵᠠᠰᠠᠮᠠᠯ ᠵᠠᠮ ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠰᠠᠭᠠᠳ ᠦᠭᠡᠢ ᠨᠡᠪᠲᠡᠷᠡᠵᠦ ᠂ ᠬᠤᠶᠠᠷ ᠤᠯᠤᠰ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠴᠢᠳᠠᠪᠤᠷᠢ ᠨᠡᠮᠡᠷᠢᠯᠡᠪᠡ ᠃

ᠪᠢᠳᠡ ᠬᠠᠷᠢᠯᠴᠠᠨ ᠬᠠᠪᠰᠤᠷᠤᠯᠴᠠᠵᠤ ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠵᠤ ᠂ ᠰᠣᠶᠣᠯ ᠢᠷᠭᠡᠨᠰᠢᠯ ᠤᠨ ᠰᠣᠯᠢᠯᠴᠠᠭᠠᠨ ᠤ ᠰᠢᠨ᠎ᠡ ᠥᠷᠨᠢᠯᠲᠡ ᠭᠠᠷᠭᠠᠪᠠ ᠃ ᠳᠤᠮᠳᠠᠳᠤ ᠺᠠᠽᠠᠬᠰᠲ᠋ᠠᠨ ᠬᠠᠷᠢᠯᠴᠠᠨ ᠰᠣᠶᠣᠯ ᠤᠨ ᠲᠥᠪ ᠪᠠᠶᠢᠭᠤᠯᠬᠤ ᠬᠡᠯᠡᠯᠴᠡᠭᠡᠷ ᠲᠤ ᠠᠮᠵᠢᠯᠲᠠ ᠲᠠᠢ ᠪᠠᠷ ᠭᠠᠷ ᠤᠨ ᠦᠰᠦᠭ ᠵᠢᠷᠤᠵᠤ ᠂ 《ᠬᠥᠭᠵᠢᠮᠴᠢᠨ》ᠭᠡᠬᠦ ᠺᠢᠨᠣ᠋ ᠶᠢ ᠠᠩᠬ᠎ᠠ ᠤᠳᠠᠭ᠎ᠠ ᠬᠠᠮᠲᠤᠷᠠᠨ ᠰᠡᠭᠦᠳᠡᠷᠯᠡᠵᠡᠢ ᠃ ᠳᠤᠮᠳᠠᠳᠤ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠺᠠᠽᠠᠬᠰᠲ᠋ᠠᠨ ᠳᠠᠬᠢ ᠬᠤᠪᠢᠶᠠᠷᠢ ᠰᠤᠷᠭᠠᠭᠤᠯᠢ ᠂ ᠯᠦ  ᠪᠠᠨ ᠦᠢᠯᠡᠳᠬᠡᠯ ᠤᠨ ᠭᠠᠵᠠᠷ ᠂ ᠳᠤᠮᠳᠠᠳᠤ ᠤᠯᠤᠰ ᠤᠨ ᠤᠯᠠᠮᠵᠢᠯᠠᠯᠲᠤ ᠠᠨᠠᠭᠠᠬᠤ ᠤᠬᠠᠭᠠᠨ ᠤ ᠲᠥᠪ ᠵᠡᠷᠭᠡ ᠰᠣᠶᠣᠯ ᠢᠷᠭᠡᠨᠰᠢᠯ ᠤᠨ ᠬᠠᠮᠲᠤᠷᠠᠯᠴᠠᠭᠠᠨ ᠤ ᠲᠦᠷᠦᠯ ᠵᠦᠢᠯ ᠦᠯᠦ ᠪᠠᠶᠢᠭᠰᠠᠨ ᠠᠴᠠ ᠪᠠᠨ ᠪᠠᠶᠢᠬᠤ ᠪᠣᠯᠵᠤ ᠂ ᠪᠠᠶᠢᠭᠰᠠᠨ ᠠᠴᠠ ᠪᠠᠨ ᠤᠯᠠᠮ ᠰᠢᠯᠢᠳᠡᠭ ᠪᠣᠯᠵᠠᠢ ᠃ ᠬᠠᠷᠢᠯᠴᠠᠨ ᠦᠯᠤ ᠸᠢᠰᠠᠯᠠᠬᠤ ᠨᠢ ᠬᠤᠶᠠᠷ ᠤᠯᠤᠰ ᠤᠨ ᠠᠷᠠᠳ ᠲᠦᠮᠡᠨ ᠤ ᠰᠠᠳᠤᠨ ᠲᠥᠷᠥᠯ ᠰᠢᠭ ᠦᠷᠭᠦᠯᠵᠢ ᠶᠠᠪᠤᠯᠴᠠᠬᠤ ᠶᠢ ᠪᠡᠶᠡᠯᠡᠭᠦᠯᠵᠦ ᠂ ᠨᠢᠳᠤᠨᠤᠨ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ 60 ᠲᠦᠮᠡ ᠰᠢᠬᠠᠮ ᠬᠥᠮᠥᠨ ᠤᠳᠠᠭ᠎ᠠ ᠳᠤ ᠬᠦᠷᠴᠦ ᠂ ᠡᠨᠡ ᠵᠢᠯ ᠤᠨ ᠲᠦᠷᠦᠭᠦᠦ 3 ᠰᠠᠷ᠎ᠠ ᠳᠤ ᠨᠢᠭᠡᠨᠲᠡ 20 ᠲᠦᠮᠡᠨ ᠬᠥᠮᠥᠨ ᠤᠳᠠᠭ᠎ᠠ ᠶᠢ ᠳᠠᠪᠠᠵᠤ ᠂ ᠳᠠᠬᠢᠨᠲᠠ ᠰᠢᠨ᠎ᠡ ᠲᠡᠮᠳᠡᠭᠯᠡᠯ ᠢ ᠡᠭᠦᠳᠬᠦ ᠪᠣᠯᠣᠮᠵᠢ ᠲᠠᠢ ᠪᠣᠯᠪᠠ ᠃ ᠣᠷᠣᠨ ᠨᠤᠲᠤᠭ ᠤᠨ ᠬᠠᠮᠲᠤᠷᠠᠯᠴᠠᠭ᠎ᠠ ᠥᠷᠨᠢᠨ ᠬᠥᠭᠵᠢᠵᠦ ᠂ ᠨᠥᠭᠦᠷᠰᠡᠭ ᠮᠤᠵᠢ ᠵᠧᠦ ᠬᠤᠳᠠ 26 ᠬᠤᠣᠰ ᠪᠣᠯᠣᠨ ᠨᠡᠮᠡᠭᠳᠡᠪᠡ ᠃ ᠳᠤᠮᠳᠠᠳᠤ ᠤᠯᠤᠰ ᠤᠨ ᠡᠪᠡᠳᠴᠢᠲᠡᠨ ᠤ ᠥᠷᠭᠡᠨ ᠳᠡᠯᠭᠡᠷ ᠬᠠᠶᠢᠷ᠎ᠠ ᠬᠦᠨᠳᠦᠳᠬᠡᠯ ᠢ ᠣᠯᠣᠭᠰᠠᠨ ᠨᠢᠳᠦᠨ ᠤ ᠰᠠᠯᠠᠭᠠᠨ ᠤ ᠲᠤᠰᠬᠠᠢ ᠮᠡᠷᠭᠡᠵᠢᠯᠲᠡᠨ ᠺᠠᠫᠧᠶᠢᠯᠠᠪᠢᠶᠧᠺᠧᠹ᠂《ᠮᠠᠯᠤᠷ ᠥᠲᠡᠭᠡ ᠵᠢᠷᠤᠮᠲᠤ ᠪᠠᠭᠠᠲᠤᠷ》ᠬᠡᠮᠡᠭᠳᠡᠭᠰᠡᠨ ᠢᠷᠠᠭᠤ ᠠᠯᠳᠠᠷ ᠲᠠᠢ ᠴᠢᠰᠤ ᠪᠠᠨ ᠬᠠᠨᠳᠢᠪᠯᠡᠭ᠌ᠰᠠᠨ ᠰᠠᠶᠢᠨ ᠳᠤᠷᠠᠴᠢᠨ ᠯᠦᠰᠯᠠᠨ ᠂ ᠶᠡᠭᠡ ᠮᠥᠷᠡᠨ ᠤ ᠡᠮᠦᠨ᠎ᠡ ᠤᠮᠠᠷ᠎ᠠ ᠶᠢ ᠳᠣᠩᠰᠣᠯᠭᠠᠭᠰᠠᠨ ᠺᠠᠽᠠᠬᠰᠲ᠋ᠠᠨ ᠤ ᠳᠠᠭᠤᠴᠢᠨ ᠳ᠋ᠢᠮᠠᠰᠢ ᠵᠡᠷᠭᠡ ᠨᠢ ᠰᠢᠨ᠎ᠡ ᠴᠠᠭ ᠦᠶ᠎ᠡ ᠶᠢᠨ ᠳᠤᠮᠳᠠᠳᠤ ᠺᠠᠽᠠᠬᠰᠲ᠋ᠠᠨ ᠤ ᠨᠥᠬᠦᠷᠯᠡᠯ ᠤᠨ ᠡᠯᠴᠢ ᠪᠣᠯᠤᠭᠰᠠᠨ ᠪᠠᠶᠢᠨ᠎ᠠ ᠃

ᠪᠢᠳᠡ ᠪᠦᠯᠬᠦᠮᠳᠡᠨ ᠬᠠᠮᠵᠢᠯᠴᠠᠵᠤ ᠂ ᠥᠷᠢᠰᠦᠯᠳᠦᠭᠡᠨ ᠢ ᠬᠠᠮᠲᠤ ᠪᠠᠷ ᠤᠭᠲᠤᠵᠤ ᠂ ᠤᠯᠠᠨ ᠤᠯᠤᠰ ᠤᠨ ᠬᠠᠮᠵᠢᠯᠴᠠᠭᠠᠨ ᠤ ᠰᠢᠨ᠎ᠡ ᠪᠣᠳᠠᠲᠤ ᠦᠷ᠎ᠡ ᠪᠦᠲᠦᠮᠵᠢ ᠶᠢ ᠣᠯᠪᠠ ᠃ ᠳᠤᠮᠳᠠᠳᠤ ᠺᠠᠽᠠᠬᠰᠲ᠋ᠠᠨ ᠤ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠵᠣᠭᠰᠣᠯᠲᠠ ᠠᠳᠠᠯᠢᠪᠲᠤᠷ ᠂ ᠴᠥᠮ ᠬᠠᠮᠲᠤ ᠶᠢᠨ ᠂ ᠶᠡᠷᠦᠩᠬᠡᠶᠢᠯᠡᠭᠰᠡᠨ ᠂ ᠬᠠᠮᠲᠤᠷᠠᠯᠴᠠᠭᠰᠠᠨ ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠦᠢᠯᠡᠳᠦᠯᠭᠡᠵᠢᠭᠦᠯᠬᠦ ᠶᠢ ᠰᠠᠨᠠᠭᠠᠴᠢᠯᠠᠵᠤ ᠂ ᠴᠥᠮ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ ᠂ ᠪᠦᠭᠦ ᠪᠥᠮᠪᠥᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠤᠯᠬᠤ ᠪᠠᠷ ᠴᠢᠷᠮᠠᠶᠢᠵᠤ ᠪᠠᠶᠢᠨ᠎ᠠ ᠃ ᠪᠢᠳᠡ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠲᠣᠭᠲᠠᠴᠠ ᠶᠢ ᠬᠠᠮᠲᠤ ᠪᠠᠷ ᠡᠭᠦᠳᠦᠨ ᠪᠠᠶᠢᠭᠤᠯᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠂ ᠠᠽᠢᠶ᠎ᠠ ᠲᠢᠪ ᠤᠨ ᠬᠠᠷᠢᠯᠴᠠᠨ ᠬᠠᠮᠵᠢᠯᠴᠠᠬᠤ ᠪᠠ ᠢᠲᠡᠭᠡᠯᠴᠡᠬᠦ ᠠᠷᠭ᠎ᠠ ᠬᠡᠮᠵᠢᠶᠡᠨ ᠤ ᠬᠤᠷᠠᠯ ᠵᠡᠷᠭᠡ ᠤᠯᠠᠨ ᠲᠠᠯᠠᠲᠤ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠤᠨ ᠳᠣᠲᠣᠷ᠎ᠠ ᠨᠢᠭᠲᠠ ᠵᠣᠬᠢᠴᠠᠭᠤᠯᠤᠨ ᠬᠠᠮᠵᠢᠯᠴᠠᠵᠤ ᠂ ᠬᠠᠷᠢᠯᠴᠠᠨ ᠳᠤᠷᠠᠳᠤᠭᠰᠠᠨ ᠪᠦᠲᠦᠭᠡᠯᠴᠢ ᠴᠢᠨᠠᠷᠲᠠᠢ ᠤᠯᠠᠨ ᠤᠯᠤᠰ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠢᠳᠡᠪᠬᠢᠲᠡᠢ ᠳᠡᠮᠵᠢᠵᠦ ᠂ ᠬᠤᠶᠠᠷ ᠤᠯᠤᠰ ᠤᠨ ᠬᠠᠮᠲᠤ ᠶᠢᠨ ᠪᠠᠶᠢᠯᠳᠤᠬᠤ ᠪᠣᠳᠣᠯᠭ᠎ᠠ ᠂ ᠠᠮᠤᠷ ᠲᠦᠪᠰᠢᠨ ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠪᠠ ᠃

ᠢᠷᠡᠭᠡᠳᠦᠢ ᠶᠢ ᠪᠠᠷᠠᠯᠠᠬᠤᠶ᠎ᠠ ᠂ ᠳᠤᠮᠳᠠᠳᠤ ᠺᠠᠽᠠᠬᠰᠲ᠋ᠠᠨ ᠤ ᠬᠠᠮᠲᠤᠷᠠᠯᠴᠠᠭ᠎ᠠ ᠶᠡᠭᠡ ᠡᠷᠡᠮᠡᠯᠵᠡᠯ ᠲᠠᠢ ᠪᠥᠭᠡᠳ ᠯᠠᠪᠲᠠᠢ ᠶᠡᠭᠡ ᠦᠢᠯᠡᠰ ᠪᠦᠲᠦᠭᠡᠵᠦ ᠴᠢᠳᠠᠨ᠎ᠠ ᠃ ᠪᠢ ᠡᠨᠡ ᠤᠳᠠᠭ᠎ᠠ ᠶᠢᠨ ᠠᠶᠢᠯᠴᠢᠯᠠᠯᠲᠠ ᠪᠠᠷ ᠲᠠᠮᠵᠢᠨ ᠶᠡᠷᠦᠩᠬᠡᠶᠢᠯᠡᠭᠴᠢ ᠲᠦᠸᠧᠺᠠᠶᠧᠹ  ᠯᠦᠭᠡ ᠬᠠᠮᠲᠤ ᠪᠠᠷ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ ᠂ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠢᠷᠡᠭᠡᠳᠦᠢ ᠳᠤ ᠰᠢᠨ᠎ᠡ ᠪᠠᠶᠢᠷᠢᠯᠠᠭᠤᠯᠤᠯᠲᠠ ᠰᠢᠨ᠎ᠡ ᠲᠥᠯᠦᠪᠵᠢᠭᠦᠯᠭᠡ ᠬᠢᠵᠦ ᠂ ᠳᠤᠮᠳᠠᠳᠤ ᠺᠠᠽᠠᠬᠰᠲ᠋ᠠᠨ ᠤ ᠡᠭᠦᠷᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠃

ᠨᠢᠭᠡ ᠳᠤ᠂ ᠬᠠᠷᠢᠯᠴᠠᠨ ᠳᠡᠮᠵᠢᠬᠦ ᠤᠯᠤᠰ ᠲᠥᠷᠥ ᠶᠢᠨ ᠤᠯᠠᠮᠵᠢᠯᠠᠯ ᠢᠶᠠᠨ ᠪᠠᠬᠢᠵᠢᠭᠦᠯᠦᠶ᠎ᠡ ᠃ 《ᠨᠠᠶᠢᠵᠠᠯᠠᠪᠠᠯ ᠬᠡᠯᠡᠭᠰᠡᠨ ᠳᠡᠭᠡᠨ ᠬᠦᠷᠬᠦ ᠬᠡᠷᠡᠭᠲᠡᠢ》᠃ ᠳᠤᠮᠳᠠᠳᠤ ᠤᠯᠤᠰ ᠦᠷᠭᠦᠯᠵᠢᠯᠡᠨ ᠺᠠᠽᠠᠬᠰᠲ᠋ᠠᠨ ᠤ ᠬᠢᠨ ᠲᠠᠢ ᠦᠨᠡᠨᠴᠢ ᠪᠠᠷ ᠬᠠᠨᠳᠤᠵᠤ ᠂ ᠢᠲᠡᠭᠡᠯ ᠲᠠᠢ ᠬᠠᠷᠢᠯᠴᠠᠵᠤ ᠂ ᠤᠯᠤᠰ ᠲᠦᠷᠦ ᠶᠢᠨ ᠢᠲᠡᠭᠡᠯᠴᠡᠭᠡ ᠪᠠᠨ ᠦᠷᠭᠦᠯᠵᠢᠯᠡᠨ ᠪᠠᠬᠢᠵᠢᠭᠦᠯᠵᠦ ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ ᠂ ᠲᠤᠰ ᠲᠤᠰ ᠤᠨ ᠢᠶᠠᠨ ᠭᠤᠣᠯᠯᠠ‍ᠬᠤ ᠠᠰᠢᠭ ᠲᠤᠰᠠ ᠳᠤ ᠬᠤᠯᠪᠣᠭᠳᠠᠬᠤ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠨ᠎ᠡ ᠃ ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠺᠠᠽᠠᠬᠰᠲ᠋ᠠᠨ ᠤ ᠬᠢᠨ ᠤ ᠤᠯᠤᠰ ᠤᠨ ᠲᠤᠰᠠᠭᠠᠷ ᠲᠣᠭᠲᠠᠨᠢᠯ ᠂ ᠡᠷᠬᠡ ᠮᠡᠳᠡᠯ ᠂ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠲᠡᠮᠵᠢᠵᠥ ᠂ ᠺᠠᠽᠠᠬᠰᠲ᠋ᠠᠨ ᠤ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠡᠮᠵᠢᠵᠥ ᠂ ᠺᠠᠽᠠᠬᠰᠲ᠋ᠠᠨ ᠤ ᠬᠢᠨ ᠤ ᠤᠯᠤᠰ ᠤᠨ ᠬᠥᠭᠵᠢᠯ ᠴᠡᠴᠡᠭᠯᠡᠯ ᠳᠤ ᠬᠠᠨᠳᠤᠭᠤᠯᠤᠨ ᠠᠪᠤᠭᠰᠠᠨ ᠡᠯ᠎ᠡ ᠵᠦᠢᠯ ᠤᠨ ᠳᠣᠲᠣᠭᠠᠳᠤ ᠭᠠᠳᠠᠭᠠᠳᠤ ᠲᠦᠷᠦ ᠶᠢᠨ ᠪᠣᠳᠣᠯᠭ᠎ᠠ ᠶᠢ ᠲᠡᠮᠵᠢᠵᠥ ᠂ ᠶᠠᠮᠠᠷᠪᠠ ᠭᠠᠳᠠᠭᠠᠳᠤ ᠶᠢᠨ ᠬᠦᠴᠦᠨ ᠤ ᠺᠠᠽᠠᠬᠰᠲ᠋ᠠᠨ ᠤ ᠳᠣᠲᠣᠭᠠᠳᠤ ᠵᠠᠰᠠᠭ ᠲᠤ ᠭᠠᠷ ᠲᠦᠷᠦᠭᠦ ᠶᠢ ᠡᠰᠡᠷᠭᠦᠴᠡᠨ᠎ᠡ ᠃ ᠪᠢᠳᠡ ᠬᠠᠷᠢᠯᠴᠠᠨ ᠬᠦᠨᠳᠦᠳᠬᠡᠬᠦ ᠂ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠡᠨᠡ ᠬᠦ 4 ᠬᠠᠮᠲᠤᠷᠠᠯᠴᠠᠭᠠᠨ ᠤ ᠡᠷᠳᠡᠨᠢ ᠶᠢ ᠰᠠᠶᠢᠲᠤᠷ ᠤᠯᠠᠮᠵᠢᠯᠠᠨ ᠪᠠᠳᠠᠷᠠᠭᠤᠯᠵᠤ ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ ᠃

ᠬᠤᠶᠠᠷ ᠲᠤ ᠂ ᠬᠠᠷᠢᠯᠴᠠᠨ ᠠᠰᠢᠭᠲᠠᠢ ᠪᠠᠶᠢᠵᠤ ᠬᠠᠮᠲᠤ ᠪᠠᠷ ᠠᠰᠢᠭ ᠭᠦᠷᠳᠡᠭᠦ ᠬᠠᠮᠲᠤᠷᠠᠯᠴᠠᠭᠠᠨ ᠤ ᠰᠠᠶᠢᠨ ᠠᠷᠭ᠎ᠠ ᠶᠢ ᠰᠠᠶᠢᠲᠤᠷ ᠬᠡᠷᠡᠭᠯᠡᠶ᠎ᠡ ᠃ ᠳᠤᠮᠳᠠᠳᠤ ᠺᠠᠽᠠᠬᠰᠲ᠋ᠠᠨ ᠤ ᠡᠬᠢ ᠪᠠᠶᠠᠯᠢᠭ ᠤᠨ ᠳᠠᠪᠠᠭᠤᠯᠢᠭ ᠠᠳᠠᠯᠢ ᠪᠤᠰᠤ ᠂ ᠠᠵᠤ ᠠᠬᠤᠢ ᠠᠵᠤ ᠦᠢᠯᠡᠰ ᠲᠤᠰ ᠲᠤᠰ ᠤᠨ ᠢᠶᠠᠨ ᠣᠨᠴᠠᠯᠢᠭ ᠲᠠᠢ ᠂ ᠬᠠᠷᠢᠯᠴᠠᠨ ᠨᠥᠬᠦᠪᠦᠷᠢᠯᠡᠬᠦ ᠳᠠᠪᠠᠭᠤᠯᠢᠭ ᠢᠯᠡᠷᠬᠡᠢ ᠂ ᠬᠠᠮᠲᠤᠷᠠᠯᠴᠠᠭᠠᠨ ᠤ ᠲᠠᠯᠳᠠ ᠬᠦᠴᠦᠨ ᠯᠤᠲᠤ ᠶᠡᠭᠡ ᠶᠤᠮ ᠃ ᠳᠤᠮᠳᠠᠳᠤ ᠶᠢᠨ ᠲᠠᠯ᠎ᠠ ᠶᠢᠨ  ᠬᠢᠨ ᠳᠤᠷᠠᠲᠠᠶ᠎ᠠ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ 《ᠲᠥᠪ ᠭᠤᠣᠯᠴᠢ ᠺᠠᠽᠠᠬᠰᠲ᠋ᠠᠨ》 ᠤ ᠠᠵᠤ ᠠᠬᠤᠢ ᠶᠢᠨ ᠲᠦᠷᠦ ᠶᠢᠨ ᠪᠣᠳᠣᠯᠭ᠎ᠠ ᠲᠠᠢ ᠭᠦᠨᠵᠡᠭᠡᠢ ᠵᠣᠯᠭᠠᠭᠤᠯᠬᠤ ᠶᠢ ᠲᠦᠷᠭᠡᠳᠬᠡᠨ ᠠᠬᠢᠭᠤᠯᠵᠤ ᠂ ᠺᠠᠽᠠᠬᠰᠲ᠋ᠠᠨ ᠤ ᠲᠠᠯ᠎ᠠ ᠳᠤ ᠳᠤᠮᠳᠠᠳᠤ ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠢ ᠴᠢᠨᠠᠭᠰᠢᠳᠠ ᠨᠡᠭᠡᠭᠡᠵᠦ ᠂ ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠨ᠎ᠡ ᠃ ᠪᠢᠳᠡ ᠠᠵᠤ ᠠᠬᠤᠢ ᠠᠷᠠᠯᠵᠢᠶ᠎ᠠ ᠂ ᠦᠢᠯᠡᠳᠪᠦᠷᠢᠯᠡᠯ ᠤᠨ ᠴᠢᠳᠠᠪᠤᠷᠢ ᠂ ᠪᠡᠯᠡ ᠣᠷᠣᠭᠤᠯᠤᠯᠲᠠ ᠂ ᠡᠨᠧᠷᠭᠢ ᠠᠭᠤᠷᠬᠠᠢ ᠶᠢᠨ ᠭᠠᠷᠤᠯᠲᠠ ᠂ ᠬᠥᠳᠡᠭᠡ ᠠᠵᠤ ᠠᠬᠤᠢ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠰᠠᠶᠢᠲᠠᠢ ᠠᠵᠢᠯᠯᠠᠭᠠᠨ ᠪᠣᠯᠣᠨ ᠺᠠᠰᠫᠢ ᠲᠠᠩᠭᠢᠰ ᠢ ᠰᠤᠨᠳᠠᠯᠠᠭᠰᠠᠨ ᠤᠯᠠᠨ ᠤᠯᠤᠰ ᠤᠨ ᠲᠡᠭᠡᠭᠡᠪᠦᠷᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠪᠣᠰᠤᠭ᠎ᠠ ᠴᠣᠭᠴᠠᠲᠤ ᠤᠯᠠᠨ ᠡᠰᠢᠵᠢᠭᠰᠡᠨ ᠥᠨᠳᠥᠷ ᠪᠦᠲᠦᠮᠵᠢᠲᠡᠢ ᠬᠤᠯᠪᠣᠯᠳᠤᠨ ᠨᠡᠪᠲᠡᠷᠡᠯᠴᠡᠬᠦ ᠪᠠᠶᠢᠷᠢᠰᠢᠯ ᠢ ᠲᠡᠭᠦᠯᠳᠡᠷᠵᠢᠭᠦᠯᠦᠨ᠎ᠡ ᠃ ᠰᠢᠨ᠎ᠡ ᠡᠨᠧᠷᠭᠢ ᠂ ᠲᠣᠭᠠᠴᠢᠯᠠᠭᠰᠠᠨ ᠠᠵᠤ ᠠᠬᠤᠢ ᠂ ᠵᠣᠬᠢᠶᠠᠮᠠᠯ ᠣᠶᠤᠨ ᠴᠢᠳᠠᠪᠤᠷᠢ ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠵᠡᠷᠭᠡ ᠳᠡᠭᠡᠳᠦ ᠮᠡᠷᠭᠡᠵᠢᠯ ᠤᠨ ᠬᠦᠷᠢᠶᠡᠨ ᠤ ᠬᠠᠮᠲᠤᠷᠠᠯᠴᠠᠭᠠᠨ ᠤ ᠳᠠᠯᠳᠠ ᠬᠦᠴᠦᠨ ᠢ ᠭᠦᠢᠴᠡᠳ ᠠᠭᠤᠳᠠᠯᠵᠤ ᠂ ᠥᠨᠳᠥᠷ ᠨᠡᠮᠡᠯᠲᠡ ᠥᠷᠲᠡᠭᠲᠦ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠴᠣᠭᠴᠠᠯᠠᠵᠤ ᠂ ᠬᠤᠶᠠᠷ ᠤᠯᠤᠰ ᠤᠨ ᠬᠠᠮᠲᠤᠷᠠᠯᠴᠠᠭ᠎ᠠ ᠳᠤ ᠨᠠᠩ ᠣᠯᠠᠨ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠶ᠎ᠡ ᠃

ᠭᠤᠷᠪᠠ ᠳᠤ ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ ᠃ ᠳᠤᠮᠳᠠᠳᠤ ᠺᠠᠽᠠᠬᠰᠲ᠋ᠠᠨ ᠤ ᠨᠥᠬᠦᠷᠯᠡᠯ ᠢ ᠭᠦᠨᠵᠡᠭᠡᠶᠢᠷᠡᠭᠦᠯᠬᠦ ᠪᠣᠯ ᠬᠤᠶᠠᠷ ᠤᠯᠤᠰ ᠤᠨ ᠠᠷᠠᠳ ᠤᠨ ᠰᠡᠳᠬᠢᠯ ᠤᠨ ᠬᠠᠨᠳᠤᠰᠢ ᠂ ᠠᠷᠠᠳ ᠤᠨ ᠬᠦᠰᠡᠯ ᠡᠷᠡᠮᠡᠯᠵᠡᠯ ᠮᠥᠨ ᠃ ᠪᠢᠳᠡ ᠡᠨᠡ ᠬᠦ ᠨᠥᠭᠦᠷᠰᠡᠭ ᠬᠠᠶᠢᠷ᠎ᠠ ᠰᠡᠳᠬᠢᠯᠭᠡ ᠪᠠᠨ ᠰᠠᠶᠢᠲᠤᠷ ᠤᠯᠠᠮᠵᠢᠯᠠᠨ ᠵᠠᠯᠭᠠᠮᠵᠢᠯᠠᠵᠤ ᠂ ᠪᠠᠶᠠᠯᠢᠭ ᠰᠠᠶᠢᠬᠠᠨ ᠰᠣᠶᠣᠯ ᠢᠷᠭᠡᠨᠰᠢᠯ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠦ ᠂ ᠬᠤᠶᠠᠷ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ ᠴᠢᠨᠠᠭᠰᠢᠳᠠ ᠠᠬᠢᠭᠤᠯᠤᠨ᠎ᠠ ᠃ ᠯᠦ  ᠪᠠᠨ ᠦᠢᠯᠡᠳᠬᠡᠯ ᠤᠨ ᠭᠠᠵᠠᠷ ᠂ ᠺᠦᠩᠽᠢ ᠳᠡᠭᠡᠳᠦ ᠰᠤᠷᠭᠠᠭᠤᠯᠢ ᠂ ᠪᠠᠷᠠᠭᠤᠨ ᠬᠤᠶᠢᠲᠤ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠺᠠᠽᠠᠬᠰᠲ᠋ᠠᠨ ᠤ ᠬᠤᠪᠢᠶᠠᠷᠢ ᠰᠤᠷᠭᠠᠭᠤᠯᠢ ᠶᠢ ᠬᠠᠮᠲᠤ ᠪᠠᠷ ᠰᠠᠶᠢᠲᠤᠷ ᠡᠷᠭᠢᠯᠡᠵᠦ ᠂ ᠳᠤᠮᠳᠠᠳᠤ ᠺᠠᠽᠠᠬᠰᠲ᠋ᠠᠨ ᠤ ᠨᠥᠭᠦᠷᠰᠡᠭ ᠦᠢᠯᠡᠰ ᠤᠨ ᠨᠡᠩ ᠤᠯᠠᠨ ᠵᠠᠯᠭᠠᠮᠵᠢᠯᠠᠭᠴᠢ ᠶᠢ ᠬᠥᠮᠥᠵᠢᠭᠦᠯᠦᠶ᠎ᠡ ᠃ ᠬᠤᠶᠠᠷ ᠤᠯᠤᠰ ᠤᠨ ᠶᠡᠭᠡ ᠳᠡᠭᠡᠳᠦ ᠰᠤᠷᠭᠠᠭᠤᠯᠢ ᠂ ᠤᠶᠤᠨ ᠤ ᠬᠥᠮᠥᠷᠭᠡ ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠨ ᠰᠤᠷᠭᠠᠭᠤᠯᠢ ᠡᠷᠭᠢᠯᠡᠭᠦ ᠂ ᠬᠠᠮᠲᠤᠷᠠᠨ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠬᠦ ᠶᠢ ᠪᠠᠶᠠᠷᠯᠠᠨ ᠤᠭᠲᠤᠵᠤ ᠂ ᠬᠤᠶᠠᠷ ᠤᠯᠤᠰ ᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠣᠯᠢᠯᠴᠠᠭ᠎ᠠ ᠪᠠᠨ ᠨᠡᠮᠡᠭᠳᠡᠭᠦᠯᠬᠦ ᠶᠢ ᠳᠡᠮᠵᠢᠵᠦ ᠂ ᠬᠤᠶᠠᠷ ᠤᠯᠤᠰ ᠤᠨ ᠨᠡᠩ ᠤᠯᠠᠨ ᠭᠠᠵᠠᠷ ᠣᠷᠣᠨ ᠤ ᠮᠤᠵᠢ ᠵᠧᠦ ᠬᠤᠲᠠ ᠶᠢᠨ ᠬᠢᠨ ᠰᠠᠶᠢᠲᠤᠷ ᠪᠦᠯᠬᠦᠮᠳᠡᠵᠦ ᠂ ᠰᠤᠷᠭᠠᠨ ᠬᠥᠮᠦᠵᠢᠯ ᠂ ᠵᠢᠭᠤᠯᠴᠢᠯᠠᠯ ᠂ ᠬᠠᠭᠤᠴᠢ ᠰᠤᠳᠤᠯᠤᠯ ᠂ ᠤᠷᠠᠯᠢᠭ ᠂ ᠵᠠᠭᠤᠴᠢᠯᠠᠭᠤᠷ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢᠨ ᠭᠦᠨᠴᠡ ᠪᠠ ᠥᠷᠭᠡᠴᠡ ᠪᠠᠨ ᠥᠷᠭᠡᠳᠬᠡᠬᠦ ᠶᠢ ᠵᠣᠷᠢᠭᠵᠢᠭᠤᠯᠤᠶ᠎ᠠ ᠃

ᠳᠥᠷᠪᠡ ᠳᠤ ᠂ ᠲᠦᠷᠭᠡᠨ ᠤᠯᠠᠷᠢᠨ ᠬᠤᠪᠢᠰᠬᠤ ᠵᠠᠭᠤᠨ ᠵᠢᠯ ᠤᠨ ᠬᠤᠪᠢᠰᠤᠯᠲᠠ ᠲᠠᠢ ᠵᠣᠬᠢᠴᠠᠶ᠎ᠠ ᠃ ᠳᠡᠯᠡᠬᠡᠢ ᠶᠢᠨ ᠪᠠᠶᠢᠳᠠᠯ ᠡᠭᠡᠳᠡᠷᠡᠭᠡᠨ ᠪᠤᠳᠤᠯᠢᠶᠠᠨᠲᠠᠢ ᠪᠣᠯᠵᠤ ᠂ ᠳᠤᠮᠳᠠᠳᠤ ᠺᠠᠽᠠᠬᠰᠲ᠋ᠠᠨ ᠤ ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠰᠢᠨ᠎ᠡ ᠰᠦᠷᠳᠡᠭᠦᠯᠦᠯ ᠰᠢᠨ᠎ᠡ ᠥᠷᠢᠰᠦᠯᠳᠦᠭᠡᠨ ᠳᠤ ᠲᠤᠯᠭᠠᠷᠠᠵᠤ ᠪᠠᠶᠢᠬᠤ ᠪᠠᠷ ᠪᠠᠷᠠᠬᠤ ᠦᠭᠡᠢ ᠪᠠᠰᠠ ᠰᠢᠨ᠎ᠡ ᠠᠵᠠ ᠲᠣᠭᠢᠶᠠᠯ ᠰᠢᠨ᠎ᠡ ᠣᠷᠣᠨ ᠵᠠᠢ ᠶᠢ ᠤᠭᠲᠤᠨ ᠠᠪᠴᠢᠷᠠᠪᠠ ᠃ ᠳᠤᠮᠳᠠᠳᠤᠴᠤᠳ ᠠᠶᠤᠯ ᠲᠦᠭᠰᠢᠭᠦᠷᠢ ᠪᠣᠯᠣᠨ ᠠᠵᠠ ᠲᠣᠭᠢᠶᠠᠯ ᠬᠡᠵᠢᠶᠡᠳᠡ ᠬᠠᠷᠢᠯᠴᠠᠨ ᠨᠥᠬᠦᠴᠡᠯᠳᠦᠵᠦ ᠂ ᠠᠶᠤᠯ ᠲᠦᠭᠰᠢᠭᠦᠷᠢ ᠶᠢᠨ ᠳᠤᠮᠳᠠ ᠠᠵᠠ ᠲᠣᠭᠢᠶᠠᠯ ᠣᠷᠣᠰᠢᠵᠤ ᠂ ᠠᠶᠤᠯ ᠲᠦᠭᠰᠢᠭᠦᠷᠢ ᠶᠢ ᠠᠵᠠ ᠲᠤᠭᠢᠶᠠᠯ ᠪᠣᠯᠭᠠᠨ ᠬᠤᠪᠢᠷᠠᠭᠤᠯᠵᠤ ᠪᠣᠯᠣᠨ᠎ᠠ ᠭᠡᠵᠦ ᠬᠡᠯᠡᠳᠡᠭ ᠃ ᠳᠤᠮᠳᠠᠳᠤ ᠶᠢᠨ ᠲᠠᠯ᠎ᠠ ᠶᠢᠨ  ᠬᠢᠨ ᠳᠤᠷᠠᠲᠠᠶ᠎ᠠ ᠺᠠᠽᠠᠬᠰᠲ᠋ᠠᠨ ᠤ ᠲᠠᠯ᠎ᠠ ᠲᠠᠢ ᠭᠠᠷ ᠬᠤᠯᠪᠣᠯᠴᠠᠨ ᠳᠡᠯᠡᠬᠡᠢ ᠶᠢᠨ ᠬᠤᠪᠢᠷᠠᠯᠲᠠ ᠂ ᠴᠠᠭ ᠦᠶ᠎ᠡ ᠶᠢᠨ ᠬᠤᠪᠢᠷᠠᠯᠲᠠ ᠂ ᠲᠡᠦᠬᠡ ᠶᠢᠨ ᠬᠤᠪᠢᠷᠠᠯᠲᠠ ᠶᠢ ᠠᠷᠭᠠᠴᠠ‍ᠵᠦ ᠂ ᠬᠢᠮᠤᠷᠠᠯ ᠤᠨ ᠳᠤᠮᠳᠠ ᠰᠢᠨ᠎ᠡ ᠠᠵᠠ ᠲᠣᠭᠢᠶᠠᠯ ᠢ ᠪᠤᠢ ᠪᠤᠯᠭᠠᠵᠤ ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠴᠦ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠲᠣᠭᠲᠠᠯᠴᠠᠭ᠎ᠠ  ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠡᠵᠡᠷᠬᠡᠬᠦ ᠦᠵᠡᠯ ᠂ ᠬᠦᠴᠦᠷᠬᠡᠭᠯᠡᠯ ᠤᠨ ᠤᠯᠤᠰ ᠲᠦᠷᠦ ᠂ ᠯᠡᠭᠧᠷ ᠤᠨ ᠡᠰᠡᠷᠭᠦᠴᠡᠯᠳᠦᠯ ᠢ ᠡᠰᠡᠷᠭᠦᠴᠡᠵᠦ ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯᠲᠡ ᠪᠣᠯᠣᠨ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠨᠡᠩ ᠤᠯᠠᠨ ᠢᠳᠡᠪᠬᠢ ᠬᠦᠴᠦᠨ ᠪᠣᠯᠣᠨ ᠲᠣᠭᠲᠠᠭᠤᠨ ᠴᠢᠨᠠᠷ ᠨᠡᠮᠡᠷᠢᠯᠡᠵᠦ ᠂ ᠳᠤᠮᠳᠠᠳᠤ ᠺᠠᠽᠠᠬᠰᠲ᠋ᠠᠨ ᠤ ᠨᠡᠩ ᠤᠯᠠᠨ ᠬᠤᠪᠢ ᠨᠡᠮᠡᠷᠢ ᠶᠢ ᠦᠵᠡᠭᠦᠯᠦᠶ᠎ᠡ ᠃

ᠮᠢᠨᠤ ᠡᠨᠡ ᠤᠳᠠᠭ᠎ᠠ ᠶᠢᠨ ᠺᠠᠽᠠᠬᠰᠲ᠋ᠠᠨ ᠳᠠᠬᠢ ᠪᠠᠰᠠ ᠨᠢᠭᠡᠨ ᠴᠢᠬᠤᠯᠠ ᠵᠥᠪᠯᠡᠬᠦ ᠵᠦᠢᠯ ᠪᠣᠯ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠠᠪᠤᠳᠠᠯ ᠪᠣᠯᠣᠨ᠎ᠠ ᠃ ᠺᠠᠽᠠᠬᠰᠲ᠋ᠠᠨ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠂ ᠶᠡᠭᠡ ᠬᠡᠮᠵᠢᠶᠡᠨ ᠤ ᠪᠦᠲᠦᠮᠵᠢᠲᠡᠢ ᠠᠵᠢᠯ ᠬᠢᠵᠦ ᠂ ᠲᠤᠰ ᠵᠣᠬᠢᠶᠠᠨ ᠪᠠᠶᠢᠭᠤᠯᠤᠯᠲᠠ ᠶᠢᠨ ᠨᠥᠯᠥᠭᠡᠯᠡᠬᠦ ᠬᠦᠴᠦᠨ ᠢ ᠥᠷᠭᠡᠳᠬᠡᠪᠡ ᠂ ᠳᠤᠮᠳᠠᠳᠤ ᠶᠢᠨ ᠲᠠᠯ᠎ᠠ ᠶᠢᠨ  ᠬᠢᠨ ᠡᠭᠦᠨ ᠢ ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠠᠰᠲ᠋ᠠᠨᠠ ᠶᠢᠨ ᠲᠦᠷᠦᠭᠦᠴᠦᠳ ᠤᠨ ᠬᠤᠷᠠᠯ ᠯᠠᠪᠲᠠᠢ ᠲᠡᠭᠦᠰ ᠠᠮᠵᠢᠯᠲᠠ ᠣᠯᠵᠤ ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠶᠡᠭᠡ ᠭᠡᠷ ᠪᠦᠯᠢ ᠶᠢ ᠴᠢᠨᠠᠭᠰᠢᠳᠠ ᠨᠢᠭᠲᠠᠷᠠᠭᠤᠯᠵᠤ ᠂ ᠵᠣᠬᠢᠶᠠᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠨᠡᠭᠡᠭᠡᠬᠦ ᠶᠢ ᠢᠲᠡᠭᠡᠵᠦ ᠪᠠᠶᠢᠨ᠎ᠠ ᠃

ᠳᠤᠮᠳᠠᠳᠤ ᠤᠯᠤᠰ ᠤᠨ ᠡᠷᠲᠡᠨ ᠤ ᠦᠭᠡᠨ ᠳᠤ ᠄ 《ᠳᠡᠭᠡᠳᠦ ᠳᠣᠣᠷᠠᠳᠤ ᠪᠠᠷ ᠢᠶᠠᠨ ᠰᠡᠳᠬᠢᠯ ᠨᠢᠭᠡᠳᠪᠡᠯ ᠢᠯᠠᠯᠲᠠ ᠣᠯᠵᠤ ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠤᠬᠴᠢᠳ ᠢᠯᠠᠯᠲᠠ ᠣᠯᠣᠨ᠎ᠠ》ᠭᠡᠳᠡᠭ ᠃ ᠬᠠᠰᠠᠭ ᠦᠨᠳᠦᠰᠦᠲᠡᠨ 《ᠲᠠᠪᠤᠨ ᠬᠤᠷᠤᠭᠤ ᠨᠡᠶᠢᠯᠡᠪᠡᠯ ᠨᠢᠳᠤᠷᠭ᠎ᠠ ᠪᠣᠯᠵᠤ ᠂ ᠲᠦᠮᠡᠨ ᠠᠷᠠᠳ ᠰᠡᠳᠬᠢᠯ ᠨᠢᠭᠡᠲᠡᠢ》 ᠭᠡᠵᠦ ᠬᠡᠯᠡᠳᠡᠭ ᠃ ᠳᠤᠮᠳᠠᠳᠤ ᠤᠯᠤᠰ ᠳᠤᠷᠠᠲᠠᠶ᠎ᠠ ᠺᠠᠽᠠᠬᠰᠲ᠋ᠠᠨ ᠤ ᠬᠢᠨ ᠲᠠᠢ ᠤᠯᠤᠰ ᠤᠨ ᠬᠥᠭᠵᠢᠯ ᠴᠡᠴᠡᠭᠯᠡᠯ ᠢ ᠪᠡᠶᠡᠯᠡᠭᠦᠯᠬᠦ ᠠᠶᠠᠨ ᠳᠤ ᠭᠠᠷ ᠬᠤᠯᠪᠣᠯᠴᠠᠨ ᠴᠢᠷᠮᠠᠶᠢᠵᠤ ᠂ ᠮᠥᠷᠥ ᠵᠡᠷᠭᠡᠴᠡᠨ ᠤᠷᠤᠭᠰᠢᠯᠠᠵᠤ ᠂ ᠬᠤᠶᠠᠷ ᠤᠯᠤᠰ ᠤᠨ ᠬᠠᠮᠲᠤᠷᠠᠯᠴᠠᠭᠠᠨ ᠤ ᠰᠢᠨ᠎ᠡ ᠵᠢᠷᠤᠭ ᠲᠥᠰᠥᠪ ᠢ ᠵᠢᠷᠤᠭᠯᠠᠵᠤ ᠂ ᠳᠤᠮᠳᠠᠳᠤ ᠺᠠᠽᠠᠬᠰᠲ᠋ᠠᠨ ᠤ ᠨᠥᠬᠦᠷᠯᠡᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ ᠃

 

 


   :                    
   :           
备案序号:蒙ICP备05003250号 公安备案15010502000173