ᠳᠤᠮᠳᠠᠳᠤ ᠤᠯᠤᠰ ᠤᠨ ᠤᠯᠠᠨ ᠤᠯᠤᠰ ᠯᠤᠭ᠎ᠠ ᠨᠥᠭᠦᠷᠰᠡᠭ ᠢᠶᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠬᠰᠠᠨ ᠭᠠᠳᠠᠭᠠᠳᠤ ᠶᠢᠨ ᠵᠣᠴᠢᠳ ᠲᠠᠢ ᠠᠭᠤᠯᠵᠠᠬᠤ ᠦᠶ᠎ᠡ ᠶᠢᠨ ᠶᠠᠷᠢᠶ᠎ᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 11 ᠤ ᠴᠠᠭᠢᠯᠭᠠᠨ ᠮᠡᠳᠡᠭᠡ
︵2024 ᠣᠨ ᠤ 10 ᠰᠠᠷ᠎ᠠ ᠶᠢᠨ 11 ᠤ ᠡᠳᠦᠷ᠂ ᠪᠡᠭᠡᠵᠢᠩ ᠳᠤ︶
ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ
ᠡᠩ ᠲᠡᠷᠢᠭᠦᠨ ᠳᠤ᠂ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ᠂ ᠨᠠᠶᠢᠵᠠ ᠨᠠᠷ ᠤᠨ ᠳᠤᠮᠳᠠᠳᠤ ᠤᠯᠤᠰ ᠲᠤ ᠢᠷᠡᠵᠤ ᠳᠤᠮᠳᠠᠳᠤ ᠤᠯᠤᠰ ᠤᠨ ᠤᠯᠠᠨ ᠤᠯᠤᠰ ᠯᠤᠭ᠎ᠠ ᠨᠥᠭᠦᠷᠰᠡᠭ ᠢᠶᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠬᠰᠠᠨ ᠳᠤ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ︕ ᠡᠨᠡ ᠡᠳᠦᠷ ᠪᠣᠯ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠪᠤᠯᠬᠤ ᠥᠲᠡᠭᠦᠰ ᠤᠨ ᠪᠠᠶᠠᠷ ᠪᠣᠯᠣᠨ᠎ᠠ᠃ ᠡᠨᠡ ᠪᠣᠯ ᠨᠠᠰᠤᠲᠠᠨ ᠢᠶᠠᠨ ᠬᠦᠨᠳᠦᠳᠬᠡᠬᠦ ᠪᠠ ᠭᠡᠷ ᠬᠤᠲᠠᠯᠠᠭᠠᠷ ᠢᠶᠠᠨ ᠴᠤᠭᠯᠠᠷᠠᠬᠤ ᠶᠢ ᠪᠡᠯᠭᠡᠳᠡᠭᠰᠡᠨ ᠪᠠᠶᠠᠷ ᠤᠨ ᠡᠳᠦᠷ ᠪᠣᠯᠣᠨ᠎ᠠ᠃ ᠣᠯᠠᠨ ᠲᠠᠢ ᠨᠢᠭᠡ ᠲᠠᠩᠬᠢᠮ ᠳᠤ ᠴᠤᠭᠯᠠᠷᠠᠵᠤ᠂ ᠨᠥᠬᠦᠷᠯᠡᠯ ᠤᠨ ᠲᠤᠬᠠᠢ ᠶᠠᠷᠢᠯᠴᠠᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃
ᠤᠯᠤᠰ ᠤᠨ ᠬᠤᠭᠤᠷᠣᠨᠳᠣᠭᠢ ᠬᠠᠷᠢᠯᠴᠠᠭ᠎ᠠ ᠨᠢ ᠠᠷᠠᠳ ᠤᠨ ᠬᠤᠭᠤᠷᠤᠨᠳᠤᠭᠢ ᠳᠣᠲᠣᠨᠣ ᠬᠠᠷᠢᠯᠴᠠᠭ᠎ᠠ ᠳᠤ ᠪᠠᠶᠢᠳᠠᠭ᠃ ᠠᠷᠠᠳ ᠲᠦᠮᠡᠨ ᠨᠥᠭᠦᠷᠰᠡᠭ ᠪᠠᠶᠢᠬᠤ ᠨᠢ ᠤᠯᠠᠨ ᠤᠯᠤᠰ ᠤᠨ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢᠨ ᠰᠠᠭᠤᠷᠢ ᠮᠥᠨ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠶᠢᠨ ᠳᠠᠭᠤᠰᠤᠰᠢ ᠦᠭᠡᠢ ᠬᠥᠳᠡᠯᠭᠡᠭᠴᠢ ᠬᠦᠴᠦᠨ ᠮᠥᠨ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠬᠦ ᠶᠢᠨ ᠦᠨᠳᠦᠰᠦᠨ ᠤᠷᠢᠲᠠᠯ ᠮᠥᠨ᠃ ᠠᠳᠡ ᠰᠠᠭᠤᠵᠤ ᠪᠠᠶᠢᠭ᠎ᠠ ᠲᠠ ᠪᠦᠭᠦᠨ ᠤᠷᠳᠤ ᠬᠤᠭᠤᠴᠠᠭ᠎ᠠ ᠪᠠᠷ ᠳᠤᠮᠳᠠᠳᠤ ᠤᠯᠤᠰ ᠯᠤᠭ᠎ᠠ ᠨᠥᠭᠦᠷᠰᠡᠭ ᠦᠢᠯᠡᠰ ᠤᠨ ᠲᠥᠯᠥᠭᠡ ᠴᠢᠷᠮᠠᠶᠢᠵᠤ᠂ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠨᠠᠶᠢᠵᠠ᠂ ᠬᠠᠭᠤᠴᠢᠨ ᠨᠠᠶᠢᠵᠠ ᠪᠣᠯᠤᠭᠰᠠᠨ ᠶᠤᠮ᠃ ᠤᠯᠠᠨ ᠢᠶᠠᠷ ᠢᠶᠠᠨ ᠲᠦᠮᠡᠨ ᠭᠠᠵᠠᠷ ᠤᠨ ᠬᠤᠯᠠ ᠠᠴᠠ ᠠᠭᠤᠯᠠ ᠤᠰᠤ ᠶᠢ ᠳᠠᠪᠠᠵᠤ ᠠᠳᠡ ᠢᠷᠡᠭᠰᠡᠨ ᠨᠢ ᠴᠥᠮ ᠨᠥᠬᠦᠷᠯᠡᠯ ᠭᠡᠬᠦ ᠡᠨᠡ ᠬᠦ ᠲᠣᠮᠣ ᠶᠠᠪᠤᠳᠠᠯ ᠤᠨ ᠲᠥᠯᠥᠭᠡ ᠶᠤᠮ᠂ ᠴᠥᠮ ᠠᠷᠠᠳ ᠲᠦᠮᠡᠨ ᠤ ᠨᠥᠬᠦᠷᠯᠡᠯ ᠤᠨ ᠠᠭᠤᠤ ᠶᠡᠭᠡ ᠦᠢᠯᠡᠰ ᠤᠨ ᠲᠥᠯᠥᠭᠡ ᠶᠤᠮ᠂ ᠡᠭᠦᠨ ᠢ ᠪᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃
ᠣᠳᠣᠬᠠᠨ ᠤ ᠳᠡᠯᠡᠬᠡᠢ ᠶᠢᠷᠲᠢᠨᠴᠦ ᠲᠡᠦᠬᠡ ᠶᠢᠨ ᠲᠣᠨᠣᠯᠵᠢᠨ ᠵᠠᠮ ᠳᠤ ᠳᠠᠬᠢᠨᠲᠠ ᠵᠣᠭᠰᠣᠪᠠ᠃《ᠶᠠᠮᠠᠷ ᠶᠠᠩᠵᠤ ᠶᠢᠨ ᠳᠡᠯᠡᠬᠡᠢ ᠶᠢᠷᠲᠢᠨᠴᠦ ᠶᠢ ᠪᠠᠶᠢᠭᠤᠯᠬᠤ᠂ ᠡᠨᠡ ᠬᠦ ᠳᠡᠯᠡᠬᠡᠢ ᠶᠢᠷᠲᠢᠨᠴᠦ ᠶᠢ ᠬᠡᠷᠬᠢᠨ ᠪᠠᠶᠢᠭᠤᠯᠬᠤ》ᠡᠨᠡ ᠬᠦ ᠴᠠᠭ ᠦᠶ᠎ᠡ ᠶᠢᠨ ᠰᠡᠳᠦᠪ ᠤᠨ ᠡᠮᠦᠨ᠎ᠡ᠂ ᠪᠢ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠭᠡᠬᠦ ᠳᠤᠮᠳᠠᠳᠤ ᠤᠯᠤᠰ ᠤᠨ ᠬᠠᠷᠢᠭᠤᠯᠲᠠ ᠶᠢ ᠳᠤᠷᠠᠳᠪᠠ᠃ ᠵᠠᠭᠤᠨ ᠵᠢᠯ ᠤᠨ ᠬᠤᠪᠢᠰᠤᠯᠲᠠ ᠶᠢᠨ ᠳᠣᠣᠷ᠎ᠠ᠂ ᠪᠦᠭᠦ ᠪᠥᠮᠪᠥᠷᠴᠡᠭ ᠢᠶᠠᠷ ᠢᠶᠠᠨ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠥᠮᠥᠨ ᠲᠥᠷᠥᠯᠬᠢᠲᠡᠨ ᠬᠤᠪᠢ ᠵᠠᠶᠠᠭ᠎ᠠ ᠪᠠᠨ ᠬᠠᠮᠲᠤᠳᠬᠠᠵᠤ᠂ ᠳᠡᠯᠡᠬᠡᠢ ᠳ᠋ᠠᠬᠢᠨ ᠬᠡᠷᠬᠢᠨ ᠬᠥᠭᠵᠢᠬᠦ ᠭᠡᠳᠡᠭ ᠨᠢ ᠡᠯ᠎ᠡ ᠤᠯᠤᠰ ᠤᠨ ᠠᠷᠠᠳ ᠲᠦᠮᠡᠨ ᠤ ᠰᠣᠩᠭᠤᠯᠲᠠ ᠪᠠᠷ ᠰᠢᠢᠳᠪᠦᠷᠢᠯᠡᠭᠳᠡᠨ᠎ᠡ᠃
ᠨᠢᠭᠡᠨ ᠭᠠᠳᠠᠭᠠᠳᠤ ᠶᠢᠨ ᠨᠠᠶᠢᠵᠠ ᠨᠠᠳᠠ ᠳᠤ᠄ 《ᠨᠥᠬᠦᠷᠯᠡᠯ ᠪᠣᠯ ᠶᠡᠭᠡ ᠶᠠᠪᠤᠳᠠᠯ᠂ ᠨᠥᠬᠦᠷᠯᠡᠯ ᠲᠠᠢ ᠶᠢᠷᠲᠢᠨᠴᠦ ᠪᠣᠯ ᠡᠩᠬᠡ ᠲᠠᠶᠢᠪᠤᠩ ᠶᠢᠷᠲᠢᠨᠴᠦ ᠪᠣᠯᠣᠨ᠎ᠠ》ᠭᠡᠵᠦ ᠬᠡᠯᠡᠵᠦ ᠥᠩᠭᠡᠷᠡᠪᠡ᠃ ᠠᠷᠠᠳ ᠲᠦᠮᠡᠨ ᠤ ᠨᠥᠬᠦᠷᠯᠡᠯ ᠤᠨ ᠤᠷᠤᠰᠬᠠᠯ ᠨᠢ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠪᠠ᠃
ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ᠃ ᠠᠷᠪᠠᠨ ᠬᠡᠳᠦᠨ ᠡᠳᠦᠷ ᠤᠨ ᠡᠮᠦᠨ᠎ᠡ᠂ ᠪᠢᠳᠡ ᠶᠬᠠᠨ ᠦᠪᠡᠳᠡᠭᠰᠢ ᠶᠡᠭᠡ ᠪᠡᠯᠭᠡᠯᠡᠬᠦ ᠠᠵᠢᠯᠯᠠᠭ᠎ᠠ ᠥᠷᠨᠢᠭᠦᠯᠪᠡ᠃ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠦᠭᠡᠯᠡᠯᠲᠡ ᠶᠢ ᠪᠡᠶᠡᠯᠡᠭᠦᠯᠪᠡ᠃ ᠤᠷᠳᠤ ᠬᠤᠭᠤᠴᠠᠭᠠᠨ ᠤ ᠲᠡᠮᠡᠴᠡᠯ ᠢᠶᠠᠷ ᠲᠡᠮᠵᠢᠨ᠂ ᠪᠢᠳᠡ ᠳᠤᠮᠳᠠᠳᠤ ᠶᠢᠨ ᠡᠬᠡ ᠭᠠᠵᠠᠷ ᠳᠡᠭᠡᠷ᠎ᠡ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠬᠥᠭᠵᠢᠯᠲᠡ ᠠᠮᠵᠢᠯᠲᠠ ᠪᠦᠲᠦᠮᠵᠢ ᠶᠢ ᠡᠭᠦᠳᠦᠨ ᠪᠦᠲᠦᠭᠡᠵᠦ᠂ ᠥᠪᠡᠷ ᠢ ᠪᠠᠨ ᠬᠥᠭᠵᠢᠭᠦᠯᠬᠦ ᠮᠥᠷᠲᠡᠭᠡᠨ ᠳᠡᠯᠡᠬᠡᠢ ᠳ᠋ᠠᠬᠢᠨ ᠳᠤ ᠪᠤᠶᠠᠨ ᠦᠢᠯᠡᠳᠬᠦ ᠣᠳᠣᠬᠢᠴᠢᠯᠠᠯᠲᠠ ᠶᠢᠨ ᠵᠠᠮ ᠢᠶᠠᠷ ᠵᠠᠮᠨᠠᠭᠰᠠᠨ ᠶᠤᠮ᠃
ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠳᠤᠮᠳᠠᠳᠤ ᠤᠯᠤᠰ ᠤᠨ ᠣᠯᠣᠭᠰᠠᠨ ᠡᠯ᠎ᠡ ᠲᠠᠯ᠎ᠠ ᠶᠢᠨ ᠠᠮᠵᠢᠯᠲᠠ ᠪᠦᠲᠦᠮᠵᠢ ᠴᠥᠮ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠨᠢᠭᠡ ᠪᠦᠯᠦᠭ ᠤᠯᠠᠨ ᠤᠯᠤᠰ ᠤᠨ ᠨᠥᠭᠦᠷᠰᠡᠭ ᠬᠥᠮᠥᠰ ᠠᠯᠤᠰ ᠬᠤᠯᠠ ᠠᠴᠠ ᠳᠤᠮᠳᠠᠳᠤ ᠤᠯᠤᠰ ᠲᠤ ᠢᠷᠡᠵᠤ᠂ ᠳᠤᠮᠳᠠᠳᠤ ᠤᠯᠤᠰ ᠤᠨ ᠠᠷᠠᠳ ᠲᠦᠮᠡᠨ ᠲᠠᠢ ᠰᠠᠯᠬᠢ ᠪᠣᠷᠣᠭᠠᠨ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠠᠮᠲᠤ ᠪᠠᠷ ᠲᠡᠮᠡᠴᠡᠵᠦ᠂ ᠮᠠᠰᠢ ᠤᠯᠠᠨ ᠭᠠᠳᠠᠭᠠᠳᠤ ᠶᠢᠨ ᠠᠵᠤ ᠠᠬᠤᠶᠢᠯᠠᠯ᠂ ᠪᠠᠶᠢᠭᠤᠯᠤᠮᠵᠢ᠂ ᠬᠤᠪᠢ ᠬᠥᠮᠥᠨ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠡᠯ᠎ᠡ ᠲᠠᠯ᠎ᠠ ᠶᠢᠨ ᠬᠢᠨ ᠤ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠳᠤᠮᠳᠠᠳᠤ ᠭᠠᠳᠠᠭᠠᠳᠤ ᠶᠢᠨ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠲᠡᠳᠡᠨ ᠤ ᠳᠤᠮᠳᠠᠳᠤ ᠤᠯᠤᠰ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠯᠦᠭᠡ ᠶᠢᠨ ᠴᠢᠩ ᠦᠨᠡᠨᠴᠢ ᠨᠥᠬᠦᠷᠯᠡᠯ ᠢ ᠪᠢᠳᠡ ᠢᠮᠠᠭᠲᠠ ᠪᠠᠲᠤ ᠴᠡᠭᠡᠵᠢᠯᠡᠨ᠎ᠡ᠃
ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠠᠯᠤᠰ ᠢᠷᠡᠭᠡᠳᠦᠢ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠤᠨ ᠨᠠᠶᠢᠵᠠ ᠨᠠᠷ ᠲᠠᠢ ᠨᠥᠭᠦᠷᠰᠡᠭ ᠰᠣᠯᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠭᠠᠳᠠᠭᠠᠳᠤ ᠬᠠᠷᠢᠯᠴᠠᠭᠠᠨ ᠤ ᠥᠪᠡᠷᠮᠢᠴᠡ ᠦᠢᠯᠡᠳᠦᠯ ᠢ ᠪᠠᠳᠠᠷᠠᠭᠤᠯᠵᠤ᠂ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃
ᠨᠢᠭᠡ ᠳᠤ᠂《ᠪᠦᠭᠦ ᠳᠡᠯᠡᠬᠡᠢ ᠪᠠᠷ ᠢᠶᠠᠨ ᠬᠠᠷᠢᠯᠴᠠᠨ ᠲᠤᠰᠠᠯᠠᠯᠴᠠᠬᠤ》ᠵᠣᠷᠢᠭ ᠰᠠᠨᠠᠭ᠎ᠠ ᠪᠠᠷ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠶ᠎ᠠ᠃ ᠡᠯ᠎ᠡ ᠤᠯᠤᠰ ᠤᠨ ᠠᠷᠠᠳ ᠲᠦᠮᠡᠨ ᠨᠢᠭᠡ ᠳᠡᠯᠡᠬᠡᠢ ᠶᠢᠨ ᠪᠥᠮᠪᠥᠷᠴᠡᠭ ᠳᠡᠭᠡᠷ᠎ᠡ ᠠᠮᠢᠳᠤᠷᠠᠵᠤ᠂ ᠨᠢᠭᠡ ᠭᠡᠷ ᠤᠨ ᠬᠥᠮᠥᠨ ᠮᠥᠨ᠂ ᠦᠢᠮᠡᠭᠡᠨ ᠳᠡᠪᠵᠢᠶᠡᠨ ᠲᠠᠢ ᠳᠡᠯᠡᠬᠡᠢ ᠶᠢᠨ ᠪᠠᠶᠢᠳᠠᠯ ᠪᠣᠯᠣᠨ ᠲᠠᠰᠤᠷᠠᠯᠳᠠ ᠦᠭᠡᠢ ᠭᠠᠷᠴᠤ ᠪᠠᠶᠢᠭ᠎ᠠ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠪᠦᠯᠬᠦᠮᠳᠡᠨ ᠠᠷᠭᠠᠴᠠᠪᠠᠯ ᠵᠣᠬᠢᠨ᠎ᠠ᠃ ᠳᠤᠮᠳᠠᠳᠤ ᠤᠯᠤᠰ ᠤᠨ ᠡᠷᠲᠡᠨ ᠤ ᠬᠥᠮᠥᠰ《ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠤᠨ᠎ᠠ》 ᠭᠡᠵᠦ ᠭᠡᠯᠴᠡᠳᠡᠭ᠂ ᠤᠳᠤ ᠳᠡᠯᠡᠬᠡᠢ ᠨᠡᠶᠢᠭᠡᠮ ᠢᠶᠠᠷ ᠢᠶᠠᠨ《ᠪᠦᠭᠦ ᠳᠡᠯᠡᠬᠡᠢ ᠪᠠᠷ ᠢᠶᠠᠨ ᠬᠠᠷᠢᠯᠴᠠᠨ ᠲᠤᠰᠠᠯᠠᠯᠴᠠᠬᠤ》 ᠴᠢᠬᠤᠯᠠᠲᠠᠢ ᠪᠣᠯᠪᠠ᠃ ᠬᠥᠮᠥᠨ ᠲᠥᠷᠥᠯᠬᠢᠲᠡᠨ ᠤ ᠬᠥᠭᠵᠢᠯᠲᠡ ᠳᠠᠪᠰᠢᠯᠲᠠ ᠶᠢᠨ ᠶᠡᠭᠡ ᠴᠢᠭᠯᠡᠯ ᠬᠤᠪᠢᠷᠠᠬᠤ ᠦᠭᠡᠢ᠂ ᠳᠡᠯᠡᠬᠡᠢ ᠶᠢᠨ ᠲᠡᠦᠬᠡ ᠲᠦᠪᠡᠭ ᠪᠤᠳᠤᠯᠢᠶᠠᠨᠲᠠᠢ ᠤᠷᠤᠭᠰᠢᠯᠠᠬᠤ ᠶᠡᠭᠡ ᠯᠣᠭᠢᠭ ᠬᠤᠪᠢᠷᠠᠬᠤ ᠦᠭᠡᠢ᠂ ᠳᠡᠯᠡᠬᠡᠢ ᠨᠡᠶᠢᠭᠡᠮ ᠤᠨ ᠬᠤᠪᠢ ᠵᠠᠶᠠᠭ᠎ᠠ ᠪᠠᠨ ᠬᠠᠮᠲᠤᠳᠬᠠᠬᠤ ᠶᠡᠭᠡ ᠬᠠᠨᠳᠤᠰᠢ ᠬᠤᠪᠢᠷᠠᠬᠤ ᠦᠭᠡᠢ ᠭᠡᠳᠡᠭ ᠢ ᠳᠤᠮᠳᠠᠳᠤ ᠤᠯᠤᠰ ᠢᠮᠠᠭᠲᠠ ᠪᠠᠲᠤ ᠢᠲᠡᠭᠡᠨ᠎ᠡ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ᠂ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠦᠭᠡ ᠪᠦᠬᠦᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠢᠲᠡᠭᠡᠯ ᠪᠢᠰᠢᠷᠡᠯ᠂ ᠠᠳᠠᠯᠢ ᠪᠤᠰᠤ ᠰᠣᠶᠣᠯ᠂ ᠠᠳᠠᠯᠢ ᠪᠤᠰᠤ ᠣᠷᠣᠨ ᠪᠦᠰᠡ ᠶᠢᠨ ᠠᠷᠠᠳ ᠲᠦᠮᠡᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠡ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠮᠠᠨ ᠤ ᠬᠠᠮᠲᠤ ᠪᠠᠷ ᠠᠮᠢᠳᠤᠷᠠᠵᠤ ᠪᠠᠶᠢᠭ᠎ᠠ ᠳᠡᠯᠡᠬᠡᠢ ᠶᠢᠨ ᠪᠥᠮᠪᠥᠷᠴᠡᠭ ᠢᠶᠠᠨ ᠡᠩᠬᠡ ᠲᠠᠶᠢᠪᠤᠩ᠂ ᠡᠪ ᠨᠠᠶᠢᠷᠠᠮᠳᠠᠭᠤ᠂ ᠡᠶ᠎ᠡ ᠵᠣᠬᠢᠴᠠᠯ ᠲᠠᠢ ᠲᠣᠮᠣ ᠭᠡᠷ ᠪᠦᠯᠢ ᠪᠣᠯᠭᠠᠨ ᠪᠦᠲᠦᠭᠡᠨ ᠪᠠᠶᠢᠭᠤᠯᠤᠶ᠎ᠠ᠃
ᠬᠤᠶᠠᠷ ᠲᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠣᠶᠢᠯᠠᠭᠠᠭᠳᠠᠬᠤᠨ ᠢᠶᠠᠷ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠤᠶ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠠᠮ ᠮᠥᠨ᠂ ᠪᠠᠰᠠ ᠴᠤ ᠬᠥᠮᠥᠨ ᠲᠥᠷᠥᠯᠬᠢᠲᠡᠨ ᠤ ᠲᠠᠪᠰᠢᠯᠳᠠ ᠶᠢᠨ ᠲᠥᠯᠥᠭᠡ᠂ ᠳᠡᠯᠡᠬᠡᠢ ᠳ᠋ᠠᠬᠢᠨ ᠤ ᠡᠪ ᠨᠢᠭᠡᠳᠦᠯ ᠤᠨ ᠲᠥᠯᠥᠭᠡ ᠴᠢᠷᠮᠠᠶᠢᠬᠤ ᠨᠠᠮ ᠮᠥᠨ᠃ ᠪᠢ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠵᠡᠷᠭᠡ ᠶᠢ ᠳᠤᠷᠠᠳᠤᠭᠰᠠᠨ ᠨᠢ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠬᠢᠭᠤᠯᠵᠤ᠂ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠭᠦᠳᠴᠦ ᠥᠭᠬᠦ ᠶᠢᠨ ᠲᠥᠯᠥᠭᠡ ᠶᠤᠮ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠳᠤᠷᠠᠳᠤᠭᠰᠠᠨ 10 ᠭᠠᠷᠤᠢ ᠵᠢᠯ ᠤᠨ ᠦᠢᠯᠡᠳᠦᠯᠭᠡ ᠨᠢ ᠮᠠᠰᠢ ᠤᠯᠠᠨ ᠰᠡᠩᠬᠡᠷᠡᠭᠦᠯᠦᠯ ᠢ ᠠᠪᠴᠢᠷᠠᠵᠠᠢ᠂ ᠡᠭᠦᠨ ᠤ ᠳᠣᠲᠣᠷ᠎ᠠ ᠴᠢᠬᠤᠯᠠ ᠨᠢᠭᠡ ᠵᠦᠢᠯ ᠭᠡᠪᠡᠯ᠂ ᠭᠠᠭᠴᠠ ᠬᠦ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠪᠡᠯ ᠤᠴᠢᠷ ᠶᠠᠪᠤᠳᠠᠯ ᠢ ᠪᠦᠲᠦᠭᠡᠵᠦ᠂ ᠶᠠᠪᠤᠳᠠᠯ ᠢ ᠰᠠᠶᠢᠲᠤᠷ ᠪᠦᠲᠦᠭᠡᠵᠦ᠂ ᠶᠡᠭᠡ ᠶᠠᠪᠤᠳᠠᠯ ᠢ ᠪᠦᠲᠦᠭᠡᠵᠦ ᠴᠢᠳᠠᠨ᠎ᠠ᠃ ᠳᠤᠮᠳᠠᠳᠤ ᠤᠯᠤᠰ ᠬᠤᠪᠢ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ ᠣᠳᠣᠬᠢᠴᠢᠯᠠᠯᠲᠠ ᠶᠢ ᠬᠥᠭᠡᠭᠡᠴᠡᠯᠳᠦᠬᠦ ᠦᠭᠡᠢ ᠶᠤᠮ᠂ ᠨᠡᠩ ᠣᠯᠠᠨ ᠭᠠᠳᠠᠭᠠᠳᠤ ᠶᠢᠨ ᠨᠠᠶᠢᠵᠠ ᠨᠠᠷ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠢᠳᠡᠪᠬᠢᠲᠡᠢ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠣᠶᠢᠯᠠᠭᠠᠭᠳᠠᠬᠤᠨ ᠢᠶᠠᠷ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠮᠵᠢᠯᠲᠠ ᠪᠦᠲᠦᠮᠵᠢ ᠪᠠᠷ ᠳᠡᠯᠡᠬᠡᠢ ᠶᠢᠨ ᠬᠥᠭᠵᠢᠯᠲᠡ ᠳᠤ ᠰᠢᠨ᠎ᠡ ᠠᠵᠠ ᠲᠣᠭᠢᠶᠠᠯ ᠬᠠᠩᠭᠠᠵᠤ᠂ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠴᠢᠷᠮᠠᠶᠢᠨ ᠠᠬᠢᠭᠤᠯᠵᠤ᠂ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ᠃
ᠭᠤᠷᠪᠠ ᠳᠤ᠂ ᠨᠡᠭᠡᠭᠡᠯᠲᠡᠲᠡᠢ ᠪᠠᠭᠲᠠᠭᠠᠮᠵᠢᠲᠠᠢ ᠬᠡᠬᠦᠳᠡᠭ ᠴᠡᠭᠡᠵᠢ ᠪᠠᠷ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠪᠣᠯᠪᠠᠰᠤᠨ ᠤ ᠬᠠᠭᠤᠳᠠᠰᠤ ᠶᠢ ᠵᠢᠷᠤᠭᠯᠠᠶ᠎ᠠ᠃ 《ᠲᠦᠮᠡᠨ ᠪᠣᠳᠠᠰ ᠬᠠᠮᠲᠤ ᠪᠠᠷ ᠪᠣᠶᠢᠵᠢᠬᠤᠢ ᠳᠤᠷ ᠨᠢᠭᠡᠨ ᠨᠢᠭᠡᠨ ᠢᠶᠠᠨ ᠦᠯᠦ ᠬᠤᠭᠢᠷᠠᠭᠤᠯᠤᠮᠤᠢ︔ ᠶᠣᠰᠣ ᠰᠤᠷᠲᠠᠬᠤᠨ ᠵᠡᠷᠭᠡ ᠪᠠᠷ ᠣᠷᠣᠰᠢᠬᠤᠢ ᠳᠤᠷ ᠬᠠᠷᠢᠯᠴᠠᠨ ᠦᠯᠦ ᠬᠠᠷᠰᠢᠯᠳᠤᠮᠤᠢ》᠃ ᠡᠶ᠎ᠡ ᠲᠠᠢ ᠠᠳᠠᠯ᠎ᠠ ᠠᠳᠠᠯᠢ ᠪᠤᠰᠤ ᠪᠠᠶᠢᠳᠠᠭ ᠨᠢ ᠠᠯᠢᠪᠠ ᠬᠡᠷᠡᠭ ᠪᠣᠳᠠᠰ ᠤᠨ ᠡᠭᠦᠰᠴᠦ ᠬᠥᠭᠵᠢᠬᠦ ᠵᠢᠮ᠎ᠡ ᠶᠣᠰᠣ ᠮᠥᠨ᠂ ᠪᠠᠰᠠ ᠴᠤ ᠬᠥᠮᠥᠨ ᠲᠥᠷᠥᠯᠬᠢᠲᠡᠨ ᠤ ᠪᠣᠯᠪᠠᠰᠤᠨ ᠤ ᠤᠯᠠᠮᠵᠢᠯᠠᠭᠳᠠᠨ ᠬᠥᠭᠵᠢᠬᠦ ᠶᠢᠨ ᠵᠢᠮ᠎ᠡ ᠶᠣᠰᠣ ᠮᠥᠨ᠃ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠤ ᠪᠣᠯ ᠪᠣᠯᠪᠠᠰᠤᠨ ᠤ ᠬᠥᠭᠵᠢᠯᠲᠡ ᠶᠢᠨ ᠮᠥᠨ ᠴᠢᠨᠠᠷ ᠤᠨ ᠱᠠᠭᠠᠷᠳᠠᠯᠭ᠎ᠠ ᠮᠥᠨ᠂ ᠮᠥᠨ ᠴᠤ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠪᠠ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠶᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠮᠥᠨ᠃ ᠳᠤᠮᠳᠠᠳᠤ ᠶᠢᠨ ᠪᠣᠯᠪᠠᠰᠤᠨ ᠪᠣᠯ ᠪᠤᠰᠤᠳ ᠪᠣᠯᠪᠠᠰᠤᠨ ᠲᠠᠢ ᠲᠠᠰᠤᠷᠠᠯᠳᠠ ᠦᠭᠡᠢ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠤ ᠳᠤᠮᠳᠠ ᠪᠦᠷᠢᠯᠳᠦᠭᠰᠡᠨ ᠨᠡᠭᠡᠭᠡᠯᠲᠡᠲᠤ ᠰᠢᠰᠲ᠋ᠧᠮ ᠮᠥᠨ᠂ ᠲᠡᠷᠡ ᠨᠢ ᠪᠦᠭᠦᠨ ᠢ ᠠᠪᠴᠤ ᠪᠠᠶᠢᠳᠠᠭ ᠢ ᠬᠠᠳᠠᠭᠠᠯᠠᠬᠤ ᠳᠤᠮᠳᠠ ᠶᠠᠪᠤᠬᠤ ᠲᠤᠳᠤᠮ ᠰᠢᠨᠡᠳᠴᠦ ᠪᠠᠶᠢᠳᠠᠭ᠃ ᠳᠤᠮᠳᠠᠳᠤ ᠶᠢᠨ ᠦᠨᠳᠦᠰᠦᠲᠡᠨ ᠪᠣᠯ ᠨᠡᠭᠡᠭᠡᠯᠲᠡᠲᠡᠢ ᠪᠠᠭᠲᠠᠭᠠᠮᠵᠢᠲᠠᠢ ᠦᠨᠳᠦᠰᠦᠲᠡᠨ ᠮᠥᠨ᠂ ᠳᠤᠮᠳᠠᠳᠤ ᠤᠯᠤᠰ ᠤᠨ ᠠᠷᠠᠳ ᠲᠦᠮᠡᠨ ᠪᠣᠯ ᠴᠠᠶᠢᠯᠭᠠᠨ ᠨᠥᠭᠦᠷᠰᠡᠭ ᠠᠷᠠᠳ ᠲᠦᠮᠡᠨ ᠮᠥᠨ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠡᠷᠬᠡ ᠲᠡᠭᠰᠢ᠂ ᠬᠠᠷᠢᠯᠴᠠᠨ ᠲᠣᠯᠢ ᠪᠤᠯᠭᠠᠬᠤ᠂ ᠶᠠᠷᠢᠯᠴᠠᠭ᠎ᠠ ᠬᠢᠬᠦ᠂ ᠪᠠᠭᠲᠠᠭᠠᠮᠵᠢᠲᠠᠢ ᠪᠣᠯᠪᠠᠰᠤᠨ ᠤ ᠦᠵᠡᠯᠲᠡ ᠶᠢ ᠪᠠᠳᠠᠷᠠᠭᠤᠯᠵᠤ᠂ ᠴᠢᠩ ᠦᠨᠡᠨᠴᠢ ᠣᠯᠣᠯᠴᠠᠭ᠎ᠠ ᠪᠠᠷ ᠲᠠᠮᠵᠢᠨ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠨᠥᠬᠦᠷᠯᠡᠯ ᠢᠶᠠᠨ ᠵᠤᠵᠠᠭᠠᠳᠬᠠᠵᠤ᠂ ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠢ ᠵᠠᠪᠰᠠᠷ ᠢ ᠳᠠᠪᠠᠵᠤ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠪᠠᠷ ᠪᠣᠯᠪᠠᠰᠤᠨ ᠤ ᠮᠥᠷᠭᠦᠯᠳᠦᠭᠡᠨ ᠢ ᠳᠠᠪᠠᠵᠤ᠂ ᠳᠡᠯᠡᠬᠡᠢ ᠳ᠋ᠠᠬᠢᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠴᠢᠭᠯᠡᠯ ᠲᠡᠶᠢᠰᠢ ᠬᠥᠭᠵᠢᠬᠦ ᠶᠢ ᠠᠬᠢᠭᠤᠯᠤᠨ᠎ᠠ᠃
ᠠᠷᠠᠳ ᠤᠨ ᠬᠤᠭᠤᠷᠣᠨᠳᠣᠭᠢ ᠳᠣᠲᠣᠨᠣ ᠬᠠᠷᠢᠴᠠᠭ᠎ᠠ ᠨᠢ ᠰᠡᠳᠬᠢᠯ ᠤᠨ ᠨᠡᠪᠲᠡᠷᠡᠯᠴᠡᠭᠡ ᠳᠤ ᠪᠤᠢ᠃ ᠠᠷᠠᠳ ᠤᠨ ᠰᠡᠳᠬᠢᠯ ᠤᠨ ᠨᠡᠪᠲᠡᠷᠡᠯᠴᠡᠭᠡ ᠪᠣᠯ ᠬᠠᠮᠤᠭ ᠤᠨ ᠰᠠᠭᠤᠷᠢ᠂ ᠬᠠᠮᠤᠭ ᠤᠨ ᠪᠠᠲᠤ ᠪᠠᠬᠢ᠂ ᠬᠠᠮᠤᠭ ᠤᠨ ᠤᠳᠠᠭᠠᠨ ᠳᠠᠭᠠᠭᠠᠮᠠᠭᠠᠢ ᠬᠤᠯᠪᠣᠯᠳᠤᠨ ᠨᠡᠪᠲᠡᠷᠡᠯᠴᠡᠬᠦ ᠶᠠᠪᠤᠳᠠᠯ ᠪᠣᠯᠣᠨ᠎ᠠ᠃ ᠳᠤᠮᠳᠠᠳᠤ ᠤᠯᠤᠰ ᠤᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠤᠨ ᠳᠤᠮᠳᠠᠳᠤ ᠭᠠᠳᠠᠭᠠᠳᠤ ᠶᠢᠨ ᠠᠷᠠᠳ ᠲᠦᠮᠡᠨ ᠤ ᠨᠥᠬᠦᠷᠯᠡᠯ ᠢ ᠬᠥᠭᠵᠢᠭᠦᠯᠬᠦ᠂ ᠤᠯᠠᠨ ᠤᠯᠤᠰ ᠤᠨ ᠪᠣᠳᠠᠲᠠᠢ ᠶᠢ ᠡᠷᠭᠢᠮᠯᠡᠭᠦ ᠬᠠᠮᠲᠤᠷᠠᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠥᠪᠡᠷᠮᠢᠴᠡ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠨ᠎ᠠ᠃ ᠠᠷᠠᠳ ᠤᠨ ᠬᠤᠭᠤᠷᠣᠨᠳᠣᠭᠢ ᠶᠠᠪᠤᠯᠴᠠᠭ᠎ᠠ ᠶᠢᠨ ᠬᠥᠭᠦᠷᠭᠡ ᠶᠢ ᠨᠡᠩ ᠤᠯᠠᠨ ᠪᠠᠶᠢᠭᠤᠯᠵᠤ᠂ ᠡᠯ᠎ᠡ ᠤᠯᠤᠰ ᠤᠨ ᠨᠠᠶᠢᠵᠠ ᠨᠠᠷ ᠲᠠᠢ ᠪᠦᠯᠬᠦᠮᠳᠡᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢᠨ ᠦᠢᠯᠡᠳᠦᠯᠭᠡᠵᠢᠭᠦᠯᠦᠭᠴᠢ ᠪᠤᠯᠤᠨ᠎ᠠ︔ ᠨᠡᠩ ᠤᠯᠠᠨ ᠪᠣᠳᠠᠲᠠᠢ ᠶᠢ ᠡᠷᠭᠢᠮᠯᠡᠭᠦ ᠬᠠᠮᠲᠤᠷᠠᠯᠴᠠᠭ᠎ᠠ ᠶᠢᠨ ᠬᠥᠭᠦᠷᠭᠡ ᠶᠢ ᠴᠣᠭᠴᠠᠯᠠᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠵᠤ᠂ ᠬᠠᠮᠲᠤ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠷᠣᠯᠴᠠᠭᠴᠢ ᠪᠤᠯᠤᠨ᠎ᠠ︔ ᠨᠡᠩ ᠤᠯᠠᠨ ᠰᠣᠶᠣᠯ ᠢᠷᠭᠡᠨᠰᠢᠯ ᠤᠨ ᠰᠣᠯᠢᠯᠴᠠᠭᠠᠨ ᠤ ᠬᠥᠭᠦᠷᠭᠡ ᠬᠤᠯᠪᠣᠭᠠᠰᠤ ᠶᠢ ᠪᠠᠶᠢᠭᠤᠯᠵᠤ᠂ ᠡᠯ᠎ᠡ ᠤᠯᠤᠰ ᠤᠨ ᠠᠷᠠᠳ ᠤᠯᠠᠨ ᠤ ᠳᠤᠮᠳᠠᠳᠤ ᠭᠠᠳᠠᠭᠠᠳᠤ ᠶᠢᠨ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠪᠠ ᠠᠷᠠᠳ ᠤᠨ ᠰᠡᠳᠬᠢᠯ ᠨᠡᠪᠲᠡᠷᠡᠯᠴᠡᠬᠦ ᠶᠢᠨ ᠠᠬᠢᠭᠤᠯᠤᠭᠴᠢ ᠪᠤᠯᠬᠤ ᠶᠢ ᠵᠣᠷᠢᠬᠵᠢᠭᠤᠯᠤᠨ᠎ᠠ︔ ᠨᠡᠩ ᠤᠯᠠᠨ ᠵᠠᠯᠠᠭᠤᠴᠤᠳ ᠪᠠᠭᠠᠴᠤᠳ ᠤᠨ ᠨᠥᠬᠦᠷᠯᠡᠯ ᠤᠨ ᠬᠥᠭᠦᠷᠭᠡ ᠶᠢ ᠴᠣᠭᠴᠠᠯᠠᠵᠤ᠂ ᠵᠠᠯᠠᠭᠤ ᠨᠢᠭᠡ ᠦᠶ᠎ᠡ ᠶᠢᠨ ᠬᠢᠨ ᠢ ᠵᠣᠷᠢᠭᠵᠢᠭᠤᠯᠵᠤ᠂ ᠬᠠᠮᠲᠤ ᠪᠠᠷ ᠠᠷᠠᠳ ᠲᠦᠮᠡᠨ ᠤ ᠨᠥᠬᠦᠷᠯᠡᠯ ᠤᠨ ᠦᠢᠯᠡᠰ ᠤᠨ ᠵᠠᠯᠭᠠᠮᠵᠢᠯᠠᠭᠴᠢ ᠪᠣᠯᠭᠠᠨ᠎ᠠ᠃
ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠷᠠᠳ ᠲᠦᠮᠡᠨ ᠳᠤ ᠦᠢᠯᠡᠴᠢᠯᠡᠳᠡᠭ ᠨᠠᠮ ᠮᠥᠨ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯ ᠠᠷᠠᠳ ᠲᠦᠮᠡᠨ ᠤ ᠵᠠᠰᠠᠭ ᠤᠨ ᠣᠷᠳᠣᠨ ᠮᠥᠨ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠪᠣᠯ ᠠᠷᠠᠳ ᠲᠦᠮᠡᠨ ᠤ ᠭᠠᠳᠠᠭᠠᠳᠤ ᠬᠠᠷᠢᠯᠴᠠᠭ᠎ᠠ ᠮᠥᠨ᠃ ᠠᠷᠠᠳ ᠤᠨ ᠬᠤᠭᠤᠷᠣᠨᠳᠣᠭᠢ ᠭᠠᠳᠠᠭᠠᠳᠤ ᠬᠠᠷᠢᠯᠴᠠᠭ᠎ᠠ ᠪᠣᠯ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠬᠤ᠂ ᠤᠯᠤᠰ ᠤᠨ ᠬᠤᠭᠤᠷᠣᠨᠳᠣᠭᠢ ᠬᠠᠷᠢᠯᠴᠠᠭᠠᠨ ᠤ ᠬᠥᠭᠵᠢᠯᠲᠡ ᠶᠢ ᠠᠬᠢᠭᠤᠯᠬᠤ ᠰᠠᠭᠤᠷᠢᠯᠠᠬᠤ ᠴᠢᠨᠠᠷᠲᠠᠢ ᠠᠵᠢᠯ ᠮᠥᠨ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠤᠨ ᠨᠠᠶᠢᠵᠠ ᠨᠠᠷ ᠲᠠᠢ ᠬᠠᠮᠲᠤ ᠪᠠᠷ᠂ ᠨᠥᠬᠦᠷᠯᠡᠯ ᠢᠶᠠᠷ ᠬᠥᠭᠦᠷᠭᠡ ᠪᠤᠯᠭᠠᠵᠤ᠂ ᠰᠡᠳᠬᠢᠯ ᠢᠶᠠᠷ ᠢᠶᠠᠨ ᠶᠠᠪᠤᠯᠴᠠᠵᠤ᠂ ᠳᠤᠮᠳᠠᠳᠤ ᠭᠠᠳᠠᠭᠠᠳᠤ ᠶᠢᠨ ᠠᠷᠠᠳ ᠤᠨ ᠬᠤᠭᠤᠷᠣᠨᠳᠣᠭᠢ ᠨᠥᠬᠦᠷᠯᠡᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠮᠠᠨ ᠤ ᠦᠷ᠎ᠡ ᠬᠤᠶᠢᠴᠢᠰ ᠲᠠᠭᠠᠨ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠵᠤ ᠥᠭᠭᠦᠨ᠎ᠡ᠃