ᠵᠤᠬᠢᠶᠠᠭᠴᠢ:
ᠴᠠᠭ:2024-10-31
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠰᠢ ᠶᠢᠨ ᠫᠢᠩ︽ᠠᠯᠲᠠᠨ ᠲᠣᠭᠤᠰᠭ᠋᠎ᠠ +︾ᠤᠳᠤᠷᠢᠳᠬᠤ ᠬᠥᠮᠥᠰ ᠤᠨ ᠶᠠᠷᠢᠯᠴᠠᠭᠠᠨ ᠤ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ
ᠰᠢᠨᠬᠤᠸᠠ ᠬᠤᠷᠢᠶ᠎ᠠ ᠶᠢᠨ ᠤᠷᠤᠰ ᠤᠨ ᠺᠠᠽᠠᠨ ᠤ 2024 10 ᠰᠠᠷ᠎ᠠ ᠶᠢᠨ 24 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 10 ᠰᠠᠷ᠎ᠠ ᠶᠢᠨ 24 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠽᠠᠨ ᠤ ᠬᠤᠷᠠᠯ ᠦᠵᠡᠰᠭᠦᠯᠡᠩ ᠤᠨ ᠲᠥᠪ ᠲᠤ 《ᠠᠯᠳᠠᠨ ᠲᠣᠭᠤᠰᠭ᠋᠎ᠠ +》ᠤᠳᠤᠷᠢᠳᠬᠤ ᠬᠥᠮᠥᠰ ᠤᠨ ᠶᠠᠷᠢᠯᠴᠠᠭᠠᠨ ᠤ ᠬᠤᠷᠠᠯ ᠳᠤ ᠣᠷᠣᠯᠴᠠᠬᠰᠠᠨ ᠪᠥᠭᠡᠳ 《ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠶ᠎ᠠ》 ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃
ᠰᠢ ᠶᠢᠨ ᠫᠢᠩ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠦᠭᠵᠢᠯ ᠤᠨ ᠴᠢᠨᠠᠷᠲᠠᠢ ᠰᠡᠷᠭᠦᠨ ᠮᠠᠨᠳᠤᠯᠲᠠ ᠪᠣᠯ ᠳᠡᠯᠡᠬᠡᠢ ᠶᠢᠨ ᠶᠡᠭᠡ ᠬᠤᠪᠢᠰᠤᠯᠲᠠ ᠶᠢᠨ ᠢᠯᠡ ᠲᠣᠳᠣ ᠪᠡᠯᠭᠡ ᠲᠡᠮᠳᠡᠭ ᠮᠥᠨ᠃ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠠᠪᠤᠳᠠᠯ ᠪᠣᠯ ᠳᠡᠯᠡᠬᠡᠢ ᠶᠢᠨ ᠲᠡᠦᠬᠡᠨ ᠳᠡᠭᠡᠷᠡᠬᠢ ᠨᠢᠭᠡᠨ ᠲᠣᠮᠣ ᠶᠠᠪᠤᠳᠠᠯ ᠮᠥᠨ᠂ ᠪᠠᠰᠠ ᠴᠤ ᠬᠥᠮᠥᠨ ᠲᠥᠷᠥᠯᠬᠢᠲᠡᠨ ᠤ ᠪᠣᠯᠪᠠᠰᠤᠨ ᠤ ᠠᠬᠢᠴᠠ ᠳᠠᠬᠢ ᠲᠡᠦᠬᠡᠨ ᠳᠤ ᠭᠠᠷᠤᠭ᠎ᠠ ᠦᠭᠡᠢ ᠠᠤᠭ᠎ᠠ ᠠᠵᠢᠯᠯᠠᠭ᠎ᠠ ᠪᠣᠯᠣᠨ᠎ᠠ᠃ ᠡᠭᠦᠨ ᠤ ᠬᠠᠮᠲᠤ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠮᠥᠨ ᠬᠦ ᠬᠦᠨᠳᠦ ᠬᠡᠴᠡᠭᠦᠦ ᠥᠷᠢᠰᠦᠯᠳᠦᠭᠡᠨ ᠳᠤ ᠲᠤᠯᠭᠠᠷᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠥᠭᠵᠢᠯ ᠮᠠᠨᠳᠤᠯ ᠤᠨ ᠵᠠᠮ ᠯᠠᠪᠲᠠᠢ ᠲᠡᠭᠰᠢ ᠳᠠᠷᠳᠠᠩ ᠪᠢᠰᠢ ᠶᠤᠮ᠃ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠨᠢᠭᠡᠳᠦᠭᠡᠷ ᠵᠢᠭᠰᠠᠯ ᠪᠣᠯᠤᠭᠰᠠᠨ ᠤ ᠬᠤᠪᠢ ᠳᠤ᠂ ᠪᠢᠳᠡ ᠬᠠᠮᠲᠤ ᠶᠢᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠢᠯᠡᠷᠡᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠦᠨᠳᠦ ᠴᠢᠬᠤᠯᠠ ᠬᠠᠷᠢᠭᠤᠴᠠᠯᠭ᠎ᠠ ᠲᠠᠢ ᠶᠤᠮ᠃
– ᠡᠩᠬᠡ ᠲᠠᠶᠢᠪᠤᠩ ᠢ ᠪᠠᠲᠤ ᠰᠠᠬᠢᠵᠤ᠂ ᠬᠠᠮᠲᠤ ᠶᠢᠨ ᠠᠮᠤᠷ ᠲᠦᠪᠰᠢᠨ ᠢ ᠪᠡᠶᠡᠯᠡᠭᠦᠯᠦᠶ᠎ᠡ᠃ ᠪᠢᠳᠡ ᠡᠩᠬᠡ ᠲᠠᠶᠢᠪᠤᠩ ᠢ ᠬᠠᠮᠠᠭᠠᠯᠠᠬᠤ ᠲᠣᠭᠲᠠᠭᠤᠨ ᠬᠦᠴᠦᠨ ᠪᠣᠯᠵᠤ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠨ᠂ ᠦᠡᠭᠭᠡᠨ ᠲᠠᠯ᠎ᠠ ᠪᠠ ᠦᠨᠳᠦᠰᠦ ᠠᠴᠠ ᠨᠢ ᠵᠡᠷᠭᠡ ᠪᠠᠷ ᠵᠠᠰᠠᠬᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠰᠦᠪᠡᠭᠴᠢᠯᠡᠶ᠎ᠡ᠃ ᠪᠢ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠳᠤᠷᠠᠳᠴᠤ᠂ ᠡᠯ᠎ᠡ ᠲᠠᠯ᠎ᠠ ᠶᠢᠨ ᠬᠢᠨ ᠢᠳᠡᠪᠬᠢᠲᠡᠢ ᠴᠤᠤᠷᠢᠶᠠᠲᠤᠵᠤ᠂ ᠭᠠᠵᠠᠷ ᠣᠷᠣᠨ ᠤ ᠲᠣᠭᠲᠠᠭᠤᠨ ᠢ ᠬᠠᠮᠠᠭᠠᠯᠠᠬᠤ ᠵᠡᠷᠭᠡ ᠤᠯᠠᠨ ᠬᠦᠷᠢᠶᠡᠨ ᠳᠤ ᠴᠢᠬᠤᠯᠠ ᠠᠮᠵᠢᠯᠲᠠ ᠣᠯᠵᠠᠢ᠃ ᠪᠢᠳᠡ ᠦᠺᠷᠠᠶᠢᠨ ᠤ ᠬᠢᠮᠤᠷᠠᠯ ᠤᠨ ᠪᠠᠶᠢᠳᠠᠯ ᠢ ᠲᠦᠷᠭᠡᠬᠡᠨ ᠨᠠᠮᠳᠠᠭᠤᠯᠬᠤ ᠶᠢ ᠠᠬᠢᠭᠤᠯᠵᠤ᠂ ᠤᠯᠤᠰ ᠲᠥᠷᠥ ᠶᠢᠨ ᠠᠷᠭ᠎ᠠ ᠪᠠᠷ ᠰᠢᠢᠳᠪᠦᠷᠢᠯᠡᠬᠦ ᠶᠢ ᠪᠡᠶᠡᠯᠡᠭᠦᠯᠬᠦ ᠳᠤ ᠵᠠᠮ ᠳᠡᠪᠢᠰᠴᠦ ᠦᠭᠭᠦᠶ᠎ᠡ᠃ ᠭᠠᠽᠠ ᠣᠷᠣᠨ ᠤ ᠪᠦᠭᠦ ᠲᠠᠯ᠎ᠠ ᠪᠠᠷ ᠳᠠᠶᠢᠨ ᠵᠣᠬᠰᠣᠬᠤ ᠶᠢ ᠦᠷᠭᠦᠯᠵᠢᠯᠡᠨ ᠠᠬᠢᠭᠤᠯᠵᠤ᠂ 《ᠬᠤᠶᠠᠷ ᠤᠯᠤᠰ ᠤᠨ ᠲᠥᠰᠥᠯ》 ᠢ ᠲᠠᠭᠢᠨ ᠡᠬᠢᠯᠡᠭᠦᠯᠬᠦ ᠶᠢᠨ ᠵᠡᠷᠭᠡ ᠪᠠᠷ ᠲᠠᠶᠢᠨ ᠤ ᠭᠠᠯ ᠯᠧᠪᠠᠨᠣᠨ ᠳᠤ ᠦᠷᠪᠢᠰᠬᠦ ᠶᠢ ᠬᠤᠷᠢᠭᠯᠠᠶ᠎ᠠ᠃
– ᠬᠥᠭᠵᠢᠯᠲᠡ ᠶᠢ ᠳᠠᠭᠢᠨ ᠰᠡᠷᠭᠦᠭᠡᠵᠦ᠂ ᠨᠡᠶᠢᠳᠡᠮ ᠤᠨ ᠴᠡᠴᠡᠭᠯᠡᠯ ᠬᠥᠭᠵᠢᠯ ᠢ ᠪᠡᠶᠡᠯᠡᠭᠦᠯᠦᠶ᠎ᠡ᠃ ᠪᠢᠳᠡ ᠬᠠᠮᠲᠤ ᠪᠠᠷ ᠬᠥᠭᠵᠢᠬᠦ ᠲᠤᠯᠭᠠᠭᠤᠷᠢ ᠬᠦᠴᠦᠨ ᠪᠣᠯᠵᠤ᠂ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ ᠲᠣᠭᠲᠠᠯᠴᠠᠭ᠎ᠠ ᠶᠢᠨ ᠥᠭᠡᠷᠡᠴᠢᠯᠡᠯᠲᠡ ᠳᠤ ᠢᠳᠡᠪᠬᠢᠲᠡᠢ ᠣᠷᠤᠯᠴᠠᠬᠤ ᠪᠠ ᠲᠡᠭᠦᠨ ᠢ ᠬᠥᠲᠥᠯᠥᠨ ᠳᠠᠭᠠᠭᠤᠯᠵᠤ᠂ ᠬᠥᠭᠵᠢᠯᠲᠡ ᠶᠢ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠵᠥᠪᠯᠡᠬᠦ ᠵᠦᠢᠯ ᠤᠨ ᠭᠤᠣᠯ ᠪᠠᠶᠢᠷᠢᠨ ᠳᠤ ᠲᠠᠯᠪᠢᠬᠤ ᠶᠢ ᠠᠬᠢᠭᠤᠯᠤᠶ᠎ᠠ᠃ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠤᠭᠰᠠᠨ 3 ᠵᠢᠯ ᠤᠨ ᠲᠤᠷᠰᠢ ᠨᠢᠭᠡᠨᠲᠡ 200 ᠳ᠋ᠦᠩᠰᠢᠭᠤᠷ ᠳ᠋ᠣᠯᠯᠠᠷ ᠤᠨ ᠬᠥᠭᠵᠢᠯᠲᠡ ᠶᠢᠨ ᠪᠡᠯᠡ ᠮᠥᠩᠭᠦ ᠶᠢ ᠲᠠᠶᠢᠴᠢᠯᠠᠵᠥ᠂ 1100 ᠭᠠᠷᠤᠢ ᠲᠦᠷᠦᠯ ᠵᠦᠢᠯ ᠢ ᠥᠷᠨᠢᠭᠦᠯᠵᠡᠢ᠃ ᠪᠦᠭᠦ ᠪᠥᠮᠪᠥᠷᠴᠡᠭ ᠤᠨ ᠠᠵᠤ ᠦᠢᠯᠡᠳᠪᠦᠷᠢ ᠶᠢᠨ ᠵᠣᠬᠢᠶᠠᠮᠠᠯ ᠤᠶᠤᠨ ᠴᠢᠳᠠᠪᠤᠷᠢ ᠶᠢᠨ ᠬᠤᠯᠪᠤᠭ᠎ᠠ ᠶᠢᠨ ᠭᠠᠷᠮᠠᠭᠠᠢ ᠲᠥᠪ ᠣᠶᠢᠷ᠎ᠠ ᠳᠤ ᠱᠠᠩᠬᠠᠢ ᠳᠤ ᠨᠤᠲᠤᠭᠰᠢᠪᠠ᠂ ᠳᠤᠮᠳᠠᠳᠤ ᠤᠯᠤᠰ ᠪᠠᠰᠠ ᠪᠦᠭᠦ ᠪᠥᠮᠪᠥᠷᠴᠡᠭ ᠤᠨ《ᠣᠶᠤᠨᠲᠤ ᠪᠣᠭᠤᠮᠲᠠ》 ᠶᠢᠨ ᠰᠦᠯᠵᠢᠶᠡᠨ ᠳᠡᠭᠡᠷᠡᠬᠢ ᠬᠠᠮᠲᠤᠷᠠᠯᠴᠠᠭᠠᠨ ᠤ ᠲᠠᠪᠴᠠᠩ ᠪᠣᠯᠣᠨ ᠠᠯᠳᠠᠨ ᠲᠣᠭᠤᠰᠭ᠋᠎ᠠ ᠤᠯᠤᠰ ᠤᠳ ᠤᠨ ᠪᠣᠭᠤᠮᠲᠠ ᠶᠢᠨ ᠵᠢᠱᠢᠶ᠎ᠡ ᠦᠵᠡᠭᠦᠯᠭᠦ ᠲᠥᠪ ᠢ ᠪᠠᠶᠢᠭᠤᠯᠬᠤ ᠪᠣᠯᠣᠨ᠎ᠠ᠂ ᠡᠯ᠎ᠡ ᠤᠯᠤᠰ ᠤᠨ ᠬᠢᠨ ᠤ ᠢᠳᠡᠪᠬᠢᠲᠡᠢ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃
– ᠪᠣᠯᠪᠠᠰᠤᠨ ᠢ ᠬᠠᠮᠲᠤ ᠪᠠᠷ ᠮᠠᠨᠳᠤᠭᠤᠯᠵᠤ᠂ ᠣᠯᠠᠨ ᠡᠰᠢᠲᠦ ᠡᠶ᠎ᠡ ᠵᠣᠬᠢᠴᠠᠯ ᠢ ᠪᠡᠶᠡᠯᠡᠭᠦᠯᠦᠶ᠎ᠡ᠃ ᠪᠢᠳᠡ ᠪᠣᠯᠪᠠᠰᠤᠨ ᠢᠶᠠᠨ ᠬᠠᠷᠢᠯᠴᠠᠨ ᠲᠣᠯᠢᠳᠠᠬᠤ ᠶᠢ ᠠᠬᠢᠭᠤᠯᠬᠤ ᠬᠦᠴᠦᠨ ᠪᠣᠯᠵᠤ᠂ ᠣᠯᠣᠯᠴᠠᠭ᠎ᠠ ᠶᠠᠷᠢᠯᠴᠠᠭ᠎ᠠ ᠪᠠᠨ ᠨᠡᠮᠡᠭᠳᠡᠭᠦᠯᠵᠦ᠂ ᠲᠤᠰ ᠲᠤᠰ ᠤᠨ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ ᠶᠢ ᠳᠡᠮᠵᠢᠶ᠎ᠠ᠃ ᠳᠤᠮᠳᠠᠳᠤ ᠤᠯᠤᠰ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠤᠶᠤᠨ ᠤ ᠬᠥᠮᠥᠷᠭᠡ ᠶᠢᠨ ᠬᠠᠮᠲᠤᠷᠠᠯᠴᠠᠭᠠᠨ ᠤ ᠬᠤᠯᠪᠤᠭ᠎ᠠ ᠶᠢ ᠲᠦᠷᠦᠭᠦᠯᠡᠨ ᠪᠠᠶᠢᠭᠤᠯᠵᠤ᠂ ᠡᠯ᠎ᠡ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠪᠣᠯᠣᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠬᠠᠢ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠲᠠ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠭᠰᠡᠨ ᠨᠢ ᠯᠠᠪᠲᠠᠢ ᠳᠡᠯᠡᠬᠡᠢ ᠳ᠋ᠠᠬᠢᠨ ᠳᠤ ᠨᠡᠩ ᠤᠯᠠᠠ ᠠᠵᠠ ᠲᠣᠭᠢᠶᠠᠯ ᠬᠠᠩᠭᠠᠬᠤ ᠶᠤᠮ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠢᠮᠠᠭᠲᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠠᠢ ᠰᠡᠳᠬᠢᠯ ᠢᠶᠠᠨ ᠬᠤᠯᠪᠣᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠤ ᠦᠨᠳᠦᠰᠦᠯᠡᠵᠦ᠂ ᠨᠡᠩ ᠤᠯᠠᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠠᠯᠳᠠᠨ ᠲᠣᠭᠤᠰᠭ᠋᠎ᠠ ᠤᠯᠤᠰ ᠤᠳ ᠤᠨ ᠦᠢᠯᠡᠰ ᠲᠤ ᠣᠷᠤᠯᠴᠠᠬᠤ ᠶᠢ ᠲᠡᠮᠵᠢᠵᠥ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠠᠮᠲᠤ ᠪᠠᠷ ᠠᠬᠢᠭᠤᠯᠤᠨ᠎ᠠ ᠭᠡᠵᠦ ᠴᠢᠬᠤᠯᠠᠴᠢᠯᠠᠪᠠ᠃
ᠤᠷᠤᠰ ᠤᠨ ᠶᠡᠷᠦᠩᠬᠡᠶᠢᠯᠡᠭᠴᠢ ᠫᠦᠲ᠋ᠢᠨ ᠬᠤᠷᠠᠯ ᠢ ᠡᠷᠭᠢᠯᠡᠵᠦ᠂ ᠶᠧᠵᠢᠫᠲ ᠤᠨ ᠶᠡᠷᠦᠩᠬᠡᠶᠢᠯᠡᠭᠴᠢ ᠰᠠᠶᠢᠰᠢ᠂ ᠢᠷᠠᠨ ᠤ ᠶᠡᠷᠦᠩᠬᠡᠶᠢᠯᠡᠭᠴᠢ ᠫᠧᠽᠧᠱᠺᠢᠶᠠᠨ᠂ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠪᠣᠯᠣᠨ ᠪᠷᠠᠽᠢᠯ᠂ ᠡᠨᠡᠳᠬᠡᠭ᠂ ᠠᠷᠠᠪ ᠤᠨ ᠬᠤᠯᠪᠣᠭᠠᠲᠤ ᠠᠬᠠᠮᠠᠳᠲᠤ ᠤᠯᠤᠰ᠂ ᠰᠠᠦ᠋ᠳᠢ ᠠᠷᠠᠪ᠂ ᠡᠸ᠋ᠽᠢᠤᠫᠢᠶ᠎ᠠ ᠶᠢᠨ ᠲᠥᠯᠥᠭᠡᠯᠡᠭᠴᠢ᠂ ᠤᠷᠢᠭᠳᠠᠭᠰᠠᠨ ᠵᠣᠴᠢᠮᠠᠳ ᠤᠯᠤᠰ ᠤᠨ 25 ᠤᠳᠤᠷᠢᠳᠬᠤ ᠬᠥᠮᠥᠨ ᠪᠤᠶᠤ ᠲᠥᠯᠥᠭᠡᠯᠡᠭᠴᠢ ᠵᠢᠴᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠸᠶᠢᠰ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹᠦ᠋ ᠵᠡᠷᠭᠡ 6 ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠣᠷᠣᠯᠴᠠᠵᠠᠢ᠃
23 ᠤ ᠣᠷᠣᠢ᠂ ᠰᠢ ᠶᠢᠨ ᠫᠢᠩ ᠫᠦᠲ᠋ᠢᠨ ᠤ ᠠᠯᠳᠠᠨ ᠲᠣᠭᠤᠰᠭ᠋᠎ᠠ ᠤᠯᠤᠰ ᠤᠳ ᠵᠢᠴᠢ ᠵᠣᠴᠢᠨ ᠤᠯᠤᠰ ᠤᠨ ᠤᠳᠤᠷᠢᠳᠬᠤ ᠬᠥᠮᠥᠰ ᠲᠤ ᠬᠢᠭᠰᠡᠨ ᠤᠭᠲᠤᠬᠤ ᠳᠠᠶᠢᠯᠠᠯᠭ᠎ᠠ ᠳᠤ ᠣᠷᠣᠯᠴᠠᠪᠠ᠃
ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃