ᠵᠤᠬᠢᠶᠠᠭᠴᠢ: ᠴᠠᠭ:2024-07-05 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ  ᠨᠠᠶᠢᠳᠠᠪᠤᠷᠢᠵᠢᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠵᠡᠷᠭᠡ ᠶᠢ ᠰᠣᠨᠣᠰᠪᠠ

 

ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 26 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ  ᠨᠠᠶᠢᠳᠠᠪᠤᠷᠢᠵᠢᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠭᠰᠠᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠰᠤᠳᠤᠯᠵᠤ᠂ ᠮᠡᠷᠭᠡᠰᠢᠯᠳᠦ ᠴᠢᠳᠠᠪᠤᠷᠢᠲᠠᠨ ᠬᠥᠮᠦᠵᠢᠭᠦᠯᠬᠦ ᠪᠠᠨ ᠴᠢᠩᠭᠠᠳᠬᠠᠵᠤ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠬᠦ ᠠᠵᠢᠯ ᠢ ᠪᠠᠶᠢᠷᠢᠯᠠᠭᠤᠯᠵᠤ᠂ 《ᠰᠣᠪᠢᠯᠠᠭᠴᠢᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠠᠰᠠᠷᠠᠨ ᠰᠤᠪᠢᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠵᠢᠯᠣᠭᠤᠳᠬᠤ ᠰᠠᠨᠠᠯ》ᠪᠣᠯᠤᠨ 《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ︵ᠵᠠᠰᠠᠪᠤᠷᠢ ᠣᠷᠤᠭᠤᠯᠤᠭᠰᠠᠨ ᠲᠥᠰᠦᠯ︶》 ᠢ ᠬᠢᠨᠠᠨ ᠵᠥᠪᠯᠡᠵᠦ ᠪᠠᠲᠤᠯᠠᠪᠠ᠃

ᠬᠤᠷᠠᠯ ᠳᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠢ ᠬᠤᠷᠠᠯᠳᠤᠭᠤᠯᠤᠭᠰᠠᠨ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠵᠢᠯᠯᠠᠭ᠎ᠠ ᠡᠷᠴᠢᠮᠲᠡᠢ᠂ ᠦᠷ᠎ᠡ ᠪᠦᠲᠦᠮᠵᠢ ᠢᠯᠡᠷᠬᠡᠢ ᠪᠠᠶᠢᠵᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠢ ᠳᠤ ᠪᠠᠨ ᠦᠷᠭᠦᠯᠵᠢᠯᠡᠨ ᠰᠠᠶᠢᠵᠢᠷᠠᠪᠠ᠃ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷ᠎ᠡ ᠪᠠᠶᠢᠷᠢᠯᠠᠭᠤᠯᠤᠭᠰᠠᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠰᠠᠶᠢᠲᠤᠷ ᠠᠳᠬᠤᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ ᠤ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠣᠬᠢᠷᠲᠤᠯ ᠢ ᠪᠠᠭᠠᠰᠬᠠᠬᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠬᠠᠮᠲᠤ ᠳᠤ ᠨᠢ ᠵᠠᠰᠠᠬᠤ ᠪᠠᠨ ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ ᠪᠠᠷ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠨᠢᠭᠡᠳᠦᠯᠲᠡᠢ ᠲᠦᠯᠦᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠡᠯᠡ ᠣᠷᠣᠭᠤᠯᠤᠯᠲᠠ ᠶᠢᠨ ᠬᠡᠷᠡᠭᠯᠡᠭᠡᠨ ᠤ ᠥᠷᠭᠡᠳᠭᠡᠯ᠂ ᠬᠥᠭᠵᠢᠯᠲᠡ ᠶᠢᠨ ᠬᠥᠳᠡᠯᠭᠡᠬᠦ ᠬᠦᠴᠦᠨ ᠤ ᠨᠡᠮᠡᠭᠳᠡᠯ ᠯᠦᠭᠡ ᠨᠡᠩ ᠰᠠᠶᠢᠲᠤᠷ ᠤᠶᠠᠯᠳᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠲᠡᠶᠢᠰᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ ᠳᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠬᠦ ᠳᠤ᠂ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠪᠠᠨ ᠡᠷᠴᠢᠮᠵᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠭᠠᠳᠠᠭᠠᠳᠤ ᠨᠡᠭᠡᠭᠡᠯᠲᠡ ᠶᠢ ᠭᠦᠨᠵᠡᠭᠡᠶᠢᠷᠡᠭᠦᠯᠵᠦ᠂ ᠦᠢᠯᠡᠳᠬᠦ ᠦᠢᠯᠡᠰ ᠤᠨ ᠬᠦᠷᠢᠶᠡᠨ ᠳᠤ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠪᠦᠬᠦᠨ ᠢ ᠦᠭᠡᠶᠢᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠦᠢᠯᠡᠴᠢᠯᠡᠭᠡᠨ ᠤ ᠦᠢᠯᠡᠰ ᠤᠨ ᠨᠡᠭᠡᠭᠡᠯᠳᠠ ᠶᠢ ᠥᠷᠭᠡᠳᠬᠡᠬᠦ ᠲᠤᠷᠰᠢᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠰᠢᠯᠢᠳᠡᠭᠵᠢᠭᠦᠯᠵᠦ᠂ ᠳᠣᠲᠣᠭᠠᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠪᠡᠯᠡ ᠣᠷᠣᠭᠤᠯᠤᠯᠲᠠ ᠵᠡᠷᠭᠡ ᠳᠤ ᠣᠷᠣᠯᠴᠠᠬᠤ ᠶᠢ ᠨᠢᠭᠡ ᠯᠡ ᠠᠳᠠᠯᠢ ᠪᠠᠷ ᠳᠡᠮᠵᠢᠬᠦ ᠬᠡᠷᠡᠭᠲᠡᠶ᠃ ᠪᠠᠯᠠ ᠣᠷᠣᠭᠤᠯᠬᠤ ᠳᠤ ᠳᠦᠭᠦᠮᠯᠡᠬᠦ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠡᠮ ᠤᠨ ᠵᠦᠢᠯᠡᠰ᠂ ᠡᠮᠴᠢᠯᠡᠭᠡᠨ ᠤ ᠮᠠᠰᠢᠨ ᠪᠠᠭᠠᠵᠢ ᠵᠡᠷᠭᠡ ᠬᠦᠷᠢᠶᠡᠨ ᠳᠠᠬᠢ ᠭᠠᠳᠠᠭᠠᠳᠤ ᠪᠡᠯᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ᠭᠠᠶᠢᠯᠢ ᠦᠭᠡᠢ ᠰᠡᠯᠪᠢᠨ ᠵᠠᠰᠠᠬᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠥᠷᠭᠡᠳᠬᠡᠵᠦ᠂ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ᠃ 《ᠳᠤᠮᠳᠠᠳᠤ ᠤᠯᠤᠰ ᠤᠨ ᠪᠡᠯᠡ ᠣᠷᠤᠭᠤᠯᠤᠯᠲᠠ》ᠲᠦᠷᠦᠯ ᠲᠡᠮᠲᠡᠭᠲᠦ ᠶᠢ ᠪᠣᠶ ᠪᠣᠯᠭᠠᠵᠤ᠂ ᠵᠠᠰᠠᠪᠤᠷᠢ ᠣᠷᠤᠭᠤᠯᠤᠭᠰᠠᠨ ᠰᠢᠨ᠎ᠡ ᠬᠡᠪᠯᠡᠯ ᠤᠨ《ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ》 ᠢ ᠨᠡᠶᠢᠲᠡᠯᠡᠵᠦ᠂ ᠭᠠᠳᠠᠭᠠᠳᠤ ᠶᠢᠨ ᠬᠠᠷᠢᠶᠠᠲᠤ ᠶᠢᠨ ᠠᠵᠢᠯ ᠳᠤ ᠳᠦᠭᠦᠮᠯᠡᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃

ᠬᠤᠷᠠᠯ ᠳᠤ᠂ ᠮᠡᠷᠭᠡᠰᠢᠯᠲᠦ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠬᠤ ᠨᠢ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠰᠢᠢᠳᠪᠦᠷᠢᠯᠡᠬᠦ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠳᠤ ᠲᠦᠢᠯ ᠤᠨ ᠴᠢᠬᠤᠯᠠ ᠶᠤᠮ᠃ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠤᠨ ᠰᠤᠳᠤᠯᠭᠠᠨ ᠢ ᠴᠢᠩᠭᠠᠳᠬᠠᠵᠤ᠂ ᠰᠤᠷᠭᠠᠭᠤᠯᠢ ᠠᠵᠤ ᠠᠬᠤᠶᠢᠯᠠᠯ ᠤᠨ ᠵᠣᠯᠭᠠᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠬᠤᠮᠰᠠ᠂ ᠠᠵᠤ ᠠᠬᠤᠶᠢᠯᠠᠯ ᠤᠨ ᠪᠠᠴᠢᠮ ᠬᠡᠷᠡᠭᠴᠡᠭᠡ ᠲᠠᠢ ᠮᠡᠷᠭᠡᠰᠢᠯᠲᠦ ᠴᠢᠳᠠᠪᠤᠷᠢᠲᠠᠨ ᠢ ᠨᠡᠩ ᠤᠯᠠᠨ ᠬᠥᠮᠦᠵᠢᠭᠦᠯᠬᠦ ᠬᠡᠷᠡᠭᠲᠡᠢ᠃ ᠳᠡᠮᠵᠢᠬᠦ ᠲᠦᠷᠦ ᠶᠢᠨ ᠪᠤᠳᠤᠯᠭ᠎ᠠ ᠪᠠᠨ ᠡᠷᠴᠢᠮᠵᠢᠭᠦᠯᠵᠦ᠂ ᠪᠣᠯᠪᠠᠰᠤᠷᠠᠯ ᠤᠨ ᠨᠥᠬᠦᠪᠥᠷᠢ ᠵᠡᠷᠭᠡ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ ᠵᠡᠷᠭᠡ ᠭᠤᠣᠯᠳᠠᠯᠭ᠎ᠠ ᠲᠠᠢ ᠬᠥᠮᠦᠰ ᠲᠤ ᠴᠢᠭᠯᠡᠭᠦᠯᠦᠨ ᠠᠵᠢᠯ ᠣᠯᠭᠤᠬᠤ ᠦᠢᠯᠡᠴᠢᠯᠡᠭᠡ ᠪᠠᠨ ᠴᠢᠩᠭᠠᠷᠠᠭᠤᠯᠵᠤ᠂ ᠤᠷᠢᠵᠤ ᠡᠯᠰᠡᠬᠦ ᠲᠠᠪᠴᠠᠩ᠂ ᠴᠢᠳᠠᠪᠤᠷᠢᠲᠠᠨ ᠤ ᠵᠠᠬ᠎ᠠ ᠳᠡᠯᠭᠡᠭᠦᠷ ᠤᠨ ᠦᠢᠯᠡᠳᠦᠯ ᠢ ᠪᠠᠳᠠᠷᠠᠭᠤᠯᠵᠤ᠂ ᠬᠥᠮᠦᠨ ᠪᠠ ᠠᠵᠢᠯ ᠤᠨ ᠪᠠᠶᠢᠷᠢ ᠶᠢᠨ ᠵᠣᠬᠢᠴᠠᠯ᠂ ᠬᠠᠩᠭᠠᠯᠭ᠎ᠠ ᠬᠡᠷᠡᠭᠴᠡᠭᠡᠨ ᠤ ᠵᠣᠬᠢᠴᠠᠯ ᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ ᠳᠤ᠂ ᠰᠣᠪᠢᠯᠠᠭᠴᠢᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠠᠰᠠᠷᠠᠨ ᠰᠤᠪᠢᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠪᠣᠯ ᠠᠷᠠᠳ ᠣᠯᠠᠨ ᠤ ᠣᠯᠠᠨ ᠶᠠᠩᠵᠤ ᠶᠢᠨ ᠡᠮᠴᠢᠯᠡᠭᠡᠨ ᠤ ᠦᠢᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠴᠢᠬᠤᠯᠠ ᠠᠷᠭ᠎ᠠ ᠬᠡᠮᠵᠢᠶ᠎ᠡ ᠮᠥᠨ᠃ ᠰᠤᠪᠢᠯᠠᠭᠴᠢ ᠶᠢᠨ ᠠᠵᠢᠯ ᠮᠡᠷᠭᠡᠵᠢᠯ ᠤᠨ ᠲᠠᠲᠠᠬᠤ ᠬᠦᠴᠦᠨ ᠢ ᠦᠨᠡᠨ ᠬᠦ ᠳᠡᠭᠡᠭᠰᠢᠯᠡᠭᠦᠯᠵᠦ᠂ ᠴᠠᠯᠢᠩ ᠬᠥᠯᠥᠰᠥ᠂ ᠣᠷᠣᠨ ᠲᠤᠭ᠎ᠠ᠂ ᠮᠡᠷᠭᠡᠵᠢᠯ ᠤᠨ ᠴᠣᠯᠠ ᠳᠡᠪᠰᠢᠬᠦ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠢ ᠲᠡᠭᠦᠯᠳᠡᠷᠵᠢᠭᠦᠯᠵᠦ᠂ ᠣᠷᠣᠨ ᠲᠤᠭ᠎ᠠ ᠶᠢᠨ ᠳᠣᠲᠣᠷ᠎ᠠ ᠭᠠᠳᠠᠨᠠᠬᠢ ᠠᠳᠠᠯᠢ ᠠᠵᠢᠯ ᠳᠤ ᠠᠳᠠᠯᠢ ᠬᠥᠯᠥᠰᠥ ᠣᠯᠭᠤᠮᠵᠢ ᠣᠯᠭᠤᠬᠤ ᠶᠢ ᠨᠠᠶᠢᠳᠠᠪᠤᠷᠢᠵᠢᠭᠤᠯᠵᠤ᠂ ᠨᠠᠩ ᠣᠯᠠᠨ ᠴᠢᠳᠠᠪᠤᠷᠢᠲᠠᠨ ᠢ ᠲᠡᠳᠡᠨ ᠠᠪᠴᠢᠷᠠᠬᠤ ᠪᠦᠭᠡᠳ ᠠᠰᠠᠷᠠᠨ ᠰᠤᠪᠢᠯᠠᠬᠤ ᠠᠵᠢᠯ ᠢ ᠲᠣᠭᠲᠠᠭᠤᠨ ᠢᠶᠠᠷ ᠬᠢᠯᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ ᠳᠤ 《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ︵ᠵᠠᠰᠠᠪᠤᠷᠢ ᠣᠷᠣᠭᠤᠯᠤᠭᠰᠠᠨ ᠲᠥᠰᠦᠯ︶》 ᠢ ᠬᠢᠨᠠᠨ ᠵᠥᠪᠯᠡᠵᠦ ᠪᠠᠲᠤᠯᠠᠨ᠂ ᠬᠠᠤᠯᠢ ᠲᠣᠭᠲᠠᠭᠠᠯ ᠶᠣᠰᠣᠭᠠᠷ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠳᠠᠯᠳᠠ ᠬᠡᠮ ᠢ ᠴᠠᠭ ᠲᠤᠬᠠᠶ ᠳᠤ ᠨᠢ ᠠᠷᠢᠯᠭᠠᠵᠤ᠂ ᠠᠯᠳᠠᠰᠢ ᠭᠠᠷᠬᠤ ᠶᠢ ᠬᠤᠷᠢᠭᠯᠠᠵᠤ᠂ ᠨᠢᠭᠤᠴᠠ ᠶᠢ ᠵᠠᠳᠠᠷᠠᠭᠤᠯᠤᠭᠰᠠᠨ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠲᠦᠷᠢᠮ ᠤᠨ ᠲᠠᠶᠢᠯᠤᠮᠵᠢ ᠬᠢᠵᠦ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠤᠯᠤᠰ ᠤᠨ ᠨᠢᠭᠤᠴᠠ ᠶᠢ ᠤᠬᠠᠮᠰᠠᠷ ᠠᠴᠠ ᠪᠠᠨ ᠬᠠᠮᠠᠭᠠᠯᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃

ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃

 

 


   :                    
   :           
备案序号:蒙ICP备05003250号 公安备案15010502000173