ᠵᠤᠬᠢᠶᠠᠭᠴᠢ:
ᠴᠠᠭ:2024-09-20
ᠥᠵᠡᠭᠰᠡᠨ : ℃
ᠢᠷᠡᠯᠲᠡ: ᠦᠪᠦᠷ
ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠰᠢᠨᠬᠤᠸᠠ ᠬᠤᠷᠢᠶᠠᠨ ᠤ ᠪᠡᠭᠡᠵᠢᠩ ᠤᠨ 2024 ᠣᠨ 9 ᠳ᠋ᠦ᠋ᠭᠡᠷ ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 9 ᠳ᠋ᠦ᠋ᠭᠡᠷ ᠰᠠᠷ᠎ᠠ ᠶᠢᠨ 18 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠢᠯᠡᠰ ᠪᠣᠰᠬᠠᠬᠤ ᠪᠡᠯᠡ ᠣᠷᠤᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠵᠤ᠂ ᠡᠨᠡ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠳᠠᠯ ᠬᠢᠭᠡᠳ ᠲᠠᠷᠢᠶᠠᠯᠠᠩ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 《ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ ᠲᠦᠷᠢᠮ︵ᠵᠠᠰᠠᠪᠤᠷᠢ ᠣᠷᠣᠭᠤᠯᠤᠭᠰᠠᠨ ᠲᠥᠰᠦᠯ︶》 ᠪᠠ 《ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠶᠠᠷ ᠬᠡᠷᠡᠭᠯᠡᠭᠡᠨ ᠤ ᠪᠠᠷᠠᠭ᠎ᠠ ᠵᠦᠢᠯᠡᠰ ᠢ ᠭᠠᠳᠠᠭᠠᠳᠤ ᠳᠤ ᠭᠠᠷᠭᠠᠬᠤ ᠶᠢ ᠵᠠᠬᠢᠷᠤᠨ ᠬᠠᠮᠢᠶᠠᠷᠬᠤ ᠲᠦᠷᠢᠮ ︵ᠲᠥᠰᠦᠯ︶》 ᠢ ᠬᠢᠨᠠᠨ ᠵᠥᠪᠯᠡᠵᠦ ᠪᠠᠲᠤᠯᠠᠪᠠ᠃
ᠬᠤᠷᠠᠯ ᠢᠶᠠᠷ᠂ ᠦᠢᠯᠡᠰ ᠪᠤᠰᠬᠠᠬᠤ ᠪᠡᠯᠡ ᠣᠷᠣᠭᠤᠯᠤᠯᠲᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠠᠵᠤ ᠦᠢᠯᠡᠰ ᠤᠨ ᠲᠡᠰ ᠳᠡᠪᠰᠢᠬᠦ ᠪᠠ ᠴᠢᠨᠠᠷ ᠰᠠᠶᠢᠲᠠᠢ ᠬᠥᠭᠵᠢᠯᠲᠡ ᠲᠠᠢ ᠬᠤᠯᠪᠣᠭᠳᠠᠨ᠎ᠠ᠃ 《ᠴᠤᠭᠯᠠᠭᠤᠯᠬᠤ ᠣᠷᠣᠭᠤᠯᠬᠤ ᠬᠠᠮᠢᠶᠠᠷᠬᠤ ᠪᠤᠴᠠᠭᠠᠬᠤ》 ᠡᠯ᠎ᠡ ᠭᠤᠭᠴᠣᠭᠠ ᠳᠠᠬᠢ ᠲᠦᠭᠵᠢᠷᠡᠯ ᠢ ᠲᠦᠷᠭᠡᠬᠡᠨ ᠨᠡᠪᠲᠡᠷᠡᠭᠦᠯᠵᠦ᠂ ᠨᠥᠬᠦᠴᠡᠯ ᠳᠤ ᠨᠡᠶᠢᠴᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠳ ᠤᠨ ᠬᠢᠯᠢ ᠶᠢᠨ ᠳᠣᠲᠣᠨ᠎ᠠ ᠭᠠᠳᠠᠨᠠᠬᠢ ᠵᠠᠬ᠎ᠠ ᠳᠡᠯᠭᠡᠭᠦᠷ ᠲᠤ ᠭᠠᠷᠬᠤ ᠶᠢ ᠨᠢ ᠳᠡᠮᠵᠢᠵᠦ᠂ ᠰᠲ᠋ᠣᠺ ᠤᠨ ᠡᠷᠬᠡ ᠰᠢᠯᠵᠢᠭᠦᠯᠬᠦ᠂ ᠨᠡᠶᠢᠯᠡᠭᠦᠯᠦᠨ ᠬᠤᠳᠠᠯᠳᠤᠵᠤ ᠠᠪᠬᠤ ᠵᠠᠬ᠎ᠠ ᠳᠡᠯᠭᠡᠭᠦᠷ ᠢ ᠶᠡᠭᠡ ᠪᠠᠷ ᠬᠥᠭᠵᠢᠭᠦᠯᠵᠦ᠂ ᠪᠣᠳᠠᠲᠤ ᠶᠠᠭᠤᠮ᠎ᠠ ᠪᠠᠷ ᠬᠤᠪᠢᠶᠠᠷᠢᠯᠠᠬᠤ ᠰᠲ᠋ᠣᠺ ᠤᠨ ᠲᠤᠷᠰᠢᠯᠲᠠ ᠶᠢᠨ ᠴᠡᠭ ᠤᠳ ᠢ ᠳᠡᠯᠭᠡᠷᠡᠭᠦᠯᠵᠦ᠂ ᠨᠡᠶᠢᠭᠡᠮ ᠤᠨ ᠬᠦᠷᠦᠩᠭᠡ ᠶᠢ ᠵᠣᠷᠢᠭᠵᠢᠭᠤᠯᠵᠤ ᠪᠠᠶᠢᠭᠠᠳ ᠡᠬᠡ ᠰᠠᠭᠤᠷᠢ ᠮᠥᠩᠭᠦ ᠪᠠᠨ ᠵᠠᠬ᠎ᠠ ᠳᠡᠯᠭᠡᠭᠦᠷᠴᠢᠯᠡᠵᠦ ᠨᠡᠶᠢᠯᠡᠭᠦᠯᠦᠨ ᠬᠤᠳᠠᠯᠳᠤᠵᠤ ᠠᠪᠬᠤ ᠪᠤᠶᠤ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠰᠠᠭᠤᠷᠢ ᠮᠥᠩᠭᠦ ᠶᠢ ᠪᠠᠶᠢᠭᠤᠯᠵᠤ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠠᠵᠢᠯ ᠲᠦᠷᠦᠯ ᠤᠨ ᠰᠠᠶᠢᠨ ᠣᠷᠴᠢᠯ ᠢ ᠠᠬᠢᠭᠤᠯᠬᠤ ᠬᠡᠷᠡᠭᠲᠡᠢ᠃ ᠤᠯᠤᠰ ᠤᠨ ᠥᠮᠴᠢᠯᠡᠯᠲᠦ ᠡᠳ᠋ ᠬᠦᠷᠦᠩᠭᠡ ᠪᠠᠷ ᠭᠠᠷᠭᠠᠬᠤ ᠪᠡᠯᠡ ᠮᠥᠩᠭᠦ ᠶᠢ ᠨᠡᠩ ᠬᠠᠷᠢᠭᠤᠴᠠᠯᠭ᠎ᠠ ᠲᠠᠢ ᠤᠷᠳᠤ ᠬᠤᠭᠤᠴᠠᠭᠠᠨ ᠤ ᠬᠦᠷᠦᠩᠭᠡ᠂ ᠬᠦᠯᠢᠴᠡᠩᠭᠦᠢ ᠬᠥᠷᠥᠩᠭᠡ ᠪᠣᠯᠭᠠᠬᠤ ᠶᠢ ᠨᠢ ᠠᠬᠢᠭᠤᠯᠵᠤ᠂ ᠤᠯᠤᠰ ᠤᠨ ᠥᠮᠴᠢᠯᠡᠯᠲᠦ ᠪᠡᠯᠡ ᠮᠥᠩᠭᠦ ᠪᠠᠷ ᠪᠡᠯᠡ ᠭᠠᠷᠭᠠᠬᠤ ᠂ ᠰᠢᠯᠭᠠᠨ ᠬᠢᠨᠠᠬᠤ᠂ ᠠᠯᠳᠠᠰᠢ ᠶᠢ ᠨᠢ ᠠᠭᠤᠴᠢᠯᠠᠨ ᠪᠠᠭᠲᠠᠭᠠᠬᠤ ᠂ ᠪᠤᠴᠠᠭᠠᠨ ᠭᠠᠷᠭᠠᠬᠤ ᠯᠤᠭ᠎ᠠ ᠬᠤᠯᠪᠣᠭᠳᠠᠭᠰᠠᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠬᠡᠷᠡᠭᠲᠡᠢ᠃ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠡᠷᠡᠭᠦᠯ ᠢᠶᠠᠷ ᠬᠥᠭᠵᠢᠬᠦ ᠳᠦᠷᠢᠮ ᠤᠨ ᠰᠠᠭᠤᠷᠢ ᠶᠢ ᠪᠠᠬᠢᠵᠢᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢᠨ ᠭᠤᠣᠯᠳᠠᠯᠭ᠎ᠠ ᠪᠣᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠳᠠᠮᠵᠢ ᠶᠢ ᠲᠡᠭᠦᠯᠳᠡᠷᠵᠢᠭᠦᠯᠦᠨ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠢᠶᠠᠷ᠂ ᠥᠨᠥ ᠵᠢᠯ ᠠᠴᠠ ᠨᠠᠭᠠᠰᠢ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠮᠤ ᠪᠤᠳᠠᠭᠠᠨ ᠤ ᠦᠢᠯᠡᠳᠪᠦᠷᠢᠯᠡᠯ ᠬᠢᠭᠡᠳ ᠲᠠᠷᠢᠶᠠᠯᠠᠩ ᠤᠨ ᠠᠵᠢᠯ ᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠦᠶᠡᠷ ᠤᠰᠤᠲᠤᠯ ᠤᠨ ᠭᠠᠮᠰᠢᠭ ᠵᠡᠷᠭᠡ ᠠᠰᠢᠭ ᠦᠭᠡᠢ ᠨᠥᠯᠥᠭᠡ ᠶᠢ ᠪᠦᠲᠦᠮᠵᠢᠲᠡᠢ ᠠᠷᠭᠠᠴᠠᠵᠤ᠂ ᠵᠣᠨ ᠤ ᠠᠮᠤ ᠪᠤᠳᠠᠭᠠᠨ ᠤ ᠤᠨᠠᠯᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠨᠠᠮᠤᠷ ᠤᠨ ᠠᠮᠤ ᠪᠤᠳᠠᠭ᠎ᠠ ᠡᠯᠪᠡᠭ ᠬᠤᠷᠢᠶᠠᠯᠲᠠ ᠣᠯᠣᠮᠠᠷ ᠪᠠᠶᠢᠵᠤ᠂《ᠬᠤᠯᠢᠰᠢᠨ ᠢᠳᠡᠭᠡᠨ》 ᠤ ᠪᠦᠲᠦᠭᠡᠭᠳᠡᠬᠦᠨ ᠤ ᠬᠠᠩᠭᠠᠯᠭ᠎ᠠ ᠭᠦᠢᠴᠡᠳ ᠪᠣᠯᠣᠨ᠎ᠠ᠃ ᠨᠠᠮᠤᠷ ᠤᠨ ᠭᠠᠵᠠᠷ ᠲᠡᠭᠰᠢᠯᠡᠬᠦ᠂ ᠳᠠᠯᠠᠩᠨᠠᠬᠤ᠂ ᠪᠣᠷᠳᠣᠭᠤᠷ ᠣᠷᠣᠭᠤᠯᠬᠤ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠵᠤ ᠰᠠᠶᠢᠲᠤᠷ ᠠᠳᠬᠤᠨ᠂ ᠭᠠᠮᠰᠢᠭ ᠢ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠰᠡᠷᠭᠡᠶᠢᠯᠡᠨ ᠠᠷᠭᠠᠴᠠᠬᠤ ᠶᠢ ᠴᠢᠩᠭᠠᠳᠬᠠᠵᠤ᠂ ᠮᠠᠰᠢᠨ ᠢᠶᠠᠷ ᠬᠤᠷᠢᠶᠠᠬᠤ ᠶᠢ ᠵᠣᠬᠢᠶᠠᠨ ᠪᠠᠶᠢᠭᠤᠯᠵᠤ ᠲᠣᠬᠢᠷᠠᠭᠤᠯᠬᠤ ᠠᠵᠢᠯ ᠢᠶᠠᠨ ᠰᠠᠶᠢᠲᠤᠷ ᠬᠢᠵᠦ᠂ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠦᠨᠡᠨ ᠬᠦ ᠪᠠᠲᠤᠯᠠᠬᠤ ᠬᠡᠷᠡᠭᠲᠡᠶ᠃ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠲᠥᠷᠥ ᠶᠢᠨ ᠪᠣᠳᠣᠯᠭ᠎ᠠ ᠶᠢᠨ ᠪᠡᠯᠡᠳᠬᠡᠯ ᠲᠥᠰᠦᠯ ᠢ ᠡᠷᠲᠡᠬᠡᠨ ᠰᠤᠳᠤᠯᠤᠨ ᠲᠣᠭᠲᠠᠭᠠᠵᠤ᠂ ᠰᠢᠨ᠎ᠡ ᠣᠨ ᠤ ᠪᠤᠭᠤᠳᠠᠶ ᠬᠤᠳᠠᠯᠳᠤᠨ ᠠᠪᠬᠤ ᠬᠠᠮᠤᠭ ᠤᠨ ᠳᠣᠣᠷ᠎ᠠ ᠦᠨ᠎ᠡ ᠶᠢ ᠲᠦᠷᠭᠡᠬᠡᠨ ᠨᠡᠶᠢᠲᠡᠯᠡᠵᠦ᠂ ᠰᠢᠷ᠎ᠠ ᠪᠤᠷᠴᠠᠭ ᠡᠳ᠋ᠰᠢᠭᠦᠯᠬᠦ ᠶᠢᠨ ᠱᠠᠩᠨᠠᠨ ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠰᠠᠶᠢᠲᠤᠷ ᠪᠠᠲᠤᠯᠠᠬᠤ ᠬᠡᠷᠡᠭᠲᠡᠶ᠃ ᠦᠬᠡᠷ ᠬᠤᠨᠢ ᠲᠡᠵᠢᠭᠡᠨ ᠦᠷᠡᠵᠢᠭᠦᠯᠬᠦ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯ ᠢ ᠨᠢ ᠲᠠᠶᠢᠯᠬᠤ ᠨᠢᠭᠡ ᠪᠦᠯᠦᠭ ᠲᠥᠷᠥ ᠶᠢᠨ ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠡᠷᠦᠬᠡ ᠨᠦᠭᠦᠳ ᠤᠨ ᠬᠦᠴᠢᠷ ᠢ ᠲᠤᠭᠤᠯᠬᠤ ᠳᠤ ᠨᠢ ᠬᠠᠪᠰᠤᠷᠤᠯᠭ᠎ᠠ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃
ᠬᠤᠷᠠᠯ ᠢᠶᠠᠷ 《ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ ᠳᠦᠷᠢᠮ︵ᠵᠠᠰᠠᠪᠤᠷᠢ ᠣᠷᠣᠭᠤᠯᠤᠭᠰᠠᠨ ᠲᠥᠰᠦᠯ︶》 ᠢ ᠬᠢᠨᠠᠨ ᠵᠥᠪᠯᠡᠵᠦ ᠪᠠᠲᠤᠯᠠᠭᠠᠳ ᠦᠷᠡᠭᠳᠡᠭᠰᠡᠨ ᠪᠠᠭᠠᠲᠤᠷᠴᠤᠳ ᠢ ᠮᠠᠭᠲᠠᠨ ᠰᠠᠶᠢᠰᠢᠶᠠᠬᠤ ᠪᠠᠨ ᠴᠢᠩᠭᠠᠳᠬᠠᠬᠤ ᠨᠢ ᠨᠠᠮ ᠪᠣᠯᠤᠨ ᠤᠯᠤᠰ ᠠᠴᠠ ᠪᠠᠭᠠᠲᠤᠷᠴᠤᠳ ᠢ ᠳᠤᠷᠠᠰᠤᠨ ᠰᠠᠨᠠᠭᠠᠯᠵᠠᠬᠤ ᠪᠠ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠢ ᠬᠠᠶᠢᠷᠠᠯᠠᠨ ᠬᠠᠯᠠᠮᠵᠢᠯᠠᠵᠤ ᠪᠠᠶᠢᠬᠤ ᠪᠠᠨ ᠢᠯᠡᠷᠡᠭᠦᠯᠵᠦ ᠪᠠᠶᠢᠨ᠎ᠠ᠃ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠬᠢᠨ ᠳᠤ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠵᠦ᠂ ᠠᠮᠢᠳᠤᠷᠠᠯ ᠤᠨ ᠲᠠᠯ᠎ᠠ ᠪᠠᠷ᠂ ᠠᠵᠢᠯ ᠤᠨ ᠲᠠᠯ᠎ᠠ ᠪᠠᠷ ᠨᠡᠩ ᠢᠯᠡᠭᠦᠦ ᠠᠩᠬᠠᠷᠤᠨ ᠬᠠᠯᠠᠮᠵᠢᠯᠠᠵᠤ᠂ ᠪᠣᠳᠠᠲᠠᠢ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠬᠦ ᠬᠡᠷᠡᠭᠲᠡᠢ᠃ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠪᠡᠯᠡᠳᠬᠡᠮᠵᠢ ᠶᠢᠨ ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠬᠤᠪᠢᠰᠬᠠᠯ ᠤᠨ ᠬᠤᠪᠣᠷ ᠨᠠᠨᠳᠢᠨ ᠡᠬᠢ ᠪᠠᠶᠠᠯᠢᠭ ᠤᠳ ᠢ ᠰᠠᠶᠢᠲᠤᠷ ᠠᠰᠢᠭᠯᠠᠵᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠳᠠᠶᠠᠭᠠᠷ ᠲᠤ ᠪᠠᠭᠠᠲᠤᠷᠴᠤᠳ ᠢ ᠬᠦᠨᠳᠦᠳᠬᠡᠬᠦ᠂ ᠡᠷᠡᠯᠬᠡᠭᠯᠡᠨ ᠲᠡᠮᠡᠴᠡᠵᠦ ᠬᠤᠪᠢ ᠨᠡᠮᠡᠷᠢ ᠦᠵᠡᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠢᠶᠠᠷ 《ᠪᠦᠭᠦᠲᠡ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠬᠤᠶᠠᠷ ᠬᠡᠷᠡᠭᠯᠡᠭᠡᠨ ᠤ ᠪᠠᠷᠠᠭ᠎ᠠ ᠵᠦᠢᠯᠡᠰ ᠢ ᠭᠠᠲᠠᠭᠠᠲᠤ ᠳᠤ ᠭᠠᠷᠭᠠᠬᠤ ᠶᠢ ᠵᠠᠬᠢᠷᠤᠨ ᠬᠠᠮᠢᠶᠠᠷᠬᠤ ᠲᠦᠷᠢᠮ︵ᠲᠦᠰᠦᠯ︶》 ᠢ ᠬᠢᠨᠠᠨ ᠵᠦᠪᠯᠡᠵᠦ ᠪᠠᠲᠤᠯᠠᠪᠠ᠃
ᠬᠤᠷᠠᠯ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃