ᠵᠤᠬᠢᠶᠠᠭᠴᠢ:
ᠴᠠᠭ:2024-10-25
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠰᠢ ᠶᠢᠨ ᠫᠢᠩ ᠪᠡᠭᠡᠵᠢᠩ ᠠᠴᠠ ᠮᠣᠷᠳᠠᠵᠤ ᠺᠠᠽᠠᠨ ᠳᠤ ᠬᠦᠷᠴᠦ BRICS ᠤᠨ ᠤᠯᠤᠰ ᠤᠳ ᠤᠨ ᠤᠳᠤᠷᠢᠳᠬᠤ ᠬᠥᠮᠦᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠠᠭᠤᠯᠵᠠᠯᠲᠠ ᠳᠤ ᠣᠷᠣᠯᠴᠠᠪᠠ
ᠰᠢᠨᠬᠤᠸᠠ ᠬᠤᠷᠢᠶᠠᠨ ᠤ ᠪᠡᠭᠡᠵᠢᠩ ᠤᠨ 2024 10 ᠰᠠᠷ᠎ᠠ ᠶᠢᠨ 22 ᠤᠨ ᠤᠨ ᠴᠠᠬᠢᠯᠭᠠᠨ ᠮᠡᠳᠡᠭᠡ 10 ᠳ᠋ᠤᠭᠠᠷ ᠰᠠᠷ᠎ᠠ ᠶᠢᠨ 22 ᠤᠨ ᠤᠨ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠺᠠᠽᠠᠨ ᠳᠤ ᠬᠦᠷᠴᠦ᠂ ᠤᠷᠤᠰ ᠤᠨ ᠬᠤᠯᠪᠣᠭᠠᠨ ᠤ ᠶᠡᠷᠦᠩᠬᠡᠶᠢᠯᠡᠭᠴᠢ ᠫᠦᠲ᠋ᠢᠨ ᠤ ᠤᠷᠢᠯᠭ᠎ᠠ ᠪᠠᠷ BRICS ᠤᠨ ᠤᠯᠤᠰ ᠤᠳ ᠤᠨ ᠤᠳᠤᠷᠢᠳᠬᠤ ᠬᠥᠮᠦᠰ ᠤᠨ ᠠᠷᠪᠠᠨ ᠵᠢᠷᠭᠤᠳᠤᠭᠠᠷ ᠤᠳᠠᠭ᠎ᠠ ᠶᠢᠨ ᠠᠭᠤᠯᠵᠠᠯᠲᠠ ᠳᠤ ᠣᠷᠣᠯᠴᠠᠪᠠ᠃
ᠰᠢ ᠶᠢᠨ ᠫᠢᠩ ᠳᠤ ᠪᠠᠷ᠎ᠠ ᠪᠣᠯᠵᠤ ᠠᠶᠢᠯᠴᠢᠯᠠᠭᠰᠠᠳ ᠲᠤ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠬᠣᠷᠢᠶᠠᠨ ᠤ ᠠᠯᠪᠠᠨ ᠲᠢᠩᠬᠢᠮ ᠤᠨ ᠡᠷᠬᠢᠯᠡᠭᠴᠢ ᠼᠠᠢ ᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠨᠠᠷ ᠪᠣᠢ᠃