ᠵᠤᠬᠢᠶᠠᠭᠴᠢ: ᠴᠠᠭ:2024-07-12 ᠥᠵᠡᠭᠰᠡᠨ : ᠢᠷᠡᠯᠲᠡ:  ᠥᠪᠥᠷ ᠮᠣᠩᠭᠤᠯ ᠤᠨ     ᠵᠠᠰᠠᠭ ᠤᠨ ᠣᠷᠳᠣᠨ    
ᠪᠦᠭᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠬᠤᠷᠠᠯ ᠬᠤᠷᠠᠯᠳᠤᠪᠠ  ᠰᠦᠨ ᠱᠤᠤ ᠴᠧᠩ ᠶᠠᠷᠢᠶ᠎ᠠ ᠲᠠᠯᠪᠢᠵᠤ  ᠸᠠᠩ ᠯᠢ ᠰᠢᠶᠠ ᠬᠤᠷᠠᠯ ᠢ ᠡᠷᠭᠢᠯᠡᠵᠦ  ᠵᠠᠩ ᠶᠠᠨ ᠺᠦᠨ ᠣᠷᠣᠯᠴᠠᠪᠠ

 

2024  7 ᠳ᠋ᠤᠭᠠᠷ ᠰᠠᠷ᠎ᠠ ᠶᠢᠨ 8 ᠤ ᠡᠳᠦᠷ ᠂ ᠪᠦᠭᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ  ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤᠮᠳᠠᠬᠢ ᠥᠪᠥᠷ ᠮᠣᠩᠭᠤᠯ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ ᠂ ᠰᠢᠨᠵᠢᠯᠡᠬᠦ ᠤᠬᠠᠭᠠᠨ ᠮᠡᠷᠭᠡᠵᠢᠯ ᠤᠨ《ᠪᠦᠰᠡᠯᠡᠯᠲᠡ ᠰᠢᠪᠲᠤᠯᠬᠤ》ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯ ᠭᠠᠷᠳᠠᠴᠠ ᠪᠤᠯᠭᠠᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤ‍ᠯ ᠲᠣᠭᠲᠠᠴᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠰᠢᠪᠲᠤᠯᠤᠯᠲᠠ ᠶᠢᠨ ᠴᠡᠭ ᠪᠤᠯᠭᠠᠵᠤ ᠂ ᠡᠬᠢ ᠪᠠᠶᠠᠯᠢᠭ ᠬᠦᠴᠦᠨ ᠴᠢᠳᠠᠯ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠪᠡ ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠵᠠᠰᠠᠭ ᠤᠨ ᠣᠷᠳᠣᠨ ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ ᠃

ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ《︿ᠰᠣᠳᠣᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ᠢᠨᠵᠧᠨᠧᠷᠢᠩ ᠢ ᠬᠡᠷᠡᠭᠵᠢᠭᠦᠯᠬᠦ ᠲᠥᠷᠥ ᠶᠢᠨ ᠪᠣᠳᠣᠯᠭ᠎ᠠ ᠨᠤᠭᠤᠳ ᠤᠨ ᠲᠤᠬᠠᠢ ᠰᠠᠨᠠᠯ》 ᠳᠤ ᠲᠠᠶᠢᠯᠤᠮᠵᠢ ᠬᠢᠵᠦ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ   《ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠨᠠᠭᠰᠢᠳᠠ  ᠳᠡᠭᠡᠭᠰᠢᠯᠡᠭᠦᠯᠭᠦ ᠲᠤᠬᠠᠢ ᠬᠡᠷᠡᠭᠵᠢᠭᠦᠯᠬᠦ ᠰᠠᠨᠠᠯ》 ᠳᠤ ᠲᠠᠶᠢᠯᠤᠮᠵᠢ ᠬᠢᠪᠡ ᠃ ᠰᠦᠨ ᠱᠤᠤ ᠴᠧᠩ ᠂ ᠸᠠᠩ ᠯᠢ ᠰᠢᠶᠠ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠭᠦᠷᠲᠡᠭᠴᠢ ᠵᠠᠩ ᠾᠧ ᠫᠢᠩ ᠂ ᠯᠦ ᠵᠠᠨ ᠶᠤᠸᠠᠨ ᠳᠤ ᠱᠠᠩᠨᠠᠯ ᠤᠨ ᠮᠥᠩᠭᠦ ᠣᠯᠭᠤᠵᠤ ᠂ ᠳᠠᠯᠠᠨ ᠬᠠᠷ᠎ᠠ ᠠᠭᠤᠯᠠ ᠲᠤᠷᠰᠢᠯᠲᠠ ᠶᠢᠨ ᠲᠠᠰᠤᠭ ᠂ ᠣᠷᠳᠣᠰ ᠲᠤᠷᠰᠢᠯᠲᠠ ᠶᠢᠨ ᠲᠠᠰᠤᠭ ᠲᠤ ᠫᠠᠶᠢᠰᠠ ᠣᠯᠭᠤᠪᠠ ᠃

ᠰᠦᠨ ᠱᠤᠤ ᠴᠧᠩ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠭᠡᠢ ᠪᠣᠯ ᠤᠷᠤᠭᠰᠢᠯᠠᠬᠤ ᠂  ᠳᠠᠪᠰᠢᠬᠤ ᠲᠤᠯᠭᠠᠭᠤᠷᠢᠯᠠᠯ ᠪᠠᠶᠢᠵᠤ ᠴᠢᠳᠠᠬᠤ ᠦᠭᠡᠢ ᠶᠤᠮ ᠃ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠶᠢ ᠬᠥᠭᠵᠢᠭᠰᠡᠨ ᠭᠠᠵᠠᠷ ᠣᠷᠣᠨ ᠤ ᠬᠢ ᠲᠠᠢ ᠬᠠᠷᠢᠴᠠᠭᠤᠯᠪᠠᠯ ᠪᠠᠭ᠎ᠠ ᠪᠤᠰᠤ ᠵᠥᠷᠢᠶ᠎ᠡ ᠲᠠᠢ ᠶᠤᠮ ᠂ ᠢᠩᠭᠢᠬᠦ ᠲᠤᠳᠤᠮ ᠨᠡᠩ ᠢᠯᠡᠭᠦᠦ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠬᠤ ᠠᠤᠭ᠎ᠠ ᠰᠠᠨᠠᠭ᠎ᠠ ᠡᠷᠡᠯᠬᠡᠭ ᠵᠣᠷᠢᠭ ᠲᠠᠢ ᠪᠠᠶᠢᠬᠤ ᠬᠡᠷᠡᠭᠲᠡᠢ ᠃ ᠣᠯᠠᠨ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠡᠮᠵᠢᠨ ᠂ ᠮᠠᠨ ᠤ ᠣᠷᠣᠨ ᠤ ᠵᠠᠷᠢᠮ ᠬᠦᠷᠢᠶᠡᠨ ᠤ ᠮᠡᠷᠭᠡᠵᠢᠯ ᠡᠮᠦᠨ᠎ᠡ ᠡᠩᠨᠡᠭᠡᠨ ᠳᠤ ᠬᠤᠰᠢᠭᠤᠷᠠᠵᠤ ᠂ ᠡᠨᠡ ᠬᠤᠶᠠᠷ ᠵᠢᠯ ᠳᠤ ᠪᠦᠭᠦ ᠣᠷᠣᠨ ᠤ ᠤᠯᠤᠰ ᠤᠨ ᠲᠠᠰ ᠤᠨ ᠱᠠᠩᠨᠠᠯ ᠭᠥᠷᠳᠡᠭᠰᠡᠨ ᠪᠠ ᠤᠯᠤᠰ ᠤᠨ ᠲᠠᠰ ᠤᠨ ᠲᠥᠯᠥᠪᠯᠡᠭᠡ ᠳᠤ ᠣᠷᠣᠭᠰᠠᠨ ᠴᠢᠳᠠᠪᠤᠷᠢᠲᠠᠨ ᠤ ᠲᠤᠭ᠎ᠠ ᠶᠡᠭᠡ ᠪᠠᠷ ᠳᠡᠭᠡᠭᠰᠢᠯᠡᠵᠦ ᠂ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠂ ᠦᠷ᠎ᠡ ᠪᠦᠲᠦᠭᠡᠯ ᠢ ᠲᠤᠬᠠᠢ ᠶᠢᠨ ᠭᠠᠵᠠᠷ ᠣᠷᠣᠨ ᠳᠠᠭᠠᠨ ᠣᠨᠳᠣᠣᠰᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠢ ᠂ ᠡᠶᠢᠮᠦ ᠰᠠᠶᠢᠨ ᠬᠠᠨᠳᠤᠰᠢ ᠲᠠᠢ ᠪᠠᠶᠢᠬᠤ ᠶᠢᠨ ᠳᠡᠭᠡᠷ᠎ᠡ ᠤᠯᠤᠰ ᠠᠴᠠ ᠠᠯᠢ ᠣᠯᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠭᠰᠡᠨ ᠠᠴᠠ ᠮᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ  ᠬᠢ ᠠᠯᠤᠰ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ ᠶᠤᠮ ᠃ ᠪᠦᠬᠦ ᠣᠷᠣᠨ ᠢᠶᠠᠷ ᠢᠶᠠᠨ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ ᠂《ᠪᠢ ᠬᠥᠮᠥᠨ ᠢ ᠬᠦᠷᠬᠦ ᠦᠭᠡᠢ》ᠭᠡᠬᠦ ᠪᠤᠳᠤᠯ ᠢᠶᠠᠨ ᠲᠠᠶᠠᠭᠳᠠᠵᠤ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠨᠢᠭᠡ ᠰᠡᠳᠬᠢᠯ ᠨᠢᠭᠡ ᠵᠣᠷᠢᠭ ᠢᠶᠠᠷ ᠯᠠᠪᠳᠠᠭᠤᠨ ᠪᠠᠲᠤᠲᠠᠢ ᠠᠵᠢᠯᠯᠠᠵᠤ ᠂ ᠴᠤᠴᠠᠯᠲᠠ ᠦᠭᠡᠢ ᠤᠷᠤᠭᠰᠢᠯᠠᠳᠠᠭ ᠯᠠ ᠶᠤᠮ ᠪᠣᠯ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠯᠠᠪᠲᠠᠢ  ᠭᠡᠷᠡᠯ ᠭᠢᠯᠪᠠᠭ᠎ᠠ ᠰᠠᠴᠤᠷᠠᠭᠤᠯᠬᠤ ᠪᠣᠯᠣᠨ᠎ᠠ ᠭᠡᠵᠡᠢ ᠃

ᠰᠦᠨ ᠱᠤᠤ ᠴᠧᠩ ᠂ ᠨᠢᠳᠤᠨᠤᠨ ᠵᠢᠯ ᠤᠨ ᠰᠡᠭᠦᠯᠴᠢ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠰᠢᠨᠵᠢᠯᠡᠬᠦ ᠤᠬᠠᠭᠠᠨ ᠮᠡᠷᠭᠡᠵᠢᠯ ᠤᠨ《ᠪᠦᠰᠡᠯᠡᠯᠲᠡ ᠰᠢᠪᠲᠤᠯᠬᠤ》ᠢᠨᠵᠧᠨᠧᠷᠢᠩ ᠢ ᠪᠠᠶᠢᠷᠢᠯᠠᠭᠤᠯᠤᠨ ᠬᠡᠷᠡᠭᠵᠢᠭᠦᠯᠪᠡ᠂《ᠪᠦᠰᠡᠯᠡᠯᠲᠡ ᠰᠢᠪᠲᠤᠯᠬᠤ》ᠪᠣᠯ ᠠᠵᠢᠯ ᠤᠨ ᠠᠷᠭ᠎ᠠ ᠠᠪᠴᠠᠯ ᠮᠥᠨ᠂ ᠨᠡᠩ ᠴᠤ ᠨᠢᠭᠡ ᠵᠦᠢᠯ ᠤᠨ ᠣᠶᠢᠯᠠᠭᠠᠭᠳᠠᠬᠤᠨ ᠮᠥᠨ ᠃ ᠬᠠᠷᠠᠯᠲᠠ ᠪᠠᠨ ᠪᠠᠲᠤ ᠡᠵᠡᠮᠳᠡᠵᠦ ᠂ ᠪᠣᠬᠢᠷᠳᠤᠯ ᠦᠭᠡᠢ ᠬᠥᠭᠵᠢᠯᠲᠡ ᠪᠠᠷ ᠦᠨᠳᠦᠰᠦᠨ ᠭᠦᠭ ᠠᠶᠠᠰ ᠪᠤᠯᠭᠠᠵᠤ ᠂ ᠪᠠᠭ᠎ᠠ ᠨᠡᠭᠦᠷᠡᠰᠦᠲᠥ᠋ᠷᠥᠭᠴᠢᠲᠦ ᠡᠨᠧᠷᠭᠢ ᠂ ᠳᠡᠭᠡᠳᠦ ᠴᠢᠳᠠᠪᠬᠢᠲᠤ ᠮᠠᠲ᠋ᠧᠷᠢᠶᠠᠯ ᠂ ᠪᠣᠬᠢᠷᠳᠤᠯ ᠦᠭᠡᠢ ᠪᠣᠳᠣᠯᠲᠠ ᠶᠢᠨ ᠬᠦᠴᠦᠨ ᠂ ᠠᠮᠢ ᠨᠠᠰᠤᠨ ᠤ ᠡᠷᠡᠭᠦᠯ ᠮᠡᠨᠳᠦ ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠵᠡᠷᠭᠡ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ ᠂ ᠵᠣᠷᠢᠯᠭ᠎ᠠ ᠳᠠᠭᠠᠨ ᠵᠠᠪᠠᠯ ᠬᠦᠷᠬᠦ ᠬᠡᠷᠡᠭᠲᠡᠢ ᠃ ᠡᠩ ᠤᠨ ᠵᠤᠷᠰᠢᠯ ᠢ ᠡᠪᠳᠡᠵᠦ ᠂ ᠵᠠᠷᠤᠳᠠᠯ ᠤᠨ ᠣᠷᠣᠭᠤᠯᠤᠯᠲᠠ ᠂ ᠠᠵᠢᠯᠲᠠᠨ ᠤ ᠴᠠᠯᠢᠩ ᠣᠯᠭᠤᠮᠵᠢ ᠂ ᠴᠢᠬᠤᠯᠠ ᠬᠦᠴᠦᠨ ᠵᠦᠢᠯ ᠤᠨ ᠳᠡᠮᠵᠢᠯᠭᠡ ᠂ ᠦᠢᠯᠡᠴᠢᠯᠡᠭᠡ ᠪᠠᠲᠤᠯᠠᠭ᠎ᠠ ᠵᠡᠷᠭᠡ ᠲᠠᠯ᠎ᠠ ᠪᠠᠷ ᠤᠨᠴᠠᠭᠠᠢ ᠠᠷᠭ᠎ᠠ ᠬᠡᠮᠵᠢᠶ᠎ᠡ ᠠᠪᠴᠤ ᠂ ᠤᠨᠴᠠᠭᠠᠢ ᠪᠠᠷ ᠭᠦᠢᠴᠡᠳᠬᠡᠬᠦ ᠶᠣᠰᠣᠲᠠᠢ ᠤᠨᠴᠠᠭᠠᠢ ᠶᠠᠪᠤᠳᠠᠯ ᠢ ᠨᠢ ᠤᠨᠴᠠᠭᠠᠢ ᠪᠠᠷ ᠭᠦᠢᠴᠡᠳᠬᠡᠬᠦ ᠬᠡᠷᠡᠭᠲᠡᠢ ᠃ ᠳᠦᠷᠢᠮ ᠲᠣᠭᠲᠠᠭᠠᠯ ᠢ ᠡᠷᠬᠢᠮᠯᠡᠨ ᠂ 《ᠪᠦᠰᠡᠯᠡᠯᠲᠡ ᠰᠢᠪᠲᠤᠯᠬᠤ》ᠶᠡᠷᠦᠩᠬᠡᠢ ᠬᠠᠷᠠᠯᠲᠠ ᠶᠢᠨ ᠲᠣᠭᠤᠷᠢᠨ ᠳᠤ ᠳᠡᠰ ᠳᠠᠪᠬᠤᠷᠭ᠎ᠠ ᠬᠤᠪᠢᠶᠠᠨ ᠪᠠᠶᠢᠯᠳᠤᠵᠤ ᠂ ᠤᠯᠠᠨ ᠲᠠᠯ᠎ᠠ ᠪᠠᠷ 《ᠪᠦᠰᠡᠯᠡᠯᠲᠡ ᠰᠢᠪᠲᠤᠯᠬᠤ》᠂ ᠪᠦᠭᠦ ᠱᠤᠭᠤᠮ ᠢᠶᠠᠷ《ᠪᠦᠰᠡᠯᠡᠯᠲᠡ ᠰᠢᠪᠲᠤᠯᠬᠤ》ᠪᠠᠷ ᠴᠢᠷᠮᠠᠶᠢᠬᠤ ᠬᠡᠷᠡᠭᠲᠡᠢ ᠭᠡᠵᠡᠢ ᠃

ᠰᠦᠨ ᠱᠤᠤ ᠴᠧᠩ ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠨᠡᠬᠡᠨ ᠭᠦᠢᠴᠡᠵᠦ ᠳᠠᠪᠠᠨ ᠭᠠᠷᠬᠤ ᠶᠢ ᠪᠡᠶᠡᠯᠡᠭᠦᠯᠬᠦ ᠳᠤ ᠪᠠᠶᠢᠭᠤᠯᠤ‍ᠯ ᠲᠣᠭᠲᠠᠴᠠ ᠨᠢ ᠵᠠᠪᠠᠯ ᠠᠮᠢᠳᠤᠯᠢᠭ ᠪᠠᠶᠢᠬᠤ ᠬᠡᠷᠡᠭᠲᠡᠢ ᠃ ᠴᠢᠳᠠᠪᠤᠷᠢᠲᠠᠨ ᠣᠷᠣᠭᠤᠯᠤᠨ ᠠᠪᠴᠢᠷᠠᠬᠤ ᠴᠢᠳᠠᠪᠤᠷᠢᠲᠠᠨ ᠬᠥᠮᠥᠵᠢᠭᠦᠯᠬᠦ ᠠᠷᠭ᠎ᠠ ᠭᠡᠯᠪᠡᠷᠢ ᠶᠢ ᠰᠢᠯᠢᠳᠡᠭᠵᠢᠭᠦᠯᠵᠦ ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠠᠶᠢᠨ ᠰᠠᠶᠢᠬᠠᠨ ᠨᠥᠬᠦᠴᠡᠯ ᠢᠶᠠᠷ ᠬᠥᠮᠥᠨ ᠢ ᠣᠷᠣᠭᠤᠯᠤᠨ ᠠᠪᠴᠢᠷᠠᠵᠤ ᠂ ᠠᠯᠤᠰ ᠭᠡᠳᠦ ᠶᠢᠨ ᠬᠠᠷᠠᠴᠠ ᠪᠠᠷ ᠬᠥᠮᠥᠨ ᠢ ᠬᠥᠮᠥᠵᠢᠭᠦᠯᠵᠦ ᠂ ᠡᠯ᠎ᠡ ᠬᠦᠷᠢᠶ᠎ᠡ ᠡᠯ᠎ᠡ ᠳᠠᠪᠬᠤᠷᠭ᠎ᠠ ᠶᠢᠨ ᠲᠦᠷᠦ ᠶᠢᠨ ᠪᠣᠳᠣᠯᠭ᠎ᠠ ᠂ ᠳᠦᠷᠢᠮ ᠴᠥᠮ ᠡᠭᠦᠨ ᠳᠤ ᠬᠦᠴᠦ ᠣᠷᠣᠭᠤᠯᠤᠨ ᠂ ᠲᠦᠭᠦᠮ ᠦᠵᠡᠭᠦᠯᠵᠦ ᠳᠡᠶᠢᠯᠭᠦ ᠵᠦᠢᠯ ᠳᠤ ᠡᠷᠬᠡᠪᠰᠢ ᠲᠦᠭᠦᠮ ᠦᠵᠡᠭᠦᠯᠭᠦ ᠬᠡᠷᠡᠭᠲᠡᠢ ᠃ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠰᠠᠶᠢᠲᠤᠷ ᠪᠡᠯᠡᠳᠬᠡᠨ ᠬᠡᠷᠡᠭᠯᠡᠵᠦ ᠂ ᠵᠣᠭᠤᠰ ᠢᠶᠠᠨ ᠤᠨᠢᠨ ᠳᠡᠭᠡᠷ᠎ᠡ ᠨᠢ ᠬᠡᠷᠡᠭᠯᠡᠵᠦ ᠂ ᠵᠣᠭᠤᠰ ᠢ ᠬᠡᠷᠡᠭᠯᠡᠬᠦ  ᠳᠤ ᠳᠦᠭᠦᠮ ᠪᠤᠯᠭᠠᠬᠤ ᠬᠡᠷᠡᠭᠲᠡᠢ ᠃ ᠤᠳᠤ ᠶᠢᠨ ᠪᠠᠶᠢᠭ᠎ᠠ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠠᠰᠢᠭᠯᠠᠵᠤ ᠂ ᠨᠢᠭᠡ ᠪᠦᠯᠦᠭ ᠤᠯᠤᠰ ᠤᠨ ᠲᠡᠰ ᠤᠨ ᠰᠢᠨ᠎ᠡ ᠲᠠᠪᠴᠠᠩ ᠢ ᠴᠢᠷᠮᠠᠶᠢᠨ ᠪᠠᠶᠢᠭᠤᠯᠵᠤ ᠂ ᠰᠤᠳᠤᠯᠤᠨ ᠨᠡᠭᠡᠭᠡᠯᠲᠡ ᠳᠤ   《ᠲᠠᠪᠴᠠᠩ》 ᠢ ᠰᠠᠶᠢᠲᠤᠷ ᠴᠣᠭᠴᠠᠯᠠᠵᠤ ᠥᠭᠬᠦ ᠬᠡᠷᠡᠭᠲᠡᠢ ᠃ ᠬᠡᠷᠡᠭᠴᠡᠭᠡ ᠪᠠᠷ ᠲᠦᠷᠦᠯ ᠵᠦᠢᠯ ᠢ ᠲᠣᠭᠲᠠᠭᠠᠬᠤ ᠂ ᠬᠠᠩᠭᠠᠯᠭ᠎ᠠ ᠬᠡᠷᠡᠭᠴᠡᠭᠡ ᠶᠢ ᠤᠷᠢᠳᠴᠢᠯᠠᠨ ᠵᠣᠯᠭᠠᠭᠤᠯᠬᠤ ᠂ ᠬᠡᠷᠡᠭᠴᠡᠭᠡ ᠪᠠᠷ ᠬᠠᠩᠭᠠᠯᠭ᠎ᠠ ᠶᠢ ᠲᠣᠭᠲᠠᠭᠠᠬᠤ ᠶᠢ ᠪᠠᠷᠢᠮᠲᠠᠯᠠᠵᠤ ᠂ ᠰᠤᠳᠤᠯᠭᠠᠨ ᠨᠢ ᠬᠡᠷᠡᠭᠴᠡᠭᠡ ᠲᠠᠢ ᠪᠠᠶᠢᠬᠤ ᠂ ᠬᠠᠩᠭᠠᠯᠭ᠎ᠠ ᠨᠢ ᠬᠡᠷᠡᠭᠴᠡᠭᠡ ᠳᠤ ᠨᠡᠶᠢᠴᠡᠬᠦ ᠶᠢ ᠪᠠᠲᠤᠯᠠᠬᠤ ᠬᠡᠷᠡᠭᠲᠡᠢ ᠃ ᠦᠷ᠎ᠡ ᠪᠦᠲᠦᠭᠡᠯ ᠢ ᠰᠠᠶᠢᠲᠤᠷ ᠣᠨᠳᠣᠣᠰᠢᠭᠤᠯᠤᠨ ᠬᠡᠷᠡᠭᠯᠡᠵᠦ ᠂ ᠰᠢᠨᠵᠢᠯᠡᠬᠦ ᠤᠬᠠᠭᠠᠨ ᠤ ᠰᠤᠳᠤᠯᠭᠠᠲᠠᠳ ᠢ ᠨᠡᠷ᠎ᠡ ᠲᠦᠷᠦ ᠲᠠᠢ ᠪᠤᠯᠭᠠᠬᠤ ᠪᠥᠭᠡᠳ ᠪᠣᠳᠠᠲᠠᠢ ᠠᠰᠢᠭ ᠬᠦᠷᠲᠡᠭᠡᠬᠦ ᠬᠡᠷᠡᠭᠲᠡᠢ ᠃ ᠰᠢᠨᠵᠢᠯᠡᠬᠦ ᠤᠬᠠᠭᠠᠨ ᠤ ᠰᠤᠳᠤᠯᠭᠠᠨ ᠤ ᠵᠢᠮ᠎ᠡ ᠶᠣᠰᠣ ᠂ ᠵᠠᠬ᠎ᠠ ᠳᠡᠯᠭᠡᠭᠦᠷ ᠤᠨ ᠵᠢᠮ᠎ᠡ ᠶᠣᠰᠣ ᠪᠣᠯᠣᠨ ᠠᠵᠤ ᠠᠬᠤᠢ ᠶᠢᠨ ᠵᠢᠮ᠎ᠡ ᠶᠣᠰᠣ ᠶᠢ ᠵᠢᠷᠤᠮᠯᠠᠵᠤ ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠬᠠᠮᠤᠭ ᠤᠨ ᠶᠡᠭᠡ ᠬᠡᠮᠵᠢᠶ᠎ᠡ ᠪᠠᠷ ᠴᠢᠯᠦᠭᠡᠲᠡᠢ ᠰᠦᠪᠡᠭᠴᠢᠯᠡᠬᠦ ᠣᠷᠣᠨ ᠵᠠᠢ ᠣᠯᠭᠤᠵᠤ ᠂ ᠠᠵᠤ ᠠᠬᠤᠶᠢᠯᠠᠯ ᠢᠯᠠᠩᠭᠤᠶ᠎ᠠ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠴᠢᠩᠭᠠᠳᠬᠠᠵᠤ ᠂ ᠥᠷᠭᠡᠨ ᠤᠯᠠᠨ ᠲᠦᠮᠡᠨ ᠳᠤ ᠰᠢᠨᠵᠢᠯᠡᠬᠦ ᠤᠬᠠᠭᠠᠨ ᠤ ᠶᠡᠷᠦ ᠶᠢᠨ ᠮᠡᠳᠡᠯᠭᠡ ᠶᠢ ᠨᠡᠩ ᠢᠯᠡᠭᠦᠦ ᠣᠶᠢᠯᠠᠭᠠᠭᠤᠯᠤᠨ ᠡᠵᠡᠮᠰᠢᠭᠦᠯᠵᠦ ᠂ ᠪᠦᠭᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠬᠡᠷᠡᠭᠲᠡᠢ ᠭᠡᠪᠡ ᠃

ᠰᠦᠨ ᠱᠤᠤ ᠴᠧᠩ ᠂ 《ᠪᠦᠰᠡᠯᠡᠯᠲᠡ ᠰᠢᠪᠲᠤᠯᠬᠤ》᠂ ᠨᠡᠬᠡᠨ ᠭᠦᠢᠴᠡᠵᠦ ᠳᠠᠪᠠᠨ ᠭᠠᠷᠬᠤ ᠶᠢ ᠪᠡᠶᠡᠯᠡᠭᠦᠯᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠪᠠ ᠰᠠᠶᠢᠨ ᠰᠠᠶᠢᠬᠠᠨ ᠠᠭᠤᠷ ᠠᠮᠢᠰᠬᠤᠯ ᠲᠤᠶᠢᠯ ᠤᠨ ᠴᠢᠬᠤᠯᠠ ᠶᠤᠮ ᠃ ᠪᠦᠬᠦ ᠣᠷᠣᠨ ᠢᠶᠠᠷ ᠢᠶᠠᠨ ᠰᠢᠨᠵᠢᠯᠡᠬᠦ ᠤᠬᠠᠭᠠᠨ ᠢ ᠳᠡᠭᠡᠳᠦᠯᠡᠵᠦ ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠂ ᠬᠦᠯᠢᠴᠡᠩᠭᠦᠢ ᠪᠤᠰᠤ ᠪᠠᠶᠢᠬᠤ ᠶᠢ ᠴᠢᠩᠭ᠎ᠠ ᠴᠡᠭᠡᠷᠯᠡᠵᠦ ᠂ ᠬᠢᠷᠢ ᠭᠡᠮ ᠨᠠᠰᠤ ᠵᠢᠯ ᠦᠵᠡᠬᠦ ᠶᠢ ᠴᠢᠩᠭ᠎ᠠ ᠴᠡᠭᠡᠷᠯᠡᠵᠦ ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠶᠢ ᠴᠢᠩᠭ᠎ᠠ ᠴᠡᠭᠡᠷᠯᠡᠬᠦ ᠬᠡᠷᠡᠭᠲᠡᠢ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ ᠂ ᠨᠢᠭᠡᠳᠦᠯᠲᠡᠢ ᠲᠥᠯᠥᠪᠵᠢᠭᠦᠯᠦᠨ ᠬᠤᠯᠪᠤᠭᠠᠯᠠᠨ ᠬᠥᠳᠡᠯᠦᠯᠴᠡᠵᠦ ᠂ ᠬᠠᠮᠲᠤᠷᠠᠯ ᠬᠦᠴᠦᠨ ᠢ ᠪᠦᠷᠢᠯᠳᠦᠭᠦᠯᠵᠦ ᠂ ᠡᠯ᠎ᠡ ᠲᠥᠷᠥᠯ ᠤᠨ ᠠᠵᠤ ᠠᠬᠤᠶᠢᠯᠠᠯ ᠤᠨ ᠬᠢᠨ ᠴᠢᠭᠯᠡᠭᠦᠯᠦᠯᠲᠦ ᠴᠢᠨᠠᠷᠲᠠᠢ ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠠᠵᠢᠯ  ᠥᠷᠨᠢᠭᠦᠯᠵᠦ ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠶᠢ ᠠᠬᠢᠭᠤᠯᠵᠤ ᠂ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠤᠨ ᠬᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠣᠨᠣᠴᠠᠲᠠᠢ ᠵᠣᠯᠭᠠᠭᠤᠯᠤᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠪᠠᠨ ᠴᠢᠩᠭᠠᠳᠬᠠᠵᠤ ᠂ ᠯᠠᠪᠳᠠᠭᠤᠨ ᠪᠠᠲᠤᠲᠠᠢ ᠦᠨᠡᠨ ᠪᠣᠳᠠᠲᠠᠢ ᠪᠠᠷ ᠰᠤᠳᠤᠯᠤᠨ ᠨᠡᠭᠡᠭᠡᠬᠦ ᠬᠡᠷᠡᠭᠲᠡᠢ ᠃ ᠥᠷᠭᠡᠨ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂《ᠰᠢᠷᠭᠠᠭᠤ ᠬᠠᠲᠠᠭᠤᠵᠢᠯᠲᠠᠢ ᠪᠠᠷ ᠲᠡᠮᠡᠴᠡᠬᠦ》ᠵᠣᠷᠢᠭ ᠢ ᠡᠪᠦᠷᠯᠡᠨ ᠨᠢᠭᠡ ᠰᠡᠳᠬᠢᠯ ᠢᠶᠠᠷ ᠰᠤᠳᠤᠯᠵᠤ ᠂ ᠲᠠᠷᠢᠶᠠᠨ ᠭᠠᠵᠠᠷ ᠂ ᠦᠢᠯᠡᠳᠪᠦᠷᠢᠯᠡᠯ ᠤᠨ ᠡᠮᠦᠨ᠎ᠡ ᠹᠷᠣᠨᠲ ᠲᠤ ᠢᠯᠡᠭᠦᠬᠡᠨ ᠭᠦᠨᠵᠡᠭᠡᠶᠢᠷᠡᠵᠦ ᠠᠰᠠᠭᠤᠳᠠᠯ ᠢ ᠣᠯᠵᠤ ᠮᠡᠳᠡᠨ ᠰᠢᠢᠳᠪᠦᠷᠢᠯᠡᠬᠦ ᠬᠡᠷᠡᠭᠲᠡᠢ ᠭᠡᠪᠡ ᠃

ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠂ ᠡᠳ᠋ ᠤᠨ ᠵᠠᠰᠠᠭ ᠤᠨ ᠲᠢᠩᠬᠢᠮ ᠂ ᠣᠷᠳᠣᠰ ᠬᠤᠲᠠ ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠂ ᠥᠪᠥᠷ ᠮᠣᠩᠭᠤᠯ ᠤᠨ ᠴᠠᠭᠢᠯᠭᠠᠨ ᠬᠦᠴᠦᠨ︵ᠪᠦᠯᠦᠭᠯᠡᠯ︶ ᠤ ᠬᠢᠵᠠᠭᠠᠷᠲᠤ ᠺᠤᠮᠫᠠᠨᠢ ᠂ ᠪᠤᠭᠤᠲᠤ ᠬᠤᠲᠠ ᠶᠢᠨ ᠶᠢᠩ ᠰᠾᠢ  ᠲᠧ ᠬᠤᠪᠣᠷ ᠰᠢᠷᠣᠢ ᠲᠣᠭᠲᠠᠮᠠᠯ ᠰᠣᠷᠢᠨᠵᠢᠨ ᠤ ᠰᠢᠨ᠎ᠡ ᠮᠠᠲ᠋ᠧᠷᠢᠶᠠᠯ ᠤᠨ ᠺᠤᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ ᠃

ᠬᠤᠷᠠᠯ ᠨᠢ ᠸᠢᠳᠢᠤ᠋ ᠶᠢᠨ ᠭᠡᠯᠪᠡᠷᠢ ᠪᠠᠷ ᠬᠤᠷᠠᠯᠳᠤᠵᠤ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠂ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠂ ᠭᠤᠣᠯᠳᠠᠯᠭ᠎ᠠ ᠲᠠᠢ ᠠᠵᠤ ᠠᠬᠤᠶᠢᠯᠠᠯ ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠵᠢᠴᠢ ᠰᠢᠨ᠎ᠡ ᠶᠢ ᠡᠭᠦᠳᠬᠦ ᠲᠠᠪᠴᠠᠩ ᠤᠨ ᠭᠤᠣᠯ ᠬᠠᠷᠢᠭᠤᠴᠠᠯᠭᠠᠲᠠᠨ ᠨᠥᠬᠦᠳ ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠲᠥᠯᠥᠭᠡᠯᠡᠭᠴᠢ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ ᠂ ᠡᠯ᠎ᠡ ᠠᠶᠢᠮᠠᠭ ᠬᠤᠲᠠ ᠪᠣᠯᠣᠨ ᠮᠠᠨᠵᠤᠤᠷ ᠬᠤᠲᠠ ᠂ ᠡᠷᠢᠶᠡᠨ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ ᠃

 

 


   :                    
   :           
备案序号:蒙ICP备05003250号 公安备案15010502000173