ᠵᠤᠬᠢᠶᠠᠭᠴᠢ:
ᠴᠠᠭ:2024-10-25
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠰᠢ ᠶᠢᠨ ᠫᠢᠩ ᠲᠡᠶᠢᠷᠦᠯᠲᠦ ᠰᠤᠮᠤ ᠶᠢᠨ ᠴᠡᠷᠢᠭ ᠠᠩᠭᠢ ᠶᠢᠨ ᠨᠢᠭᠡᠨ ᠪᠠᠷᠢᠭᠠᠳᠠ ᠳᠤ ᠠᠵᠢᠯ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠰᠢᠷᠭᠠᠭᠤ ᠲᠡᠮᠡᠴᠡᠨ ᠪᠣᠳᠠᠲᠠᠢ ᠠᠵᠢᠯᠯᠠᠵᠤ ᠪᠠᠶᠢᠯᠳᠤᠬᠤ ᠪᠣᠳᠣᠯᠭ᠎ᠠ ᠶᠢᠨ ᠵᠠᠯᠠᠭᠤᠷᠲᠤ ᠰᠤᠮᠤ ᠶᠢᠨ ᠴᠡᠷᠢᠭ ᠠᠩᠭᠢ ᠶᠢᠨ ᠰᠦᠷᠲᠦ ᠬᠦᠴᠦᠨ ᠪᠠ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ
ᠰᠢᠨᠬᠤᠸᠠ ᠬᠤᠷᠢᠶ᠎ᠠ ᠶᠢᠨ ᠾᠧᠹᠧᠢ ᠶᠢᠨ 2024 10 ᠰᠠᠷ᠎ᠠ ᠶᠢᠨ 19 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 17 ᠤ ᠡᠳᠦᠷ ᠲᠡᠶᠢᠷᠦᠯᠲᠦ ᠰᠤᠮᠤ ᠶᠢᠨ ᠴᠡᠷᠢᠭ ᠠᠩᠭᠢ ᠶᠢᠨ ᠨᠢᠭᠡᠨ ᠪᠠᠷᠢᠭᠠᠳᠠ ᠳᠤ ᠬᠦᠷᠴᠦ ᠠᠵᠢᠯ ᠪᠠᠶᠢᠴᠠᠭᠠᠵᠤ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠂ ᠪᠠᠶᠢᠯᠳᠤᠬᠤ ᠪᠣᠳᠣᠯᠭ᠎ᠠ ᠶᠢᠨ ᠵᠠᠯᠠᠭᠤᠷᠲᠤ ᠰᠤᠮᠤ ᠶᠢᠨ ᠴᠡᠷᠢᠭ ᠠᠩᠭᠢ ᠶᠢᠨ ᠪᠠᠶᠢᠭᠤᠯᠤᠯᠲᠠ ᠪᠣᠯᠣᠨ ᠪᠠᠶᠢᠯᠳᠤᠭᠠᠨ ᠤ ᠬᠡᠷᠡᠭᠯᠡᠯᠲᠡ ᠶᠢᠨ ᠣᠨᠴᠠᠯᠢᠭ ᠵᠢᠮ᠎ᠡ ᠶᠣᠰᠣ ᠶᠢ ᠡᠵᠡᠮᠳᠡᠵᠦ᠂ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢᠷᠭᠠᠭᠤ ᠲᠡᠮᠡᠴᠡᠨ ᠪᠣᠳᠠᠲᠠᠢ ᠠᠵᠢᠯᠯᠠᠵᠤ᠂ ᠴᠡᠷᠢᠭ ᠠᠩᠭᠢ ᠶᠢᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠰᠦᠷᠲᠦ ᠬᠦᠴᠦᠨ ᠪᠣᠯᠣᠨ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠦᠨ᠂ ᠨᠠᠮ ᠪᠣᠯᠣᠨ ᠠᠷᠠᠳ ᠲᠦᠮᠡᠨ ᠠᠴᠠ ᠳᠠᠭᠠᠭᠠᠯᠭᠠᠭᠰᠠᠨ ᠡᠯ᠎ᠡ ᠵᠦᠢᠯ ᠤᠨ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠠᠯᠲᠠᠨ ᠨᠠᠮᠤᠷ ᠤᠨ ᠠᠷᠪᠠᠨ ᠰᠠᠷ᠎ᠠ ᠳᠤ᠂ ᠬᠥᠬᠡᠮᠥ᠋ᠷᠡᠨ ᠬᠤᠸᠠᠶᠢᠾᠧ ᠭᠤᠣᠯ ᠤᠨ ᠡᠬᠡ ᠭᠠᠵᠠᠷ ᠤᠨ ᠠᠭᠤᠯᠠ ᠤᠰᠤ ᠦᠵᠡᠰᠬᠦᠯᠡᠩᠲᠦ ᠰᠠᠶᠢᠬᠠᠨ᠂ ᠥᠩᠭᠡ ᠦᠵᠡᠮᠵᠢ ᠵᠢᠷᠤᠭ ᠮᠡᠲᠦ ᠭᠤᠶᠣᠬᠠᠨ᠃ ᠦᠳᠡ ᠶᠢᠨ ᠡᠮᠦᠨᠡᠬᠢ 11 ᠴᠠᠭ ᠤᠨ ᠦᠶ᠎ᠡ ᠪᠠᠷ᠂ ᠰᠢ ᠶᠢᠨ ᠫᠢᠩ ᠲᠡᠶᠢᠷᠦᠯᠲᠦ ᠰᠤᠮᠤ ᠶᠢᠨ ᠴᠡᠷᠢᠭ ᠠᠩᠭᠢ ᠶᠢᠨ ᠨᠢᠭᠡᠨ ᠪᠠᠷᠢᠭᠠᠳᠠ ᠳᠤ ᠬᠦᠷᠴᠦ᠂ ᠡᠩ ᠲᠡᠷᠢᠭᠦᠨ ᠳᠤ ᠲᠤᠰ ᠪᠠᠷᠢᠭᠠᠳᠠ ᠶᠢᠨ ᠴᠡᠷᠢᠭ ᠤᠨ ᠲᠡᠦᠬᠡ ᠶᠢᠨ ᠬᠤᠩᠭᠢᠯ ᠢ ᠪᠠᠶᠢᠴᠠᠭᠠᠨ ᠦᠵᠡᠪᠡ᠃ ᠲᠤᠰ ᠪᠠᠷᠢᠭᠠᠳᠠ ᠪᠣᠯ 50 ᠭᠠᠷᠤᠢ ᠵᠢᠯ ᠤᠨ ᠢᠷᠠᠭᠤ ᠠᠯᠳᠠᠷᠲᠤ ᠲᠡᠦᠬᠡ ᠲᠠᠢ ᠪᠠᠶᠢᠯᠳᠤᠬᠤ ᠪᠣᠳᠣᠯᠭ᠎ᠠ ᠶᠢᠨ ᠵᠠᠯᠠᠭᠤᠷᠲᠤ ᠰᠤᠮᠤ ᠶᠢᠨ ᠴᠡᠷᠢᠭ ᠠᠩᠭᠢ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠲᠤᠰ ᠪᠠᠷᠢᠭᠠᠳᠠ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠲᠤᠭ ᠢ ᠮᠠᠨᠳᠤᠭᠤᠯᠤᠨ ᠰᠦᠭ ᠰᠦᠨᠡᠰᠦ ᠶᠢ ᠱᠤᠭᠤᠵᠤ᠂ ᠪᠣᠳᠠᠲᠤ ᠪᠠᠶᠢᠯᠳᠤᠭᠠᠨᠴᠢᠯᠠᠬᠰᠠᠨ ᠪᠣᠯᠪᠠᠰᠤᠷᠠᠯ ᠢ ᠶᠡᠭᠡ ᠪᠠᠷ ᠠᠳᠬᠤᠵᠤ᠂ ᠠᠯᠢ ᠤᠯᠠᠨ ᠴᠢᠬᠤᠯᠠ ᠶᠡᠭᠡ ᠡᠭᠦᠷᠭᠡ ᠶᠢ ᠭᠠᠷᠮᠠᠭᠠᠢ ᠪᠡᠶᠡᠯᠡᠭᠦᠯᠪᠡ᠃ ᠴᠡᠷᠢᠭ ᠠᠩᠭᠢ ᠶᠢᠨ ᠬᠥᠭᠵᠢᠯᠲᠡ ᠶᠢᠨ ᠶᠠᠪᠤᠴᠠ᠂ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠭᠤᠯᠤᠯᠲᠠ ᠶᠢ ᠲᠤᠰᠬᠠᠭᠰᠠᠨ ᠦᠵᠡᠭᠦᠯᠭᠡ ᠶᠢᠨ ᠰᠠᠮᠪᠠᠷ᠎ᠠ ᠶᠢᠨ ᠡᠮᠦᠨ᠎ᠡ᠂ ᠰᠢ ᠶᠢᠨ ᠫᠢᠩ ᠳᠠᠷᠤᠭ᠎ᠠ ᠪᠠᠶᠢᠯᠳᠤᠭᠴᠢᠳ ᠤᠨ ᠨᠠᠮ ᠤᠨ ᠰᠢᠨ᠎ᠡ ᠶᠢ ᠡᠭᠦᠳᠦᠭᠰᠡᠨ ᠣᠨᠣᠯ ᠢ ᠰᠤᠷᠤᠯᠴᠠᠵᠤ᠂ ᠱᠠᠯᠠᠪᠳᠠᠨ ᠴᠡᠷᠢᠭ ᠪᠤᠯᠪᠠᠰᠤᠷᠠᠭᠤᠯᠵᠤ ᠲᠡᠶᠢᠨ ᠳᠤ ᠪᠡᠯᠡᠳᠬᠡᠵᠦ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠭᠰᠠᠨ ᠵᠡᠷᠭᠡ ᠪᠠᠶᠢᠳᠠᠯ ᠢ ᠨᠠᠷᠢᠯᠢᠭ ᠣᠶᠢᠯᠠᠭᠠᠪᠠ᠃
ᠪᠣᠯᠪᠠᠰᠤᠷᠠᠯ ᠤᠨ ᠲᠠᠯᠠᠪᠠᠢ ᠳᠤ᠂ ᠨᠢᠭᠡᠨ ᠭᠡᠯᠪᠡᠷᠢ ᠶᠢᠨ ᠵᠠᠯᠠᠭᠤᠷᠲᠤ ᠰᠤᠮᠤ ᠶᠢ ᠲᠡᠷᠢ ᠲᠡᠭᠰᠢ ᠵᠢᠭᠰᠠᠭᠠᠪᠠ᠃ ᠡᠨᠡ ᠪᠣᠯ ᠲᠤᠰ ᠪᠠᠷᠢᠭᠠᠳᠠ ᠶᠢᠨ ᠰᠢᠨ᠎ᠡ ᠰᠣᠯᠢᠭᠰᠠᠨ ᠭᠡᠯᠪᠡᠷᠢ ᠶᠢᠨ ᠭᠤᠣᠯ ᠵᠡᠪᠰᠡᠭ ᠲᠣᠨᠣᠭᠯᠠᠯ ᠪᠣᠯᠣᠨ᠎ᠠ᠃ ᠰᠢ ᠶᠢᠨ ᠫᠢᠩ ᠠᠳᠡ ᠢᠷᠡᠵᠦ᠂ ᠵᠡᠪᠰᠡᠭ ᠲᠣᠨᠣᠭᠯᠠᠯ ᠤᠨ ᠮᠡᠷᠭᠡᠵᠢᠯ ᠪᠠᠶᠢᠯᠳᠤᠬᠤ ᠠᠷᠭ᠎ᠠ ᠶᠢᠨ ᠴᠢᠳᠠᠮᠵᠢ ᠶᠢᠨ ᠲᠠᠨᠢᠯᠴᠠᠭᠤᠯᠭ᠎ᠠ ᠶᠢ ᠰᠣᠨᠣᠰᠴᠤ᠂ ᠳᠠᠷᠤᠭ᠎ᠠ ᠪᠠᠶᠢᠯᠳᠤᠭᠴᠢᠳ ᠤᠨ ᠠᠵᠢᠯᠯᠠᠭᠠᠨ ᠤ ᠪᠣᠯᠪᠠᠰᠤᠷᠠᠯ ᠤᠨ ᠪᠠᠶᠢᠳᠠᠯ ᠢ ᠪᠠᠶᠢᠴᠠᠭᠠᠨ ᠦᠵᠡᠪᠡ᠃ ᠳᠠᠷᠤᠭ᠎ᠠ ᠪᠠᠶᠢᠯᠳᠤᠭᠴᠢᠳ ᠤᠨ ᠠᠵᠢᠯᠯᠠᠭᠠᠨ ᠪᠣᠯᠪᠠᠰᠤᠷᠠᠩᠭᠤᠢ᠂ ᠪᠣᠯᠪᠠᠰᠤᠷᠠᠯ ᠰᠠᠶᠢᠲᠠᠢ᠂ ᠣᠮᠤᠭ ᠪᠠᠳᠠᠷᠠᠩᠭᠤᠢ ᠪᠠᠶᠢᠬᠤ ᠶᠢ ᠦᠵᠡᠭᠡᠳ ᠰᠢ ᠶᠢᠨ ᠫᠢᠩ ᠮᠠᠰᠢ ᠪᠠᠶᠠᠷᠯᠠᠪᠠ᠃ ᠲᠡᠷᠡ ᠳᠠᠷᠤᠭ᠎ᠠ ᠪᠠᠶᠢᠯᠳᠤᠭᠴᠢᠳ ᠲᠠᠢ ᠬᠠᠮᠲᠤ ᠭᠡᠷᠡᠯ ᠵᠢᠷᠤᠭ ᠲᠠᠲᠠᠭᠤᠯᠤᠨ ᠳᠤᠷᠠᠰᠬᠠᠯ ᠦᠯᠡᠳᠡᠭᠡᠵᠦ᠂ ᠰᠢᠷᠭᠠᠭᠤ ᠬᠠᠲᠠᠭᠤᠵᠢᠯᠲᠠᠢ ᠪᠣᠯᠪᠠᠰᠤᠷᠠᠵᠤ᠂ ᠰᠢᠨᠵᠢᠯᠡᠬᠦ ᠤᠬᠠᠭᠠᠨᠴᠢ ᠪᠠᠷ ᠪᠣᠯᠪᠠᠰᠤᠷᠠᠵᠤ᠂ ᠠᠮᠤᠷ ᠲᠦᠪᠰᠢᠨ ᠢᠶᠠᠷ ᠪᠣᠯᠪᠠᠰᠤᠷᠠᠵᠤ᠂ ᠭᠠᠷ ᠲᠠᠬᠢ ᠵᠡᠪᠰᠡᠭ ᠢᠶᠠᠨ ᠪᠣᠯᠪᠠᠰᠤᠷᠠᠩᠭᠤᠢ ᠡᠵᠡᠮᠰᠢᠨ ᠰᠠᠶᠢᠲᠤᠷ ᠬᠡᠷᠡᠭᠯᠡᠵᠦ᠂ ᠨᠠᠮ ᠪᠣᠯᠣᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠶᠢ ᠵᠣᠷᠢᠭᠵᠢᠭᠤᠯᠪᠠ᠃
ᠲᠠᠷᠠᠭ᠎ᠠ ᠨᠢ᠂ ᠰᠢ ᠶᠢᠨ ᠫᠢᠩ ᠲᠤᠰ ᠪᠠᠷᠢᠭᠠᠳᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠥᠷᠥ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠴᠡᠷᠢᠭ ᠠᠩᠭᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠲᠣᠰ ᠱᠠᠲᠤᠨ ᠤ ᠨᠠᠮ ᠤᠨ ᠬᠤᠷᠢᠶ᠎ᠠ ᠪᠣᠯᠣᠨ ᠤᠳᠤᠷᠢᠳᠬᠤ ᠺᠠᠳ᠋ᠷ ᠢ ᠲᠣᠪᠤᠶᠢᠯᠭᠠᠨ᠂ ᠴᠡᠷᠢᠭ ᠠᠩᠭᠢ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠤᠯᠤᠰ ᠲᠥᠷᠥ ᠶᠢᠨ ᠴᠡᠭᠴᠡᠯᠡᠯᠲᠡ ᠪᠣᠯᠪᠠᠰᠤᠷᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠲᠥᠷᠥ ᠪᠠᠷ ᠴᠡᠷᠢᠭ ᠪᠠᠶᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ᠃ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠬᠠᠷᠪᠤᠯᠲᠠ ᠶᠢᠨ ᠵᠢᠶᠠᠰᠠᠨ ᠳᠣᠣᠷ᠎ᠠ ᠭᠦᠷᠲᠡᠯ᠎ᠡ ᠬᠢᠵᠦ᠂ ᠴᠡᠷᠢᠭ ᠠᠩᠭᠢ ᠶᠢᠨ ᠶᠠᠮᠠᠷᠪᠠ ᠦᠶ᠎ᠡ ᠶᠠᠮᠠᠷᠪᠠ ᠪᠠᠶᠢᠳᠠᠯ ᠤᠨ ᠳᠣᠣᠷ᠎ᠠ ᠴᠥᠮ ᠨᠠᠮ ᠤᠨ ᠲᠥᠪ ᠬᠤᠷᠢᠶ᠎ᠠ ᠪᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠵᠢᠯᠣᠭᠤᠳᠤᠯᠭ᠎ᠠ ᠶᠢ ᠡᠷᠡᠰ ᠳᠠᠭᠠᠬᠤ ᠶᠢ ᠪᠠᠲᠤᠯᠠᠬᠤ ᠬᠡᠷᠡᠭᠲᠡᠢ᠃ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠵᠤ᠂ ᠪᠠᠷᠢᠭᠠᠳᠠ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠬᠥᠲᠥᠯᠪᠦᠷᠢ ᠶᠣᠰᠣᠭᠠᠷ ᠪᠠᠶᠢᠭᠤᠯᠤᠯᠲᠠ ᠶᠢ ᠠᠳᠬᠤᠬᠤ ᠪᠠ ᠳᠠᠷᠤᠭ᠎ᠠ ᠪᠠᠶᠢᠯᠳᠤᠭᠴᠢᠳ ᠢ ᠳᠠᠶᠢᠴᠢᠯᠠᠨ ᠡᠭᠦᠷᠭᠡ ᠭᠦᠢᠴᠡᠳᠬᠡᠬᠦ ᠴᠢᠳᠠᠪᠤᠷᠢ ᠶᠢ ᠨᠢ ᠴᠢᠩᠭᠠᠳᠬᠠᠵᠤ᠂ ᠴᠡᠷᠢᠭ ᠠᠩᠭᠢ ᠶᠢᠨ ᠪᠠᠶᠢᠭᠤᠯᠤᠯᠲᠠ ᠪᠠ ᠳᠠᠶᠢᠴᠢᠨ ᠬᠦᠴᠦᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠦᠵᠡᠯ ᠰᠠᠨᠠᠭᠠᠨ ᠤ ᠦᠨᠳᠦᠰᠦᠨ ᠠᠰᠠᠭᠤᠳᠠᠯ ᠢ ᠴᠢᠩᠭ᠎ᠠ ᠠᠳᠬᠤᠨ ᠶᠠᠷᠢᠯᠴᠠᠨ ᠵᠠᠳᠠᠯᠵᠤ᠂ ᠳᠠᠷᠤᠭ᠎ᠠ ᠪᠠᠶᠢᠯᠳᠤᠭᠴᠢᠳ ᠤᠨ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠪᠠᠶᠢᠭᠤᠯᠭ᠎ᠠ ᠠᠵᠢᠯ ᠤᠨ ᠵᠢᠯᠣᠭᠤᠳᠤᠯᠭ᠎ᠠ ᠪᠠᠨ ᠰᠠᠶᠢᠵᠢᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂《ᠲᠠᠪᠤᠨ ᠤᠯᠠᠨ》ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠳᠠᠷᠤᠭ᠎ᠠ ᠪᠠᠶᠢᠯᠳᠤᠭᠴᠢᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠠᠵᠢᠯ ᠬᠢᠵᠦ ᠦᠢᠯᠡᠰ ᠪᠣᠰᠬᠠᠬᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠰᠠᠨᠠᠭᠠᠰᠢᠷᠠᠬᠤ ᠤᠬᠠᠮᠰᠠᠷ᠂ ᠲᠦᠭᠰᠢᠭᠦᠷᠢ ᠶᠢᠨ ᠤᠬᠠᠮᠰᠠᠷ᠂ ᠳᠠᠶᠢᠯᠠᠯᠳᠤᠬᠤ ᠤᠬᠠᠮᠰᠠᠷ ᠢᠶᠠᠨ ᠴᠢᠩᠭᠠᠳᠬᠠᠵᠤ᠂ ᠴᠡᠷᠢᠭ ᠪᠣᠯᠪᠠᠰᠤᠷᠠᠭᠤᠯᠤᠨ ᠲᠠᠶᠢᠨ ᠳᠤ ᠪᠡᠯᠡᠳᠬᠡᠬᠦ ᠶᠢ ᠪᠦᠭᠦ ᠲᠠᠯ᠎ᠠ ᠪᠠᠷ ᠴᠢᠩᠭᠠᠳᠬᠠᠵᠤ᠂ ᠴᠡᠷᠢᠭ ᠠᠩᠭᠢ ᠶᠢᠨ ᠪᠠᠶᠢᠯᠳᠤᠭᠠᠨ ᠬᠢᠬᠦ ᠴᠢᠳᠠᠪᠤᠷᠢ ᠶᠢ ᠯᠠᠪᠳᠠᠭᠤᠨ ᠪᠠᠲᠤᠲᠠᠢ ᠬᠢᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠪᠠ ᠭᠤᠣᠯᠯᠠᠬᠤ ᠠᠰᠢᠭ ᠲᠤᠰᠠ ᠶᠢ ᠬᠦᠴᠦᠲᠡᠢ ᠬᠠᠮᠠᠭᠠᠯᠠᠬᠤ ᠬᠡᠷᠡᠭᠲᠡᠢ᠃ ᠤᠳᠤ ᠦᠶ᠎ᠡ ᠶᠢᠨ ᠪᠠᠶᠢᠯᠳᠤᠭᠠᠨ ᠤ ᠭᠡᠯᠪᠡᠷᠢ ᠪᠠᠶᠢᠳᠠᠯ ᠪᠠ ᠪᠠᠶᠢᠯᠳᠤᠬᠤ ᠠᠷᠭ᠎ᠠ ᠮᠠᠶ᠋ᠢᠭ ᠤᠨ ᠬᠤᠪᠢᠷᠠᠯᠲᠠ ᠳᠤ ᠵᠣᠬᠢᠴᠠᠭᠤᠯᠤᠨ᠂ ᠪᠠᠶᠢᠯᠳᠤᠬᠤ ᠡᠭᠦᠷᠭᠡ᠂ ᠪᠠᠶᠢᠯᠳᠤᠬᠤ ᠡᠰᠡᠷᠭᠦ ᠡᠲᠡᠭᠡᠳ᠂ ᠪᠠᠶᠢᠯᠳᠤᠬᠤ ᠣᠷᠴᠢᠨ ᠨᠥᠬᠦᠴᠡᠯ ᠲᠠᠢ ᠨᠢᠭᠲᠠ ᠤᠶᠠᠯᠳᠤᠭᠤᠯᠵᠤ᠂ ᠰᠢᠨ᠎ᠡ ᠲᠣᠨᠣᠭᠯᠠᠯ᠂ ᠰᠢᠨ᠎ᠡ ᠤᠷ᠎ᠠ ᠴᠢᠳᠠᠪᠤᠷᠢ᠂ ᠰᠢᠨ᠎ᠡ ᠪᠠᠶᠢᠯᠳᠤᠬᠤ ᠠᠷᠭ᠎ᠠ ᠶᠢᠨ ᠪᠣᠯᠪᠠᠰᠤᠷᠠᠯ ᠢ ᠬᠠᠨᠳᠤᠯᠭᠠᠲᠤ ᠴᠢᠨᠠᠷᠲᠠᠢ ᠪᠠᠷ ᠴᠢᠩᠭᠠᠳᠬᠠᠵᠤ᠂ ᠨᠡᠶᠢᠲᠡᠯᠢᠭ ᠠᠵᠢᠯᠯᠠᠭ᠎ᠠ ᠶᠢᠨ ᠲᠤᠰᠬᠠᠢ ᠳᠠᠭᠠᠷᠢᠯᠲᠠ ᠪᠠ ᠨᠠᠷᠢᠯᠢᠭ ᠪᠣᠯᠪᠠᠰᠤᠷᠠᠯ ᠢ ᠴᠢᠩᠭᠠᠳᠬᠠᠬᠤ ᠬᠡᠷᠡᠭᠲᠡᠢ᠃ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠰᠲ᠋ᠧᠮ ᠪᠣᠯᠵᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠢ᠃ ᠪᠣᠳᠠᠲᠠᠢ ᠳᠤ ᠰᠠᠭᠤᠷᠢᠯᠠᠨ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠪᠠᠶᠢᠯᠳᠤᠬᠤ ᠪᠣᠳᠣᠯᠭ᠎ᠠ ᠶᠢᠨ ᠬᠦᠴᠦᠨ ᠤ ᠬᠡᠷᠡᠭᠯᠡᠯᠲᠡ ᠶᠢᠨ ᠬᠡᠪ ᠵᠠᠭᠪᠤᠷ ᠪᠠ ᠵᠣᠬᠢᠶᠠᠨ ᠪᠠᠶᠢᠭᠤᠯᠤᠯᠲᠠ ᠶᠢᠨ ᠬᠡᠪ ᠵᠠᠭᠪᠤᠷ ᠢ ᠰᠦᠪᠡᠭᠴᠢᠯᠡᠨ ᠰᠢᠨ᠎ᠡ ᠶᠢ ᠡᠭᠦᠳᠴᠦ᠂ ᠭᠠᠷ ᠲᠠᠬᠢ ᠵᠡᠪᠰᠡᠭ ᠤᠨ ᠢᠶᠠᠨ ᠪᠠᠶᠢᠯᠳᠤᠬᠤ ᠪᠣᠳᠣᠯᠭ᠎ᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠵᠠᠩ ᠶᠢᠦ ᠰᠢᠶᠠ ᠨᠠᠷ ᠠᠵᠢᠯᠯᠠᠭ᠎ᠠ ᠳᠤ ᠣᠷᠣᠯᠴᠠᠵᠠᠢ᠃