ᠵᠤᠬᠢᠶᠠᠭᠴᠢ:
ᠴᠠᠭ:2024-10-25
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠰᠢ ᠶᠢᠨ ᠫᠢᠩ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠤᠯᠤᠰ ᠤᠨ ᠲᠡᠷᠢᠭᠦᠯᠡᠭᠴᠢ ᠲᠦᠩᠯᠦ᠋ᠨ ᠲᠠᠢ ᠠᠭᠤᠯᠵᠠᠪᠠ
ᠰᠢᠨᠬᠤᠸᠠ ᠬᠤᠷᠢᠶ᠎ᠠ ᠶᠢᠨ ᠤᠷᠤᠰ ᠤᠨ ᠺᠠᠽᠠᠨ ᠤ 2024 10 ᠰᠠᠷ᠎ᠠ ᠶᠢᠨ 22 ᠦᠨ ᠤᠨ ᠴᠠᠭᠢᠯᠭᠠᠨ ᠮᠡᠳᠡᠭᠡ ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ᠄ ᠰᠦᠨ ᠬᠤᠤ ᠯᠢᠦ ᠺᠠᠢ︶ ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 22 ᠤᠨ ᠤᠨ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠽᠠᠨ ᠳᠤ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠲᠦᠩᠯᠦ᠋ᠨ ᠲᠠᠢ ᠠᠭᠤᠯᠵᠠᠪᠠ᠃
ᠰᠢ ᠶᠢᠨ ᠫᠢᠩ᠂ ᠨᠢᠳᠤᠨᠤᠨ ᠤ 10 ᠰᠠᠷ᠎ᠠ ᠳᠤ ᠪᠢᠳᠡ ᠳᠤᠮᠳᠠᠳᠤ ᠯᠠᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠬᠠᠮᠲᠤ ᠶᠢᠨ ᠲᠠᠨᠢᠯᠲᠠ ᠲᠠᠢ ᠪᠣᠯᠪᠠ᠃ ᠨᠢᠭᠡ ᠵᠢᠯ ᠤᠨ ᠲᠤᠷᠰᠢ᠂ ᠬᠤᠶᠠᠷ ᠨᠠᠮ ᠬᠤᠶᠠᠷ ᠤᠯᠤᠰ ᠤᠨ ᠡᠯ᠎ᠡ ᠰᠠᠯᠠᠭ᠎ᠠ ᠮᠥᠴᠢᠷ ᠡᠯ᠎ᠡ ᠣᠷᠣᠨ ᠨᠤᠲᠤᠭ ᠤᠨ ᠬᠢᠨ ᠢᠳᠡᠪᠬᠢᠲᠡᠢ ᠨᠠᠶᠢᠳᠠᠪᠤᠷᠢᠵᠢᠭᠤᠯᠵᠤ᠂ ᠬᠤᠯᠪᠣᠯᠳᠤᠨ ᠨᠡᠪᠲᠡᠷᠡᠯᠴᠡᠬᠦ᠂ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠰᠣᠶᠣᠯ ᠢᠷᠭᠡᠨᠰᠢᠯ ᠤᠨ ᠰᠣᠯᠢᠯᠴᠠᠭ᠎ᠠ ᠵᠡᠷᠭᠡ ᠬᠦᠷᠢᠶᠡᠨ ᠤ ᠬᠠᠮᠲᠤᠷᠠᠯᠴᠠᠭ᠎ᠠ ᠳᠤ ᠪᠠᠶᠠᠯᠢᠭ ᠦᠷ᠎ᠡ ᠪᠦᠲᠦᠭᠡᠯ ᠣᠯᠬᠤ ᠶᠢ ᠠᠬᠢᠭᠤᠯᠪᠠ᠃ ᠨᠡᠶᠢᠭᠡᠮ ᠵᠢᠷᠤᠮ ᠤᠨ ᠨᠥᠬᠦᠷ ᠪᠥᠭᠡᠳ ᠠᠬ᠎ᠠ ᠳᠡᠭᠦᠦ ᠪᠣᠯᠤᠭᠰᠠᠨ ᠤ ᠬᠤᠪᠢ ᠳᠤ᠂ ᠳᠤᠮᠳᠠᠳᠤ ᠯᠠᠤᠰ ᠤᠨ ᠬᠠᠷᠢᠯᠴᠠᠭ᠎ᠠ ᠳᠤᠮᠳᠠᠳᠤ ᠤᠯᠤᠰ ᠤᠨ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭ᠎ᠠ ᠳᠤ ᠣᠨᠴᠠᠭᠠᠢ ᠴᠢᠬᠤᠯᠠ ᠪᠠᠶᠢᠷᠢ ᠰᠠᠭᠤᠷᠢ ᠲᠠᠢ ᠪᠠᠶᠢᠵᠤ᠂ ᠢᠮᠠᠭᠲᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠡᠮᠦᠨ᠎ᠡ ᠡᠩᠨᠡᠭᠡᠨ ᠳᠤ ᠶᠠᠪᠤᠵᠤ ᠪᠠᠶᠢᠨ᠎ᠠ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠤᠯᠤᠰ ᠪᠣᠯ ᠥᠨᠢ ᠡᠭᠦᠷᠢᠳᠡ ᠯᠠᠤᠰ ᠤᠨ ᠨᠠᠶᠢᠳᠠᠪᠤᠷᠢᠲᠠᠢ ᠨᠠᠶᠢᠵᠠ ᠪᠠ ᠬᠠᠨᠢᠲᠠᠨ ᠮᠥᠨ᠃
ᠳᠤᠮᠳᠠᠳᠤ ᠤᠯᠤᠰ ᠶᠠᠭ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠯᠠᠤᠰ ᠴᠤ ᠤᠯᠤᠰ ᠤᠨ ᠬᠥᠭᠵᠢᠯ ᠮᠠᠨᠳᠤᠯ ᠤᠨ ᠰᠢᠨ᠎ᠡ ᠱᠠᠲᠤ ᠦᠶ᠎ᠡ ᠳᠤ ᠣᠷᠣᠰᠢᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠯᠠᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠦᠷᠭᠦᠯᠵᠢᠯᠡᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠯᠠᠤᠰ ᠯᠤᠭ᠎ᠠ ᠰᠣᠯᠢᠯᠴᠠᠭ᠎ᠠ ᠲᠣᠯᠢᠳᠠᠯ ᠢᠶᠠᠨ ᠴᠢᠩᠭᠠᠳᠬᠠᠵᠤ᠂ ᠲᠤᠰ ᠲᠤᠰ ᠤᠨ ᠭᠤᠣᠯᠯᠠᠬᠤ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠬᠠᠷᠢᠯᠴᠠᠨ ᠡᠷᠡᠰ ᠳᠡᠮᠵᠢᠯᠴᠡᠨ᠎ᠡ᠃ ᠬᠤᠶᠠᠷ ᠲᠠᠯ᠎ᠠ ᠪᠠᠷ ᠢᠶᠠᠨ ᠳᠤᠮᠳᠠᠳᠤ ᠯᠠᠤᠰ ᠤᠨ ᠲᠡᠮᠦᠷ ᠵᠠᠮ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠤᠮᠳᠠᠳᠤ ᠯᠠᠤᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠦᠯᠢᠭᠡᠷ ᠳᠠᠭᠤᠷᠢᠶᠠᠯ ᠢ ᠪᠤᠢ ᠪᠣᠯᠭᠠᠶ᠎ᠠ᠃ ᠳᠤᠮᠳᠠᠳᠤ ᠤᠯᠤᠰ ᠳᠤᠷᠠᠲᠠᠶ᠎ᠠ ᠯᠠᠤᠰ ᠤᠨ ᠨᠡᠩ ᠤᠯᠠᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠣᠷᠣᠭᠤᠯᠵᠤ᠂ ᠰᠤᠷᠭᠠᠨ ᠬᠥᠮᠦᠵᠢᠯ᠂ ᠰᠣᠶᠣᠯ᠂ ᠵᠠᠯᠠᠭᠤᠴᠤᠳ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠤᠨ᠎ᠠ᠃ ᠯᠠᠤᠰ ᠤᠨ ᠬᠢᠨ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠢ ᠠᠮᠵᠢᠯᠲᠠ ᠲᠠᠢ ᠭᠤᠣᠯᠯᠠᠨ ᠡᠷᠭᠢᠯᠡᠭᠰᠡᠨ ᠳᠤ ᠪᠠᠶᠠᠷ ᠬᠦᠷᠭᠡᠵᠦ᠂ ᠯᠠᠤᠰ ᠤᠨ ᠬᠢᠨ ᠤ ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ ᠳᠤ ᠢᠳᠡᠪᠬᠢᠲᠡᠢ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠪᠣᠯᠣᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠠᠰᠢᠭ ᠲᠤᠰᠠ ᠶᠢ ᠬᠠᠮᠲᠤ ᠪᠠᠷ ᠬᠠᠮᠠᠭᠠᠯᠠᠶ᠎ᠠ ᠭᠡᠵᠦ ᠵᠢᠭᠠᠵᠤ ᠭᠠᠷᠭᠠᠪᠠ᠃
ᠲᠦᠩᠯᠦ᠋ᠨ᠂ ᠨᠢᠳᠤᠨᠤᠨ ᠪᠢ ᠳᠤᠮᠳᠠᠳᠤ ᠤᠯᠤᠰ ᠲᠤ ᠬᠦᠷᠴᠦ ᠭᠤᠷᠪᠠᠳᠤᠭᠠᠷ ᠬᠤᠭᠤᠴᠠᠭᠠᠨ ᠤ《ᠨᠢᠭᠡ ᠪᠦᠰᠡ ᠨᠢᠭᠡ ᠵᠠᠮ》 ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠳᠤ ᠣᠷᠣᠯᠴᠠᠵᠤ᠂ ᠶᠡᠷᠦᠩᠬᠡᠢ ᠱᠦᠵᠢ ᠰᠢ ᠶᠢᠨ ᠫᠢᠩ ᠲᠠᠢ ᠬᠠᠮᠲᠤ ᠪᠠᠷ ᠯᠠᠤᠰ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠬᠡᠪᠯᠡᠯ ᠤᠨ ᠠᠵᠢᠯᠯᠠᠭᠠᠨ ᠤ ᠲᠥᠯᠥᠪᠯᠡᠭᠡ ᠳᠤ ᠭᠠᠷ ᠤᠨ ᠦᠰᠦᠭ ᠵᠢᠷᠤᠪᠠ᠃ ᠣᠳᠣᠬᠠᠨ ᠳᠤ ᠬᠤᠯᠪᠣᠭᠳᠠᠯ ᠪᠦᠬᠦᠢ ᠨᠠᠶᠢᠳᠠᠪᠤᠷᠢᠵᠢᠭᠤᠯᠬᠤ ᠠᠵᠢᠯᠯᠠᠭ᠎ᠠ ᠬᠦᠴᠦᠲᠡᠢ ᠪᠥᠭᠡᠳ ᠪᠦᠲᠦᠮᠵᠢᠲᠡᠶ ᠶᠠᠪᠤᠭᠳᠠᠵᠤ ᠪᠠᠶᠢᠨ᠎ᠠ᠃ ᠯᠠᠤᠰ ᠳᠤᠮᠳᠠᠳᠤ ᠶᠢᠨ ᠬᠠᠷᠢᠯᠴᠠᠭ᠎ᠠ ᠶᠠᠭ ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠭᠦᠨᠴᠡ᠂ ᠥᠷᠭᠡᠴᠡ ᠡᠳᠦᠷ ᠢᠷᠡᠬᠦᠶ᠎ᠡ ᠥᠷᠭᠡᠵᠢᠵᠦ ᠪᠠᠶᠢᠨ᠎ᠠ᠃ ᠳᠤᠮᠳᠠᠳᠤ ᠤᠯᠤᠰ ᠤᠷᠲᠤ ᠬᠤᠭᠤᠴᠠᠭᠠᠨ ᠤ ᠲᠤᠷᠰᠢ ᠯᠠᠤᠰ ᠲᠤ ᠡᠷᠬᠢᠮ ᠨᠠᠨᠳᠢᠨ ᠳᠡᠮᠵᠢᠯᠭᠡ ᠦᠵᠡᠭᠦᠯᠵᠦ᠂ ᠯᠠᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠯᠤᠭ᠎ᠠ ᠯᠠᠤᠰ ᠳᠤᠮᠳᠠᠳᠤ ᠶᠢᠨ ᠲᠡᠮᠦᠷ ᠵᠠᠮ ᠪᠣᠯᠣᠨ ᠯᠠᠤᠰ ᠳᠤᠮᠳᠠᠳᠤ ᠶᠢᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠯᠠᠤᠰ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠦᠰᠡᠵᠦ ᠪᠠᠶᠢᠨ᠎ᠠ᠃ ᠯᠠᠤᠰ ᠤᠨ ᠨᠠᠮ ᠪᠣᠯᠣᠨ ᠵᠠᠰᠠᠭ ᠤᠨ ᠣᠷᠳᠣᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠭᠤᠶᠢᠪᠢᠰᠢ ᠦᠭᠡᠢ ᠬᠡᠷᠡᠭᠵᠢᠭᠦᠯᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ ᠭᠤᠣᠯᠯᠠᠬᠤ ᠠᠰᠢᠭ ᠲᠤᠰᠠ ᠪᠠᠨ ᠬᠠᠮᠠᠭᠠᠯᠠᠬᠤ ᠶᠢ ᠭᠤᠶᠢᠪᠢᠰᠢ ᠦᠭᠡᠢ ᠳᠡᠮᠵᠢᠵᠦ᠂ ᠳᠤᠮᠳᠠᠳᠤ ᠤᠯᠤᠰ ᠤᠨ ᠲᠠᠶᠢᠸᠠᠨ ᠲᠠᠢ ᠬᠤᠯᠪᠣᠭᠳᠠᠭᠰᠠᠨ᠂ ᠰᠢᠶᠠᠩᠭᠠᠩ ᠲᠠᠢ ᠬᠤᠯᠪᠣᠭᠳᠠᠭᠰᠠᠨ᠂ ᠰᠢᠨᠵᠢᠶᠠᠩ ᠲᠠᠢ ᠬᠤᠯᠪᠣᠭᠳᠠᠭᠰᠠᠨ ᠵᠡᠷᠭᠡ ᠠᠰᠠᠭᠤᠳᠠᠯ ᠳᠡᠭᠡᠷᠡᠬᠢ ᠵᠦᠢ ᠶᠣᠰᠣᠨ ᠤ ᠵᠣᠭᠰᠣᠯᠲᠠ ᠶᠢ ᠳᠡᠮᠵᠢᠬᠦ ᠶᠢ ᠪᠢ ᠳᠤᠷᠠᠲᠠᠶ᠎ᠠ ᠳᠠᠬᠢᠨᠲᠠ ᠢᠯᠡᠷᠬᠡᠶᠢᠯᠡᠶ᠎ᠡ᠃ ᠯᠠᠤᠰ ᠤᠨ ᠬᠢᠨ ᠤ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠬᠤᠷᠠᠯ ᠢ ᠭᠤᠣᠯᠯᠠᠨ ᠡᠷᠭᠢᠯᠡᠭᠦ ᠳᠤ ᠳᠤᠮᠳᠠᠳᠤ ᠤᠯᠤᠰ ᠤᠨ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠯᠠᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠵᠡᠷᠭᠡ ᠤᠯᠠᠨ ᠲᠠᠯᠠᠲᠤ ᠲᠠᠪᠴᠠᠩ ᠳᠠᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠨᠢᠭᠲᠠᠷᠠᠭᠤᠯᠤᠨ᠎ᠠ ᠭᠡᠵᠦ ᠢᠯᠡᠷᠬᠡᠶᠢᠯᠡᠪᠡ᠃
ᠼᠠᠢ ᠴᠢ᠂ ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃