ᠵᠤᠬᠢᠶᠠᠭᠴᠢ:
ᠴᠠᠭ:2024-11-08
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠰᠢ ᠶᠢᠨ ᠫᠢᠩ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠲᠤᠰᠢᠶᠠᠯ ᠳᠤ ᠭᠠᠷᠬᠤ ᠪᠠᠷ ᠪᠠᠶᠢᠭ᠎ᠠ ᠵᠠᠰᠠᠭ ᠵᠠᠬᠢᠷᠭᠠᠨ ᠤ ᠳᠠᠷᠤᠭ᠎ᠠ ᠼᠧᠨ ᠬᠤᠤ ᠡᠾᠦ᠋ᠢ ᠲᠠᠢ ᠠᠭᠤᠯᠵᠠᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2024 11 ᠳ᠋ᠦ᠋ᠭᠡᠷ ᠰᠠᠷ᠎ᠠ ᠶᠢᠨ 1 ᠤ ᠴᠠᠭᠢᠯᠭᠠᠨ ᠮᠡᠳᠡᠭᠡ ᠤᠯᠤᠰ ᠤᠨ ᠲᠡᠷᠢᠭᠦᠯᠡᠭᠴᠢ ᠰᠢ ᠶᠢᠨ ᠫᠢᠩ 11 ᠰᠠᠷ᠎ᠠ ᠶᠢᠨ 1 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠰᠢᠨ᠎ᠡ ᠪᠠᠷ ᠰᠣᠩᠭᠤᠭᠳᠠᠭᠰᠠᠨ ᠪᠥᠭᠡᠳ ᠲᠥᠪ ᠵᠠᠰᠠᠭ ᠤᠨ ᠣᠷᠳᠣᠨ ᠠᠴᠠ ᠲᠤᠰᠢᠶᠠᠯ ᠳᠤ ᠲᠣᠮᠢᠯᠠᠭᠰᠠᠨ ᠣᠣᠮᠧᠨ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠼᠧᠨ ᠬᠤᠤ ᠡᠾᠦ᠋ᠢ ᠲᠠᠢ ᠠᠭᠤᠯᠵᠠᠪᠠ᠃
ᠰᠢ ᠶᠢᠨ ᠫᠢᠩ ᠤᠨ ᠭᠡᠷᠡᠴᠢᠯᠡᠭᠡ ᠪᠠᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠼᠧᠨ ᠬᠤᠤ ᠡᠾᠦ᠋ᠢ ᠳᠤ ᠲᠡᠭᠦᠨ ᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠠᠷ ᠲᠣᠮᠢᠯᠠᠭᠰᠠᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ 794 ᠳ᠋ᠦ᠋ᠭᠡᠷ ᠲᠣᠭᠠᠲᠤ ᠵᠠᠷᠯᠢᠭ ᠢ ᠭᠠᠷᠳᠠᠭᠤᠯᠪᠠ᠃
ᠰᠢ ᠶᠢᠨ ᠫᠢᠩ ᠲᠥᠪ ᠵᠠᠰᠠᠭ ᠤᠨ ᠣᠷᠳᠣᠨ ᠠᠴᠠ ᠼᠧᠨ ᠬᠤᠤ ᠡᠾᠦ᠋ᠢ ᠶᠢ ᠣᠣᠮᠧᠨ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠠᠷ ᠲᠣᠮᠢᠯᠠᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ ᠲᠠ ᠤᠷᠳᠤ ᠬᠤᠭᠤᠴᠠᠭ᠎ᠠ ᠪᠠᠷ ᠡᠴᠦᠰ ᠤᠨ ᠰᠢᠭᠦᠯᠲᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠤᠯᠤᠰ ᠢᠶᠠᠨ ᠬᠠᠶᠢᠷᠠᠯᠠᠬᠤ ᠣᠣᠮᠧᠨ ᠢᠶᠠᠨ ᠬᠠᠶᠢᠷᠠᠯᠠᠬᠤ ᠵᠣᠭᠰᠣᠯᠲᠠ ᠪᠠᠲᠤ ᠴᠢᠩᠭ᠎ᠠ ᠪᠠᠶᠢᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠣᠣᠮᠧᠨ ᠤ ᠬᠥᠭᠵᠢᠯ ᠴᠡᠴᠡᠭᠯᠡᠯ ᠲᠣᠭᠲᠠᠭᠤᠨ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠲᠠ ᠵᠠᠰᠠᠭ ᠵᠠᠬᠢᠷᠭᠠᠨ ᠤ ᠳᠠᠷᠤᠭ᠎ᠠ ᠶᠢᠨ ᠰᠣᠩᠭᠤᠭᠤᠯᠢ ᠳᠤ ᠣᠷᠣᠯᠴᠠᠬᠰᠠᠨ ᠠᠴᠠ ᠨᠠᠭᠠᠰᠢ᠂ ᠪᠣᠳᠠᠲᠠᠢ ᠶᠢ ᠡᠷᠬᠢᠮᠯᠡᠨ ᠠᠷᠠᠳ ᠢ ᠳᠣᠲᠣᠨᠣᠴᠢᠯᠠᠵᠤ᠂ ᠠᠰᠠᠭᠤᠳᠠᠯ ᠳᠤ ᠵᠣᠷᠢᠭᠲᠠᠢ ᠪᠠᠷ ᠰᠢᠭᠤᠳ ᠬᠠᠨᠳᠤᠬᠤ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠵᠦ᠂ ᠲᠠᠨ ᠤ ᠰᠣᠩᠭᠤᠭᠤᠯᠢ ᠳᠤ ᠣᠷᠣᠯᠴᠠᠬᠰᠠᠨ ᠤᠯᠤᠰ ᠲᠦᠷᠦ ᠶᠢᠨ ᠬᠥᠲᠥᠯᠪᠦᠷᠢ ᠪᠣᠯᠣᠨ ᠵᠠᠰᠠᠭ ᠶᠠᠪᠤᠭᠤᠯᠬᠤ ᠣᠨᠣᠯᠵᠢᠬᠤᠨ ᠣᠣᠮᠧᠨ ᠤ ᠪᠣᠳᠠᠲᠤ ᠪᠠᠶᠢᠳᠠᠯ ᠲᠠᠢ ᠨᠡᠶᠢᠴᠡᠵᠦ᠂ ᠣᠣᠮᠧᠨ ᠤ ᠥᠷᠭᠡᠨ ᠤᠯᠠᠨ ᠰᠠᠭᠤᠭᠠᠯᠢ ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠲᠠᠢ ᠨᠡᠶᠢᠴᠡᠨ᠎ᠡ᠃ ᠲᠠ ᠵᠠᠰᠠᠭ ᠵᠠᠬᠢᠷᠭᠠᠨ ᠤ ᠳᠠᠷᠤᠭ᠎ᠠ ᠶᠢᠨ ᠰᠣᠩᠭᠤᠭᠤᠯᠢ ᠳᠤ ᠤᠯᠠᠨ ᠪᠢᠯᠧᠲ ᠢᠶᠠᠷ ᠨᠡᠷ᠎ᠡ ᠳᠤᠷᠠᠳᠤᠭᠳᠠᠵᠤ᠂ ᠤᠯᠠᠨ ᠪᠢᠯᠧᠲ ᠢᠶᠠᠷ ᠰᠣᠩᠭᠤᠭᠳᠠᠭᠰᠠᠨ ᠨᠢ ᠣᠣᠮᠧᠨ ᠤ ᠨᠡᠶᠢᠭᠡᠮ ᠤᠨ ᠬᠢᠨ ᠲᠠᠨ ᠢ ᠥᠷᠭᠡᠨ ᠢᠶᠠᠷ ᠮᠡᠳᠡᠷᠡᠵᠦ ᠪᠠᠶᠢᠬᠤ ᠪᠠ ᠲᠡᠮᠵᠢᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠲᠥᠪ ᠠᠴᠠ ᠲᠠᠨ ᠢ ᠭᠦᠢᠴᠡᠳ ᠨᠤᠲᠠᠯᠠᠵᠤ᠂ ᠭᠦᠢᠴᠡᠳ ᠢᠲᠡᠭᠡᠵᠦ ᠪᠠᠶᠢᠨ᠎ᠠ ᠭᠡᠵᠡᠢ᠃
ᠰᠢ ᠶᠢᠨ ᠫᠢᠩ᠂《ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ》ᠪᠣᠯ ᠤᠯᠤᠰ᠂ ᠦᠨᠳᠦᠰᠦᠲᠡᠨ ᠤ ᠦᠨᠳᠦᠰᠦᠨ ᠠᠰᠢᠭ ᠲᠤᠰᠠ ᠲᠠᠢ ᠨᠡᠶᠢᠴᠡᠬᠦ᠂ ᠣᠣᠮᠧᠨ ᠤ ᠦᠨᠳᠦᠰᠦᠨ ᠠᠰᠢᠭ ᠲᠤᠰᠠ ᠲᠠᠢ ᠨᠡᠶᠢᠴᠡᠬᠦ ᠰᠠᠶᠢᠨ ᠪᠠᠶᠢᠭᠤᠯᠤᠯ ᠮᠥᠨ᠃ ᠣᠣᠮᠧᠨ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠲᠤᠷᠰᠢ᠂ ᠲᠥᠪ ᠤᠨ ᠪᠠ ᠡᠬᠡ ᠤᠯᠤᠰ ᠤᠨ ᠳᠣᠲᠣᠷ᠎ᠠ ᠭᠠᠵᠠᠷ ᠤᠨ ᠬᠦᠴᠦᠲᠡᠢ ᠳᠡᠮᠵᠢᠯᠭᠡ ᠳᠣᠣᠷ᠎ᠠ᠂ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠦᠷᠭᠦᠯᠵᠢᠯᠡᠨ ᠲᠡᠮᠡᠴᠡᠵᠦ᠂ ᠣᠣᠮᠧᠨ ᠤ ᠣᠨᠴᠠᠯᠢᠭ ᠪᠦᠬᠦᠢ《ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ》ᠦᠢᠯᠡᠳᠦᠯᠭᠡ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠣᠯᠵᠤ᠂ ᠦᠨᠳᠦᠰᠦᠨ ᠬᠠᠤᠯᠢ ᠪᠠ ᠣᠣᠮᠧᠨ ᠤ ᠦᠨᠳᠦᠰᠦ ᠪᠤᠯᠬᠤ ᠬᠠᠤᠯᠢ ᠳᠤ ᠲᠣᠭᠲᠠᠭᠠᠭᠰᠠᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠦᠨᠳᠦᠰᠦᠨ ᠪᠠᠶᠢᠭᠤᠯᠤᠯ ᠤᠨ ᠡᠮᠬᠢ ᠵᠢᠷᠤᠮ ᠢ ᠪᠠᠲᠤ ᠪᠠᠬᠢ ᠪᠤᠢ ᠪᠤᠯᠭᠠᠵᠤ᠂ ᠣᠣᠮᠧᠨ ᠤ ᠡᠯ᠎ᠡ ᠵᠦᠢᠯ ᠤᠨ ᠠᠵᠢᠯ ᠦᠢᠯᠡᠰ ᠪᠦᠭᠦ ᠲᠠᠯ᠎ᠠ ᠪᠠᠷ ᠳᠠᠪᠰᠢᠵᠤ᠂ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠢᠯᠡᠳᠲᠡ ᠳᠡᠭᠡᠭᠰᠢᠯᠡᠪᠡ᠃ ᠲᠥᠪ ᠠᠴᠠ《ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ》《ᠣᠣᠮᠧᠨᠴᠤᠳ ᠣᠣᠮᠧᠨ ᠢᠶᠠᠨ ᠵᠠᠰᠠᠬᠤ》᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠦᠷᠭᠦᠯᠵᠢᠯᠡᠨ ᠪᠦᠭᠦ ᠲᠠᠯ᠎ᠠ ᠪᠠᠷ ᠵᠥᠪ ᠣᠨᠣᠪᠴᠢᠲᠠᠢ᠂ ᠡᠷᠡᠰ ᠭᠤᠶᠢᠪᠢᠰᠢ ᠦᠭᠡᠢ ᠂ ᠬᠤᠪᠢᠷᠠᠬᠤ ᠦᠭᠡᠢ᠂ ᠥᠭᠡᠷᠡᠲᠦᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ ᠭᠡᠵᠦ ᠢᠯᠡᠳᠬᠡᠪᠡ᠃
ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠠᠴᠠ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂《ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ》ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠵᠤ᠂ ᠰᠢᠶᠠᠩᠭᠠᠩ᠂ ᠣᠣᠮᠧᠨ ᠤ ᠤᠯᠤᠰ ᠤᠨ ᠭᠠᠳᠠᠭᠠᠳᠤ ᠨᠡᠭᠡᠭᠡᠯᠲᠡ ᠳᠤᠮᠳᠠ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠡᠨᠡ ᠨᠢ ᠣᠣᠮᠧᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠠᠭᠤᠰᠤᠯᠴᠠᠬᠤ᠂ ᠲᠤᠰ ᠪᠡᠶ᠎ᠡ ᠶᠢᠨ ᠨᠡᠩ ᠰᠠᠶᠢᠨ ᠬᠥᠭᠵᠢᠯᠲᠡ ᠪᠠᠨ ᠪᠡᠶᠡᠯᠡᠭᠦᠯᠬᠦ ᠳᠤ ᠴᠢᠭᠯᠡᠯ ᠢ ᠲᠣᠳᠣᠷᠬᠠᠢ ᠵᠢᠭᠠᠵᠤ᠂ ᠰᠢᠨ᠎ᠡ ᠲᠡᠦᠬᠡ ᠶᠢᠨ ᠠᠵᠠ ᠲᠣᠭᠢᠶᠠᠯ ᠬᠠᠩᠭᠠᠪᠠ᠃ ᠵᠠᠰᠠᠭ ᠵᠠᠬᠢᠷᠭᠠᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠬᠦ ᠪᠣᠯ ᠨᠢᠭᠡᠨ ᠬᠦᠨᠳᠦ ᠬᠠᠷᠢᠭᠤᠴᠠᠯᠭ᠎ᠠ ᠮᠥᠨ᠂ ᠲᠥᠪ ᠤᠨ ᠬᠦᠨᠳᠦ ᠨᠠᠶᠢᠳᠠᠯᠭ᠎ᠠ ᠪᠠ ᠣᠣᠮᠧᠨ ᠤ ᠥᠷᠭᠡᠨ ᠤᠯᠠᠨ ᠰᠠᠭᠤᠭᠠᠯᠢ ᠠᠷᠠᠳ ᠤᠨ ᠬᠦᠨᠳᠦ ᠨᠠᠶᠢᠳᠠᠯᠭ᠎ᠠ ᠶᠢ ᠡᠭᠦᠷᠭᠡᠯᠡᠵᠦ ᠪᠠᠶᠢᠨ᠎ᠠ᠃ ᠲᠠ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠦᠯᠦ ᠬᠥᠰᠡᠷᠳᠡᠭᠦᠯᠵᠦ᠂ ᠣᠨᠴᠠᠭᠠᠢ ᠵᠠᠰᠠᠭ ᠵᠠᠬᠢᠷᠭᠠᠨ ᠤ ᠣᠷᠣᠨ ᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠢ ᠳᠠᠭᠠᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠲᠠᠢ ᠪᠦᠯᠬᠦᠮᠳᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠤᠷᠤᠭᠰᠢᠯᠠᠨ ᠲᠠᠪᠰᠢᠵᠤ᠂ ᠴᠢᠳᠠᠮᠠᠭᠠᠢ ᠠᠵᠢᠯᠯᠠᠨ ᠠᠮᠵᠢᠯᠲᠠ ᠭᠠᠷᠭᠠᠵᠤ᠂ ᠣᠣᠮᠧᠨ ᠤ ᠣᠨᠴᠠᠯᠢᠭ ᠪᠦᠬᠦᠢ《ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ》ᠦᠢᠯᠡᠳᠦᠯᠭᠡ ᠶᠢᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠦᠨ ᠨᠡᠭᠡᠭᠡᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
ᠼᠧᠨ ᠬᠤᠤ ᠡᠾᠦ᠋ᠢ ᠲᠥᠪ ᠵᠠᠰᠠᠭ ᠤᠨ ᠣᠷᠳᠣᠨ ᠠᠴᠠ ᠨᠠᠮ᠎ᠠ ᠶᠢ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠪᠠᠷ ᠲᠣᠮᠢᠯᠠᠭᠰᠠᠨ ᠳᠤ ᠮᠠᠰᠢ ᠥᠩᠭᠡ ᠭᠡᠷᠡᠯᠲᠡᠢ ᠰᠠᠨᠠᠭᠳᠠᠵᠤ ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠪᠣᠯᠣᠨ ᠲᠥᠪ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ 《ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ》ᠴᠢᠭᠯᠡᠯᠲᠡ ᠶᠢ ᠪᠦᠭᠦ ᠲᠠᠯ᠎ᠠ ᠪᠠᠷ ᠵᠥᠪ ᠣᠨᠣᠪᠴᠢᠲᠠᠢ᠂ ᠡᠷᠡᠰ ᠭᠤᠶᠢᠪᠢᠰᠢ ᠦᠭᠡᠢ ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠠᠭᠤᠰᠤᠯᠴᠠᠬᠤ ᠪᠠ ᠦᠢᠯᠡᠴᠢᠯᠡᠵᠦ᠂ ᠤᠯᠠᠨ ᠨᠡᠶᠢᠲᠡ ᠶᠢᠨ ᠵᠠᠰᠠᠯᠲᠠ ᠶᠢᠨ ᠴᠢᠳᠠᠪᠤᠷᠢ ᠪᠣᠯᠣᠨ ᠬᠠᠮᠢᠶᠠᠷᠤᠯᠲᠠ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠢ ᠶᠢᠨ ᠵᠣᠬᠢᠰᠲᠠᠢ ᠤᠯᠠᠨ ᠡᠰᠢᠵᠢᠬᠦ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠠᠷᠠᠳ ᠤᠨ ᠠᠮᠢᠳᠤᠷᠠᠯ ᠢ ᠶᠡᠭᠡ ᠪᠠᠷ ᠰᠠᠶᠢᠵᠢᠷᠠᠭᠤᠯᠵᠤ᠂ ᠣᠣᠮᠧᠨ ᠤ ᠡᠯ᠎ᠡ ᠵᠦᠢᠯ ᠤᠨ ᠠᠵᠢᠯ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠠᠷ ᠵᠣᠷᠢᠭ ᠰᠢᠭᠤᠳᠴᠤ ᠪᠠᠶᠢᠨ᠎ᠠ ᠭᠡᠪᠡ᠃
ᠯᠢ ᠴᠢᠶᠠᠩ᠂ ᠼᠠᠢ ᠴᠢ᠂ ᠳ᠋ᠢᠩ ᠰᠢᠤᠸᠠᠢ ᠰᠢᠶᠠᠩ᠂ ᠱᠢ ᠲᠠᠢ ᠹᠧᠩ᠂ ᠴᠧᠨ ᠸᠧᠨ ᠴᠢᠩ᠂ ᠰᠢᠶᠠ ᠪᠦᠦ ᠯᠦᠩ ᠨᠠᠷ ᠠᠭᠤᠯᠵᠠᠯᠲᠠ ᠳᠤ ᠣᠷᠣᠯᠴᠠᠵᠠᠢ᠃