ᠵᠤᠬᠢᠶᠠᠭᠴᠢ: ᠴᠠᠭ:2024-10-18 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ    
ᠪᠦᠭᠦ ᠣᠷᠣᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ  ᠰᠦᠨ ᠱᠤᠤ ᠴᠧᠩ ᠬᠤᠷᠠᠯ ᠳᠤ ᠣᠷᠣᠯᠴᠠᠬᠰᠡᠨ ᠪᠥᠭᠡᠳ ᠶᠠᠷᠢᠶ᠎ᠠ ᠲᠠᠯᠪᠢᠵᠠᠢ

 

2024  10  ᠰᠠᠷ᠎ᠠ ᠶᠢᠨ 9 ᠤ ᠡᠳᠦᠷ ᠂ ᠪᠦᠭᠦ ᠣᠷᠣᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠬᠤᠷᠠᠯ ᠵᠢᠴᠢ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠪᠦᠭᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠂ 《ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ》 ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠵᠤ ᠂ ᠪᠣᠳᠠᠲᠤ ᠠᠵᠢᠯᠯᠠᠭ᠎ᠠ ᠪᠠᠷ ᠢᠶᠠᠨ 《ᠬᠤᠶᠠᠷ ᠢ ᠲᠣᠭᠲᠠᠭᠠᠭᠰᠠᠨ》 ᠢ ᠬᠦᠷᠢᠶᠡᠯᠡᠵᠦ᠂《ᠬᠤᠶᠠᠷ ᠢ ᠬᠠᠮᠠᠭᠠᠯᠠᠬᠤ》 ᠶᠢ ᠦᠢᠯᠡᠳᠦᠯᠭᠡᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃

ᠰᠦᠨ ᠱᠤᠤ ᠴᠧᠩ ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠨᠢ ᠨᠠᠮ ᠤᠨ ᠪᠡᠶ᠎ᠡ ᠴᠣᠭᠴᠠᠰ ᠲᠤ  《ᠡᠷᠡᠭᠦᠯ ᠤᠨ ᠪᠠᠶᠢᠴᠠᠭᠠᠯᠲᠠ ᠬᠢᠬᠦ》᠂ ᠨᠠᠮ ᠤᠨ ᠦᠢᠯᠡᠰ ᠲᠤ《ᠴᠢᠰᠤᠨ ᠰᠤᠳᠠᠯ ᠢ ᠨᠡᠪᠲᠡᠷᠡᠭᠦᠯᠬᠦ》 ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ᠪᠣᠯᠣᠨ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠᠶᠢᠭᠤᠯᠤᠮᠵᠢ ᠶᠢᠨ ᠬᠢᠨ ᠬᠦᠷᠦᠯᠴᠡᠬᠦ ᠦᠭᠡᠢ ᠲᠠᠯ᠎ᠠ ᠪᠠᠨ ᠮᠡᠳᠡᠬᠦ ᠲᠦᠭᠰᠢᠭᠦᠷᠢᠲᠦ ᠪᠤᠳᠤᠯ ᠪᠣᠯᠣᠨ ᠬᠦᠨᠳᠦ ᠡᠭᠦᠷᠭᠡ ᠶᠢ ᠡᠭᠦᠷᠭᠡᠯᠡᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠤᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ ᠂ 《ᠨᠢᠭᠡ ᠭᠤᠣᠯ ᠰᠢᠵᠢᠮ ᠢ  ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠂ ᠰᠢᠨ᠎ᠡ ᠵᠠᠮ ᠨᠡᠭᠡᠭᠡᠵᠦ ᠂ ᠳᠤᠮᠳᠠ ᠲᠦᠪᠰᠢᠨ ᠳᠤ ᠣᠷᠣᠬᠤ》ᠲᠠᠢ ᠨᠢᠭᠲᠠ ᠤᠶᠠᠯᠳᠤᠭᠤᠯᠵᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠᠨ ᠴᠢᠩᠭᠠᠳᠬᠠᠵᠤ᠂ ᠴᠠᠭ ᠲᠤᠬᠠᠢ ᠳᠤᠨᠢ ᠬᠢᠨᠠᠯᠲᠠ ᠲᠠᠯᠪᠢᠬᠤ᠂ ᠠᠰᠠᠭᠤᠳᠠᠯ ᠢ ᠣᠨᠣᠪᠴᠢᠲᠠᠢ ᠢᠯᠡᠷᠡᠭᠦᠯᠬᠦ ᠂ ᠴᠡᠭᠴᠡᠯᠡᠨ ᠰᠠᠶᠢᠵᠢᠷᠠᠭᠤᠯᠵᠤ ᠪᠣᠳᠠᠲᠠᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠬᠤ ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠪᠦᠷᠢᠨ ᠪᠦᠲᠦᠨ ᠬᠡᠯᠬᠢᠶ᠎ᠡ ᠶᠢ ᠴᠢᠷᠮᠠᠶᠢᠨ ᠪᠦᠷᠢᠯᠳᠦᠭᠦᠯᠵᠦ ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠶᠢᠨ ᠰᠦᠷᠳᠡᠭᠦᠯᠬᠦ ᠬᠦᠴᠦᠨ ᠪᠣᠯᠣᠨ ᠨᠡᠪᠲᠡᠯᠬᠦ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ ᠭᠡᠪᠡ᠃

ᠰᠦᠨ ᠱᠤᠤ ᠴᠧᠩ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠦᠨᠳᠦᠰᠦᠨ ᠡᠭᠦᠷᠭᠡ ᠪᠣᠯ 《ᠬᠤᠶᠠᠷ ᠢ ᠬᠠᠮᠠᠭᠠᠯᠠᠬᠤ》ᠶᠠᠪᠤᠳᠠᠯ ᠪᠣᠯᠣᠨ᠎ᠠ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ  ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠤᠯᠤᠰ ᠲᠦᠷᠦ ᠶᠢᠨ ᠬᠢᠨᠠᠯᠲᠠ ᠪᠠᠨ ᠴᠢᠩᠭᠠᠳᠬᠠᠬᠤ ᠬᠡᠷᠡᠭᠲᠡᠢ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ《ᠬᠤᠭᠤᠰᠤᠨ᠂ ᠪᠦᠳᠦᠭᠦᠯᠢᠭ᠂ ᠠᠬᠠᠳᠠᠬᠤ》ᠠᠰᠠᠭᠤᠳᠠᠯ ᠢ ᠰᠢᠢᠳᠪᠦᠷᠢᠯᠡᠬᠦ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ ᠂ 《ᠲᠠᠪᠤᠨ ᠶᠡᠭᠡ ᠡᠭᠦᠷᠭᠡ》《ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ》ᠪᠠ ᠰᠢᠨ᠎ᠡ ᠵᠠᠮ ᠨᠡᠭᠡᠭᠡᠬᠦ ᠂ ᠳᠤᠮᠳᠠ ᠲᠦᠪᠰᠢᠨ ᠳᠤ ᠣᠷᠣᠬᠤ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠶᠢ ᠠᠩᠬᠠᠷᠤᠨ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠠᠬᠢ ᠬᠢᠨᠠᠯᠲᠠ ᠪᠠᠨ ᠴᠢᠩᠭᠠᠳᠬᠠᠵᠤ᠂ ᠠᠵᠢᠯᠯᠠᠭ᠎ᠠ ᠨᠢ ᠤᠳᠠᠭᠠᠨ᠂ ᠥᠭᠡᠷᠡᠴᠢᠯᠡᠯᠲᠡ ᠳᠤ ᠰᠠᠭᠠᠳ ᠪᠤᠯᠬᠤ ᠪᠤᠶᠤ ᠥᠭᠡᠷᠡᠴᠢᠯᠡᠯᠲᠡ ᠶᠢ ᠬᠠᠷᠰᠢᠯᠠᠵᠤ ᠪᠠᠶᠢᠭ᠎ᠠ ᠠᠰᠠᠭᠤᠳᠠᠯ ᠵᠢᠴᠢ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ ᠨᠡᠶᠢᠭᠡᠮ ᠤᠨ ᠵᠠᠰᠠᠯᠲᠠ ᠶᠢᠨ ᠲᠦᠪᠰᠢᠨ᠂ ᠣᠯᠠᠨ ᠲᠦᠮᠡᠨ ᠳᠤ ᠦᠢᠯᠡᠴᠢᠯᠡᠬᠦ ᠲᠦᠪᠰᠢᠨ ᠢ ᠲᠡᠭᠡᠭᠰᠢᠯᠡᠭᠦᠯᠭᠦ ᠶᠢ ᠥᠯᠥ ᠴᠢᠬᠤᠯᠠᠴᠢᠯᠠᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠪᠠᠶᠢᠳᠠᠯ ᠪᠣᠯᠣᠨ ᠡᠯ᠎ᠡ ᠱᠠᠲᠤᠨ ᠤ ᠰᠢᠨ᠎ᠡ ᠶᠢ ᠡᠭᠦᠳᠬᠦ ᠶᠢ ᠵᠥᠪ ᠴᠢᠭᠯᠡᠯ ᠢᠶᠠᠷ ᠤᠷᠮᠠᠰᠢᠭᠤᠯᠬᠤ᠂ ᠠᠯᠳᠠᠭ᠎ᠠ ᠪᠤᠷᠤᠭᠤ ᠶᠢ ᠰᠡᠷᠭᠡᠶᠢᠯᠡᠨ ᠠᠭᠤᠴᠢᠯᠠᠬᠤ ᠵᠡᠷᠭᠡ ᠱᠠᠭᠠᠷᠳᠠᠯᠭ᠎ᠠ ᠳᠠᠬᠢ ᠬᠢᠨᠠᠯᠲᠠ ᠪᠠᠨ ᠴᠢᠩᠭᠠᠳᠬᠠᠵᠤ᠂ ᠡᠷᠴᠢ ᠵᠣᠷᠢᠭ ᠢᠶᠠᠨ ᠤᠯᠠᠮ ᠨᠢᠭᠡ ᠠᠯᠬᠤᠮ ᠬᠥᠪᠴᠢᠯᠡᠬᠦ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯ‍ᠵᠠᠷᠠᠯ ᠤᠨ ᠠᠰᠠᠭᠤᠳᠠᠯ ᠢ ᠬᠦᠴᠦᠯᠡᠨ ᠵᠠᠯᠠᠷᠠᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠰᠠᠭᠤᠳᠠᠯ ᠤᠨ ᠰᠦᠪᠡᠭᠴᠢ ᠶᠢ ᠭᠦᠨᠵᠡᠭᠡᠢ ᠠᠭᠤᠳᠠᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠬᠢᠨᠠᠯᠲᠠ ᠶᠢ ᠴᠢᠬᠤᠯᠠ ᠠᠭᠤᠯᠭ᠎ᠠ ᠪᠤᠯᠭᠠᠵᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠢ ᠭᠡᠪᠡ᠃

ᠰᠦᠨ ᠱᠤᠤ ᠴᠧᠩ ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠶᠢᠨ《ᠪᠣᠮᠪᠤ ᠶᠢᠨ ᠤᠪᠠᠳᠢᠰ ᠮᠢᠩᠭᠠᠨ ᠲᠣᠬᠤᠢ》 ᠪᠠᠷ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠴᠠ ᠵᠠᠶᠢᠯᠠᠬᠤ《ᠪᠤᠭ ᠤᠨ ᠡᠷᠳᠡᠮ ᠠᠯᠳᠠ ᠬᠦᠷᠬᠦ》ᠠᠰᠠᠭᠤᠳᠠᠯ ᠢ ᠠᠷᠭᠠᠴᠠ‍ᠨ ᠰᠢᠢᠳᠪᠦᠷᠢᠯᠡᠬᠦ ᠬᠡᠷᠡᠭᠲᠡᠢ᠃ ᠡᠯ᠎ᠡ ᠬᠦᠷᠢᠶᠡᠨ ᠳᠠᠬᠢ ᠠᠰᠠᠭᠤᠳᠠᠯ ᠤᠨ ᠰᠢᠨ᠎ᠡ ᠦᠩᠭᠡᠨ ᠲᠠᠯ᠎ᠠ᠂ ᠲᠠᠯᠲᠠ ᠴᠢᠨᠠᠷᠲᠠᠢ ᠣᠨᠳᠣᠣᠰᠢᠬᠤ ᠰᠢᠨ᠎ᠡ ᠠᠷᠭ᠎ᠠ ᠪᠠᠰᠢᠷ ᠢ ᠡᠵᠡᠮᠳᠡᠬᠦ ᠬᠡᠷᠡᠭᠲᠡᠢ ᠃ ᠡᠯ᠎ᠡ ᠱᠠᠲᠤᠨ ᠤ ᠤᠳᠤᠷᠢᠳᠬᠤ ᠪᠠᠭ ᠢᠯᠠᠩᠭᠤᠶ᠎ᠠ《ᠨᠢᠭᠡᠳᠦᠭᠡᠷ ᠬᠠᠷᠢᠭᠤᠴᠠᠯᠭᠠᠲᠠᠨ》 ᠳᠠᠬᠢ ᠬᠢᠨᠠᠯᠲᠠ ᠪᠠᠨ ᠴᠢᠩᠭᠠᠳᠬᠠᠵᠤ ᠂ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢ ᠴᠠᠭᠳᠠᠨ ᠪᠠᠶᠢᠴᠠᠭᠠᠬᠤ ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠬᠦ ᠬᠡᠷᠡᠭᠲᠡᠢ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠪᠠᠶᠢᠴᠠᠭᠠᠭᠰᠠᠨ ᠤᠴᠢᠷ ᠶᠠᠪᠤᠳᠠᠯ ᠨᠢ ᠦᠨᠡᠨ ᠪᠣᠳᠠᠲᠠᠢ᠂ ᠲᠣᠭᠲᠠᠭᠠᠭᠰᠠᠨ ᠰᠢᠨᠵᠢ ᠴᠢᠨᠠᠷ ᠨᠢ ᠣᠨᠣᠪᠴᠢᠲᠠᠢ ᠂ ᠬᠤᠶᠢᠨᠠᠬᠢ ᠰᠢᠢᠳᠪᠦᠷᠢᠯᠡᠭᠰᠡᠨ ᠦᠷ᠎ᠡ ᠳ᠋ᠦᠩ ᠨᠢ ᠵᠣᠬᠢᠰᠲᠠᠢ ᠪᠠᠶᠢᠬᠤ ᠬᠡᠷᠡᠭᠲᠡᠢ᠃《ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ》ᠭᠡᠬᠦ ᠣᠶᠢᠯᠠᠭᠠᠭᠳᠠᠬᠤᠨ ᠢ ᠪᠠᠲᠤ ᠪᠤᠶ ᠪᠤᠯᠭᠠᠵᠤ ᠂ ᠴᠡᠭᠴᠡᠯᠡᠨ ᠰᠠᠶᠢᠵᠢᠷᠠᠭᠤᠯᠬᠤ《ᠨᠢᠭᠡ ᠱᠤᠭᠤᠮ》 ᠤᠨ ᠲᠣᠭᠲᠠᠴᠠ ᠶᠢ ᠲᠡᠭᠦᠯᠳᠡᠷᠵᠢᠭᠦᠯᠵᠦ ᠂ ᠳᠡᠭᠡᠷ᠎ᠡ ᠳᠣᠣᠷ᠎ᠠ ᠱᠠᠲᠤ ᠬᠤᠯᠪᠤᠭᠠᠯᠠᠨ ᠬᠥᠳᠡᠯᠦᠯᠴᠡᠵᠦ ᠬᠠᠮᠲᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠬᠡᠷᠡᠭᠲᠡᠢ ᠭᠡᠪᠡ᠃

ᠰᠦᠨ ᠱᠤᠤ ᠴᠧᠩ ᠂ ᠡᠯ᠎ᠡ ᠱᠠᠲᠤᠨ ᠤ ᠨᠠᠮ ᠤᠨ ᠬᠤᠷᠢᠶ᠎ᠠ︵ᠨᠠᠮ ᠤᠨ ᠤᠳᠤᠷᠢᠳᠬᠤ ᠳᠤᠭᠤᠶᠢᠯᠠᠩ ︶ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠬᠦ ᠪᠠᠷ ᠪᠠᠷᠠᠬᠤ ᠦᠭᠡᠢ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠬᠦ ᠪᠠ ᠬᠢᠨᠠᠯᠲᠠ ᠲᠠᠯᠪᠢᠬᠤ ᠳᠤ ᠬᠠᠮᠵᠢᠯᠴᠠᠬᠤ ᠬᠡᠷᠡᠭᠲᠡᠢ᠃ ᠡᠯ᠎ᠡ ᠱᠠᠲᠤᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠᠶᠢᠭᠤᠯᠤᠮᠵᠢ ᠨᠤᠭᠤᠳ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠵᠣᠬᠢᠶᠠᠨ ᠪᠠᠶᠢᠭᠤᠯᠵᠤ ᠪᠡᠶᠡᠯᠡᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠺᠠᠳ᠋ᠷ ᠲᠡᠮᠡᠴᠡᠯ ᠤᠨ ᠵᠣᠷᠢᠭ ᠰᠠᠨᠠᠭ᠎ᠠ ᠪᠣᠯᠣᠨ ᠲᠡᠮᠡᠴᠡᠯ ᠤᠨ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢᠨ ᠲᠣᠭᠲᠠᠭᠠᠯ ᠢ ᠵᠢᠱᠢᠶᠡᠴᠢ ᠪᠠᠷ ᠵᠢᠷᠤᠮᠯᠠᠵᠤ᠂ ᠠᠵᠢᠯ ᠢᠶᠠᠨ ᠲᠤᠶᠢᠯ ᠤᠨ ᠬᠠᠷᠢᠭᠤᠴᠠᠯᠭ᠎ᠠ ᠲᠠᠢ ᠪᠠᠷ ᠰᠠᠶᠢᠲᠤᠷ ᠬᠢᠬᠦ ᠬᠡᠷᠡᠭᠲᠡᠢ ᠭᠡᠪᠡ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢᠦ ᠱᠤᠸᠠᠩ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠢ ᠳᠠᠶᠢᠴᠢᠯᠠᠨ ᠪᠠᠶᠢᠷᠢᠯᠠᠭᠤᠯᠪᠠ᠃ ᠲᠡᠷᠡ ᠂ ᠪᠦᠭᠦ ᠣᠷᠣᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠢᠯᠠᠩᠭᠤᠶ᠎ᠠ ᠰᠦᠨ ᠱᠤᠤ ᠴᠧᠩ ᠱᠦᠵᠢ ᠶᠢᠨ ᠶᠠᠷᠢᠶᠠᠨ ᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠪᠠᠲᠤ ᠰᠠᠬᠢᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠤᠬᠠᠮᠰᠠᠷ ᠠᠴᠠ ᠪᠠᠨ ᠦᠢᠯᠡᠴᠢᠯᠡᠵᠦ ᠪᠠᠲᠤᠯᠠᠬᠤ ᠬᠡᠷᠡᠭᠲᠡᠢ᠃ ᠡᠷᠬᠡ ᠪᠠ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠤᠨ ᠬᠢᠨᠠᠯᠲᠠ ᠲᠠᠯᠪᠢᠵᠤ ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠬᠦ ᠂ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠲᠣᠭᠤᠷᠢᠨ ᠪᠠᠶᠢᠴᠠᠭᠠᠯᠲᠠ ᠥᠷᠨᠢᠭᠦᠯᠵᠦ ᠂ ᠪᠦᠭᠦ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ ᠬᠢᠨᠠᠯᠲᠠ ᠲᠠᠯᠪᠢᠬᠤ ᠪᠠᠲᠤᠯᠠᠭ᠎ᠠ ᠬᠠᠩᠭᠠᠬᠤ ᠬᠡᠷᠡᠭᠲᠡᠢ ᠭᠡᠪᠡ ᠃

ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢ ᠢᠦᠢ ᠭᠠᠩ ᠲᠣᠰ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠳᠤ ᠡᠷᠬᠡ ᠣᠯᠭᠤᠭᠰᠠᠨ ᠲᠤᠰᠢᠶᠠᠯ ᠡᠭᠦᠷᠭᠡᠯᠡᠬᠦ ᠵᠢᠴᠢ ᠡᠭᠦᠷᠭᠡ ᠶᠢᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ ᠃

ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠂ ᠬᠤᠰᠢᠭᠤ ᠰᠢᠶᠠᠨ︵ᠬᠤᠳᠠ ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠵᠠᠢ ᠃

 

 


   :                    
   :           
备案序号:蒙ICP备05003250号 公安备案15010502000173