ᠬᠠᠮᠲᠤ ᠪᠠᠷ ᠬᠥᠭᠵᠢᠭᠰᠡᠨ ᠲᠥᠪ ᠭᠤᠣᠯᠴᠢ ᠳᠡᠯᠡᠬᠡᠢ ᠶᠢᠷᠲᠢᠨᠴᠦ ᠶᠢ ᠪᠠᠶᠢᠭᠤᠯᠤᠶ᠎ᠠ ︱ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠠᠷᠪᠠ ᠶᠢᠰᠦᠳᠦᠭᠡᠷ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠨᠢᠭᠡᠳᠦᠭᠡᠷ ᠱᠠᠲᠤ ᠦᠶ᠎ᠡ ᠶᠢᠨ ᠬᠤᠷᠠᠯ ᠳᠡᠭᠡᠷᠡᠬᠢ︽ᠥᠯᠥᠰᠬᠦᠯᠡᠩ ᠭᠠᠴᠢᠭ ᠬᠢᠭᠡᠳ ᠶᠠᠳᠠᠭᠤ ᠬᠦᠴᠢᠷᠳᠡᠯ ᠲᠠᠢ ᠲᠡᠮᠡᠴᠡᠬᠦ︾ᠵᠥᠪᠯᠡᠬᠦ ᠰᠡᠳᠦᠪ ᠤᠨ ᠲᠤᠬᠠᠢ ᠶᠠᠷᠢᠶ᠎ᠠ
ᠬᠠᠮᠲᠤ ᠪᠠᠷ ᠬᠥᠭᠵᠢᠭᠰᠡᠨ ᠲᠥᠪ ᠭᠤᠣᠯᠴᠢ ᠳᠡᠯᠡᠬᠡᠢ ᠶᠢᠷᠲᠢᠨᠴᠦ ᠶᠢ ᠪᠠᠶᠢᠭᠤᠯᠤᠶ᠎ᠠ ︱ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠠᠷᠪᠠ ᠶᠢᠰᠦᠳᠦᠭᠡᠷ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠨᠢᠭᠡᠳᠦᠭᠡᠷ ᠱᠠᠲᠤ ᠦᠶ᠎ᠡ ᠶᠢᠨ ᠬᠤᠷᠠᠯ ᠳᠡᠭᠡᠷᠡᠬᠢ《ᠥᠯᠥᠰᠬᠦᠯᠡᠩ ᠭᠠᠴᠢᠭ ᠬᠢᠭᠡᠳ ᠶᠠᠳᠠᠭᠤ ᠬᠦᠴᠢᠷᠳᠡᠯ ᠲᠠᠢ ᠲᠡᠮᠡᠴᠡᠬᠦ》ᠵᠥᠪᠯᠡᠬᠦ ᠰᠡᠳᠦᠪ ᠤᠨ ᠲᠤᠬᠠᠢ ᠶᠠᠷᠢᠶ᠎ᠠ
︵2024 ᠣᠨ ᠤ 11 ᠰᠠᠷ᠎ᠠ ᠶᠢᠨ 18 ᠤ ᠡᠳᠦᠷ ᠂ ᠷᠢᠦ᠋ ᠳ᠋ᠢ ᠿᠧᠨ᠋ᠸᠶᠢᠷᠦ᠋ ᠳᠤ︶
ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ
ᠬᠦᠨᠳᠦᠲᠦ ᠶᠡᠷᠦᠩᠬᠡᠶᠢᠯᠡᠭᠴᠢ ᠯᠦᠯᠠ᠂
ᠬᠠᠮᠲᠤ ᠠᠵᠢᠯᠯᠠᠭᠰᠠᠳ ᠠ᠋ ᠄
ᠷᠢᠦ᠋ ᠳ᠋ᠢ ᠿᠧᠨ᠋ᠸᠶᠢᠷᠦ᠋ ᠳᠤ ᠢᠷᠡᠵᠦ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠶᠡᠷᠦᠩᠬᠡᠶᠢᠯᠡᠭᠴᠢ ᠯᠦᠯᠠ ᠪᠣᠯᠣᠨ ᠪᠷᠠᠽᠢᠯ ᠤᠨ ᠵᠠᠰᠠᠭ ᠤᠨ ᠣᠷᠳᠣᠨ ᠤ ᠳᠤᠮᠳᠠᠳᠤ ᠤᠯᠤᠰ ᠤᠨ ᠲᠥᠯᠥᠭᠡᠯᠡᠭᠴᠢᠳ ᠤᠨ ᠪᠦᠯᠭᠦᠮ ᠢ ᠬᠠᠯᠠᠭᠤᠨ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠨ᠎ᠠ᠃
ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠬᠥᠮᠥᠨ ᠲᠥᠷᠥᠯᠬᠢᠲᠡᠨ ᠤ ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠭᠢᠶᠠᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ᠃ ᠳᠡᠯᠡᠬᠡᠢ ᠶᠢᠨ ᠭᠤᠣᠯ ᠪᠤᠯᠬᠤ ᠲᠣᠮᠣ ᠤᠯᠤᠰ ᠤᠨ ᠤᠳᠤᠷᠢᠳᠬᠤ ᠬᠥᠮᠥᠨ ᠪᠣᠯᠤᠭᠰᠠᠨ ᠤ ᠬᠤᠪᠢ ᠳᠤ᠂ ᠪᠢᠳᠡ ᠪᠠᠷᠠᠭᠠᠨ ᠡᠭᠦᠯᠡ ᠬᠠᠷᠠᠭ᠎ᠠ ᠶᠢ ᠬᠠᠯᠬᠠᠯᠠᠬᠤ ᠠᠴᠠ ᠦᠯᠦ ᠠᠶᠤᠵᠤ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠷᠢᠮᠲᠠᠯᠠᠵᠤ ᠲᠡᠦᠬᠡ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠢᠯᠡᠷᠡᠭᠦᠯᠵᠦ᠂ ᠲᠡᠦᠬᠡ ᠶᠢᠨ ᠲᠠᠪᠰᠢᠯᠳᠠ ᠶᠢ ᠠᠬᠢᠭᠤᠯᠪᠠᠯ ᠵᠣᠬᠢᠨ᠎ᠠ᠃
ᠪᠢ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯ ᠳᠡᠭᠡᠷ᠎ᠡ᠂ ᠳᠡᠯᠡᠬᠡᠢ ᠶᠢᠨ ᠬᠥᠭᠵᠢᠯ ᠴᠡᠴᠡᠭᠯᠡᠯ ᠪᠠ ᠲᠣᠭᠲᠠᠭᠤᠨ ᠨᠢ ᠶᠠᠳᠠᠭᠤ ᠨᠢ ᠤᠯᠠᠮ ᠶᠠᠪᠤᠬᠤ ᠲᠤᠳᠤᠮ ᠶᠠᠳᠠᠭᠤᠷᠠᠵᠤ᠂ ᠪᠠᠶᠠᠨ ᠨᠢ ᠤᠯᠠᠮ ᠶᠠᠪᠤᠬᠤ ᠲᠤᠳᠤᠮ ᠪᠠᠶᠠᠵᠢᠬᠤ ᠰᠠᠭᠤᠷᠢᠨ ᠳᠡᠭᠡᠷ᠎ᠡ ᠪᠠᠶᠢᠭᠤᠯᠤᠭᠳᠠᠬᠤ ᠪᠣᠯᠣᠯᠴᠠᠭ᠎ᠠ ᠦᠭᠡᠢ ᠶᠤᠮ᠂ ᠡᠯ᠎ᠡ ᠤᠯᠤᠰ ᠨᠡᠩ ᠪᠠᠭᠲᠠᠭᠠᠮᠵᠢᠲᠠᠢ᠂ ᠨᠡᠩ ᠲᠦᠭᠡᠮᠡᠯ ᠬᠠᠷᠠᠭᠠᠯᠵᠠᠯᠲᠤ᠂ ᠨᠡᠩ ᠤᠶᠠᠨ ᠬᠠᠳᠠᠨ ᠴᠢᠨᠠᠷᠲᠠᠢ ᠪᠦᠭᠦ ᠪᠥᠮᠪᠥᠷᠴᠡᠭ ᠤᠨ ᠬᠥᠭᠵᠢᠯᠲᠡ ᠶᠢ ᠠᠬᠢᠭᠤᠯᠪᠠᠯ ᠵᠣᠬᠢᠨ᠎ᠠ ᠭᠡᠵᠦ ᠳᠤᠷᠠᠳᠴᠤ ᠥᠩᠭᠡᠷᠡᠪᠡ᠃ ᠳᠤᠮᠳᠠᠳᠤ ᠤᠯᠤᠰ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠬᠠᠩᠵᠧᠦ ᠳᠠᠬᠢ ᠲᠦᠷᠦᠭᠦᠴᠦᠳ ᠤᠨ ᠬᠤᠷᠠᠯ ᠢ ᠭᠤᠣᠯᠯᠠᠨ ᠡᠷᠭᠢᠯᠡᠭᠦ ᠦᠶ᠎ᠡ ᠳᠤ᠂ ᠬᠥᠭᠵᠢᠯᠲᠡ ᠶᠢᠨ ᠵᠥᠪᠯᠡᠬᠦ ᠰᠡᠳᠦᠪ ᠢ ᠠᠩᠬ᠎ᠠ ᠤᠳᠠᠭ᠎ᠠ ᠬᠤᠷᠸ᠎ᠠ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢᠨ ᠭᠤᠣᠯ ᠪᠠᠶᠢᠷᠢᠨ ᠳᠤ ᠲᠠᠯᠪᠢᠵᠤ᠂《2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ ᠨᠠᠶᠢᠳᠠᠪᠤᠷᠢᠵᠢᠭᠤᠯᠬᠤ ᠬᠤᠷᠢᠨ ᠤᠯᠤᠰ ᠤᠨ ᠪᠦᠯᠦᠭᠯᠡᠯ ᠤᠨ ᠠᠵᠢᠯᠯᠠᠭᠠᠨ ᠤ ᠲᠥᠯᠥᠪᠯᠡᠭᠡ》ᠪᠣᠯᠣᠨ《ᠬᠤᠷᠢᠨ ᠤᠯᠤᠰ ᠤᠨ ᠪᠦᠯᠦᠭᠯᠡᠯ ᠤᠨ ᠠᠹᠷᠢᠺᠠ ᠲᠢᠪ ᠪᠣᠯᠣᠨ ᠬᠠᠮᠤᠭ ᠤᠨ ᠬᠥᠭᠵᠢᠭᠡᠳᠦᠢ ᠤᠯᠤᠰ ᠤᠨ ᠠᠵᠤ ᠦᠢᠯᠡᠳᠪᠦᠷᠢᠵᠢᠯᠲᠡ ᠶᠢ ᠳᠡᠮᠵᠢᠬᠦ ᠰᠠᠨᠠᠭᠠᠴᠢᠯᠠᠭ᠎ᠠ》 ᠶᠢ ᠨᠡᠶᠢᠲᠡᠯᠡᠪᠡ᠃ ᠡᠨᠡ ᠤᠳᠠᠭ᠎ᠠ ᠶᠢᠨ ᠷᠢᠦ᠋ ᠳ᠋ᠢ ᠿᠧᠨ᠋ᠸᠶᠢᠷᠦ᠋ ᠶᠢᠨ ᠲᠦᠷᠦᠭᠦᠴᠦᠳ ᠤᠨ ᠬᠤᠷᠠᠯ ᠳᠤ《ᠲᠥᠪ ᠭᠤᠣᠯᠴᠢ ᠳᠡᠯᠡᠬᠡᠢ ᠶᠢᠷᠲᠢᠨᠴᠦ ᠪᠣᠯᠣᠨ ᠦᠷᠭᠦᠯᠵᠢᠯᠡᠬᠦᠶᠢᠴᠡ ᠪᠥᠮᠪᠥᠷᠴᠡᠭ ᠢ ᠪᠠᠶᠢᠭᠤᠯᠤᠶ᠎ᠠ》ᠭᠡᠬᠦ ᠭᠤᠣᠯ ᠰᠡᠳᠦᠪ ᠢ ᠲᠣᠭᠲᠠᠭᠠᠵᠤ᠂《ᠥᠯᠥᠰᠬᠦᠯᠡᠩ ᠭᠠᠴᠢᠭ ᠬᠢᠭᠡᠳ ᠶᠠᠳᠠᠭᠤ ᠬᠦᠴᠢᠷᠳᠡᠯ ᠢ ᠠᠷᠢᠯᠭᠠᠬᠤ》 ᠶᠢ ᠲᠡᠷᠢᠭᠦᠨ ᠵᠥᠪᠯᠡᠬᠦ ᠰᠡᠳᠦᠪ ᠪᠤᠯᠭᠠᠬᠰᠠᠨ ᠪᠥᠭᠡᠳ 《ᠥᠯᠥᠰᠬᠦᠯᠡᠩ ᠭᠠᠴᠢᠭ ᠬᠢᠭᠡᠳ ᠶᠠᠳᠠᠭᠤ ᠬᠦᠴᠢᠷᠳᠡᠯ ᠲᠠᠢ ᠲᠡᠮᠡᠴᠡᠬᠦ ᠪᠦᠭᠦ ᠪᠥᠮᠪᠥᠷᠴᠡᠭ ᠤᠨ ᠬᠤᠯᠪᠤᠭ᠎ᠠ》 ᠶᠢ ᠪᠠᠶᠢᠭᠤᠯᠬᠤ ᠪᠠᠷ ᠲᠣᠭᠲᠠᠪᠠ᠃ ᠬᠠᠩᠵᠧᠦ ᠠᠴᠠ ᠷᠢᠦ᠋ ᠳ᠋ᠢ ᠿᠧᠨ᠋ᠸᠶᠢᠷᠦ᠋ ᠭᠦᠷᠲᠡᠯ᠎ᠡ᠂ ᠪᠢᠳᠡ ᠴᠥᠮ ᠠᠳᠠᠯᠢᠬᠠᠨ ᠨᠢᠭᠡ ᠬᠠᠷᠠᠯᠲᠠ ᠥᠭᠡᠳᠡ ᠴᠢᠷᠮᠠᠶᠢᠵᠤ ᠪᠠᠶᠢᠨ᠎ᠠ᠂ ᠳᠠᠷᠤᠢ ᠬᠠᠮᠲᠤ ᠪᠠᠷ ᠬᠥᠭᠵᠢᠭᠰᠡᠨ ᠲᠥᠪ ᠭᠤᠣᠯᠴᠢ ᠳᠡᠯᠡᠬᠡᠢ ᠶᠢᠷᠲᠢᠨᠴᠦ ᠶᠢ ᠪᠠᠶᠢᠭᠤᠯᠤᠨ᠎ᠠ᠃
ᠡᠶᠢᠮᠦᠷᠬᠦᠦ ᠳᠡᠯᠡᠬᠡᠢ ᠶᠢᠷᠲᠢᠨᠴᠦ ᠶᠢ ᠪᠠᠶᠢᠭᠤᠯᠬᠤ ᠶᠢᠨ ᠲᠥᠯᠥᠭᠡ᠂ ᠪᠢᠳᠡ ᠠᠷᠠᠯᠵᠢᠶᠠᠨ ᠤ ᠪᠡᠯᠡ ᠣᠷᠣᠭᠤᠯᠤᠯᠲᠠ᠂ ᠬᠥᠭᠵᠢᠯᠲᠡ ᠶᠢᠨ ᠬᠠᠮᠲᠤᠷᠠᠯᠴᠠᠭ᠎ᠠ ᠵᠡᠷᠭᠡ ᠬᠦᠷᠢᠶᠡᠨ ᠳᠠᠬᠢ ᠡᠬᠢ ᠪᠠᠶᠠᠯᠢᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠬᠥᠭᠵᠢᠯᠲᠡ ᠶᠢᠨ ᠪᠠᠶᠢᠭᠤᠯᠤᠮᠵᠢ ᠪᠠᠨ ᠬᠦᠴᠦᠷᠬᠡᠭᠵᠢᠭᠦᠯᠵᠦ᠂ ᠬᠠᠮᠲᠤᠷᠠᠯᠴᠠᠭᠠᠨ ᠤ ᠬᠥᠭᠦᠷᠭᠡ ᠶᠢ ᠢᠯᠡᠭᠦᠬᠡᠨ ᠲᠠᠯᠪᠢᠵᠤ᠂ 《ᠵᠢᠵᠢᠭ ᠬᠦᠷᠢᠶ᠎ᠡ ᠥᠨᠳᠥᠷ ᠬᠡᠷᠡᠮ》 ᠢ ᠴᠥᠭᠡᠳᠬᠡᠵᠦ᠂ ᠨᠡᠩ ᠤᠯᠠᠨ ᠬᠥᠭᠵᠢᠵᠦ ᠪᠠᠶᠢᠭ᠎ᠠ ᠤᠯᠤᠰ ᠤᠳ ᠢ ᠰᠠᠶᠢᠨ ᠰᠠᠶᠢᠬᠠᠨ ᠠᠮᠢᠳᠤᠷᠠᠭᠤᠯᠵᠤ᠂ ᠣᠳᠣᠬᠢᠴᠢᠯᠠᠯᠲᠠ ᠶᠢ ᠪᠡᠶᠡᠯᠡᠭᠦᠯᠦᠶ᠎ᠡ᠃
ᠡᠶᠢᠮᠦᠷᠬᠦᠦ ᠳᠡᠯᠡᠬᠡᠢ ᠶᠢᠷᠲᠢᠨᠴᠦ ᠶᠢ ᠪᠠᠶᠢᠭᠤᠯᠬᠤ ᠶᠢᠨ ᠲᠥᠯᠥᠭᠡ᠂ ᠪᠢᠳᠡ ᠬᠥᠭᠵᠢᠵᠦ ᠪᠠᠶᠢᠭ᠎ᠠ ᠤᠯᠤᠰ ᠤᠳ ᠤᠨ ᠬᠢᠨ ᠤ ᠦᠷᠭᠦᠯᠵᠢᠯᠡᠬᠦ ᠦᠢᠯᠡᠳᠪᠦᠷᠢᠯᠡᠯ ᠪᠠ ᠠᠮᠢᠳᠤᠷᠠᠯ ᠤᠨ ᠠᠷᠭ᠎ᠠ ᠮᠠᠶ᠋ᠢᠭ ᠠᠪᠬᠤ ᠶᠢ ᠲᠡᠮᠵᠢᠵᠤ᠂ ᠠᠭᠤᠷ ᠠᠮᠢᠰᠬᠤᠯ ᠤᠨ ᠬᠤᠪᠢᠷᠠᠯᠲᠠ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠠᠷᠢᠯᠬᠤ᠂ ᠣᠷᠴᠢᠨ ᠲᠣᠭᠤᠷᠢᠨ ᠤ ᠪᠣᠬᠢᠷᠳᠤᠯ ᠵᠡᠷᠭᠡ ᠰᠢᠯᠭᠠᠯᠲᠠ ᠶᠢ ᠲᠣᠬᠢᠲᠠᠢ ᠠᠷᠭᠠᠴᠠᠵᠤ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠵᠤ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠪᠡᠶᠡᠯᠡᠭᠦᠯᠦᠶ᠎ᠡ᠃
ᠡᠶᠢᠮᠦᠷᠬᠦᠦ ᠳᠡᠯᠡᠬᠡᠢ ᠶᠢᠷᠲᠢᠨᠴᠦ ᠶᠢ ᠪᠠᠶᠢᠭᠤᠯᠬᠤ ᠶᠢᠨ ᠲᠥᠯᠥᠭᠡ᠂ ᠪᠢᠳᠡ ᠨᠡᠭᠡᠭᠡᠯᠲᠡᠲᠡᠢ᠂ ᠪᠠᠭᠲᠠᠭᠠᠮᠵᠢᠲᠠᠢ᠂ ᠭᠠᠳᠠᠭᠤᠷᠴᠢᠯᠠᠯ ᠦᠭᠡᠢ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠴᠢᠨ ᠨᠥᠬᠦᠴᠡᠯ ᠢ ᠪᠤᠢ ᠪᠤᠯᠭᠠᠵᠤ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ ᠂ ᠰᠢᠨ᠎ᠡ ᠡᠵᠡᠩᠨᠡᠯᠲᠡ ᠶᠢᠨ ᠭᠡᠯᠪᠡᠷᠢ ᠪᠠᠷ ᠦᠷᠭᠦᠯᠵᠢᠯᠡᠬᠦ ᠬᠥᠭᠵᠢᠯᠲᠡ ᠳᠤ ᠬᠦᠴᠦᠨ ᠣᠯᠭᠤᠵᠤ᠂ ᠬᠥᠭᠵᠢᠵᠦ ᠪᠠᠶᠢᠭ᠎ᠠ ᠤᠯᠤᠰ ᠤᠳ ᠤᠨ ᠲᠣᠭᠠᠴᠢᠯᠠᠭᠰᠠᠨ᠂ ᠣᠶᠤᠨᠴᠢᠯᠠᠭᠰᠠᠨ᠂ ᠪᠣᠬᠢᠷᠳᠤᠯ ᠦᠭᠡᠢ ᠬᠥᠭᠵᠢᠯᠲᠡ ᠶᠢᠨ ᠤᠷᠤᠰᠬᠠᠯ ᠳᠤ ᠨᠡᠩ ᠰᠠᠶᠢᠲᠤᠷ ᠠᠭᠤᠰᠤᠯᠴᠠᠬᠤ ᠶᠢ ᠳᠡᠮᠵᠢᠵᠦ᠂ ᠬᠥᠭᠵᠢᠵᠦ ᠪᠠᠶᠢᠭ᠎ᠠ ᠤᠯᠤᠰ ᠪᠣᠯᠣᠨ ᠬᠥᠭᠵᠢᠭᠰᠡᠨ ᠤᠯᠤᠰ ᠤᠨ ᠵᠥᠷᠢᠶ᠎ᠡ ᠶᠢ ᠪᠠᠭᠠᠰᠬᠠᠶ᠎ᠠ᠃
ᠡᠶᠢᠮᠦᠷᠬᠦᠦ ᠳᠡᠯᠡᠬᠡᠢ ᠶᠢᠷᠲᠢᠨᠴᠦ ᠶᠢ ᠪᠠᠶᠢᠭᠤᠯᠬᠤ ᠶᠢᠨ ᠲᠥᠯᠥᠭᠡ᠂ ᠪᠢᠳᠡ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠲᠣᠭᠲᠠᠯᠴᠠᠭ᠎ᠠ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠶ᠎ᠠ᠃
ᠬᠠᠮᠲᠤ ᠠᠵᠢᠯᠯᠠᠭᠰᠠᠳ ᠠ᠋ ︕
ᠳᠤᠮᠳᠠᠳᠤ ᠤᠯᠤᠰ ᠤᠨ ᠬᠥᠭᠵᠢᠯᠲᠡ ᠪᠣᠯ ᠪᠦᠭᠦ ᠪᠥᠮᠪᠥᠷᠴᠡᠭ ᠤᠨ ᠬᠠᠮᠲᠤ ᠶᠢᠨ ᠬᠥᠭᠵᠢᠯᠲᠡ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ ᠳᠤᠮᠳᠠᠳᠤ ᠤᠯᠤᠰ ᠨᠢᠭᠡᠨᠲᠡ 8 ᠳ᠋ᠦᠩᠰᠢᠭᠤᠷ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠭᠦᠨ ᠢ ᠶᠠᠳᠠᠭᠤ ᠠᠴᠠ ᠠᠩᠭᠢᠵᠢᠷᠠᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠷᠠᠯᠲᠠ ᠶᠢ ᠤᠷᠢᠳᠴᠢᠯᠠᠨ ᠪᠡᠶᠡᠯᠡᠭᠦᠯᠪᠡ᠃
ᠡᠳᠡᠭᠡᠷ ᠠᠮᠵᠢᠯᠲᠠ ᠪᠦᠲᠦᠮᠵᠢ ᠨᠢ ᠲᠡᠭᠷᠢ ᠠᠴᠠ ᠤᠨᠠᠵᠤ ᠢᠷᠡᠭᠰᠡᠨ ᠪᠢᠰᠢ᠂ ᠬᠠᠷᠢᠨ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠷᠭᠠᠭᠤ ᠬᠠᠲᠠᠭᠤᠵᠢᠯᠲᠠᠢ ᠲᠡᠮᠡᠴᠡᠵᠦ ᠣᠯᠣᠭᠰᠠᠨ ᠶᠤᠮ᠃ ᠳᠤᠮᠳᠠᠳᠤ ᠤᠯᠤᠰ ᠢᠮᠠᠭᠲᠠ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂《ᠶᠠᠳᠠᠭᠤ ᠬᠦᠴᠢᠷᠳᠡᠯᠲᠡᠢ ᠭᠠᠵᠠᠷ ᠣᠷᠣᠨ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠨᠢᠭᠡ ᠶᠢ ᠴᠦ ᠣᠷᠬᠢᠭᠳᠠᠭᠤᠯᠬᠤ ᠦᠭᠡᠢ》ᠭᠡᠵᠦ ᠲᠥᠪ ᠴᠢᠩᠭ᠎ᠠ ᠪᠠᠷ ᠠᠮᠠᠯᠳᠠᠪᠠ᠃ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠲᠣᠰᠬᠤᠨ᠂ ᠡᠷᠦᠭᠡ᠂ ᠬᠥᠮᠥᠨ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠡᠶᠡᠯᠡᠭᠦᠯᠪᠡ᠃ ᠠᠵᠤ ᠠᠬᠤᠢ ᠶᠢᠨ ᠬᠥᠭᠵᠢᠯᠲᠡ ᠶᠢᠨ ᠳᠤᠮᠳᠠ ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠴᠢᠳᠠᠪᠤᠷᠢᠲᠠᠨ᠂ ᠪᠡᠯᠡ ᠮᠥᠩᠭᠦ᠂ ᠮᠡᠷᠭᠡᠵᠢᠯ ᠢ ᠶᠠᠳᠠᠭᠤ ᠬᠦᠴᠢᠷᠳᠡᠯᠲᠡᠢ ᠭᠠᠵᠠᠷ ᠣᠷᠣᠨ ᠲᠡᠶᠢᠰᠢ ᠰᠢᠯᠵᠢᠭᠦᠯᠬᠦ ᠶᠢ ᠢᠳᠡᠪᠬᠢᠲᠡᠢ ᠬᠥᠲᠥᠯᠥᠨ ᠵᠢᠯᠣᠭᠤᠳᠪᠠ᠃ ᠲᠤᠬᠠᠢ ᠶᠢᠨ ᠭᠠᠵᠠᠷ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠ ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠶᠠᠳᠠᠭᠤ ᠬᠦᠴᠢᠷᠳᠡᠯᠲᠡᠢ ᠭᠠᠵᠠᠷ ᠣᠷᠣᠨ ᠢ ᠬᠠᠪᠰᠤᠷᠤᠨ ᠰᠠᠭᠤᠷᠢ ᠪᠡᠯᠡᠳᠭᠡᠮᠵᠢ ᠶᠢ ᠨᠢ ᠰᠠᠶᠢᠵᠢᠷᠠᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ《ᠴᠢᠰᠤ ᠪᠦᠲᠦᠭᠡᠬᠦ》ᠴᠢᠳᠠᠮᠵᠢ ᠲᠠᠢ ᠠᠵᠤ ᠦᠢᠯᠡᠰ ᠢ ᠬᠥᠭᠵᠢᠭᠦᠯᠪᠡ᠃ ᠬᠠᠮᠲᠤ ᠪᠠᠷ ᠪᠠᠶᠠᠵᠢᠬᠤ ᠶᠢ ᠠᠬᠢᠭᠤᠯᠬᠤ ᠳᠤᠮᠳᠠ ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠬᠥᠭᠵᠢᠭᠰᠡᠨ ᠭᠠᠵᠠᠷ ᠣᠷᠣᠨ ᠬᠢᠭᠡᠳ ᠬᠠᠷᠠᠬᠠᠨ ᠬᠥᠭᠵᠢᠭᠡᠳᠦᠢ ᠭᠠᠵᠠᠷ ᠣᠷᠣᠨ ᠤ ᠬᠤᠭᠤᠷᠣᠨᠳᠤ ᠪᠠᠨ《ᠬᠠᠪᠰᠤᠷᠤᠯᠴᠠᠭ᠎ᠠ ᠪᠠᠶᠢᠭᠤᠯᠵᠤ》ᠬᠠᠪᠰᠤᠷᠤᠯᠴᠠᠬᠤ ᠶᠢ ᠠᠬᠢᠭᠤᠯᠪᠠ᠃ ᠪᠢ ᠤᠷᠢᠳ ᠬᠤᠵᠢᠳ ᠳᠤᠮᠳᠠᠳᠤ ᠤᠯᠤᠰ ᠤᠨ ᠭᠠᠴᠠᠭ᠎ᠠ᠂ ᠰᠢᠶᠠᠨ᠂ ᠬᠤᠳᠠ᠂ ᠮᠤᠵᠢ᠂ ᠲᠥᠪ ᠬᠤᠷᠢᠶ᠎ᠠ ᠳᠤ ᠠᠵᠢᠯᠯᠠᠭᠰᠠᠨ ᠶᠤᠮ᠂ ᠶᠠᠳᠠᠭᠤ ᠶᠢ ᠲᠡᠳᠬᠦᠬᠦ ᠪᠣᠯ ᠠᠵᠢᠯ ᠤᠨ ᠨᠢᠭᠡᠨ ᠴᠢᠬᠤᠯᠠ ᠠᠭᠤᠯᠭ᠎ᠠ ᠮᠥᠨ᠂ ᠪᠠᠰᠠ ᠴᠤ ᠮᠢᠨᠤ ᠬᠢᠵᠦ ᠪᠦᠲᠦᠭᠡᠬᠦ ᠪᠠᠷ ᠵᠣᠷᠢᠭ ᠰᠢᠭᠤᠳᠤᠭᠰᠠᠨ ᠨᠢᠭᠡᠨ ᠲᠣᠮᠣ ᠶᠠᠪᠤᠳᠠᠯ ᠮᠥᠨ᠃
ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠰᠠᠨ ᠥᠩᠭᠡᠷᠡᠯᠲᠡ ᠨᠢ ᠲᠤᠰᠤᠯ ᠤᠰᠤ ᠪᠠᠷ ᠴᠢᠯᠠᠭᠤ ᠶᠢ ᠴᠤᠭᠤᠯᠬᠤ᠂ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠬᠤ ᠤᠶᠠᠨ ᠬᠠᠳᠠᠨ ᠴᠢᠨᠠᠷ᠂ ᠪᠠᠲᠤ ᠵᠣᠷᠢᠭ ᠪᠣᠯᠣᠨ ᠲᠡᠮᠡᠴᠡᠯ ᠤᠨ ᠵᠣᠷᠢᠭ ᠰᠠᠨᠠᠭ᠎ᠠ ᠶᠢ ᠪᠠᠷᠢᠮᠲᠠᠯᠠᠪᠠᠯ ᠬᠥᠭᠵᠢᠵᠦ ᠪᠠᠶᠢᠭ᠎ᠠ ᠤᠯᠤᠰ ᠤᠳ ᠴᠦ ᠶᠠᠳᠠᠭᠤ ᠬᠦᠴᠢᠷᠳᠡᠯ ᠤᠨ ᠠᠰᠠᠭᠤᠳᠠᠯ ᠢ ᠰᠢᠢᠳᠪᠦᠷᠢᠯᠡᠵᠦ᠂ ᠪᠤᠶᠢᠳᠤᠨ ᠰᠢᠪᠠᠭᠤ ᠤᠷᠢᠳ ᠢᠶᠠᠷ ᠨᠢᠰᠴᠦ᠂ ᠥᠨᠳᠥᠷ ᠲᠤ ᠨᠢᠰᠴᠦ ᠪᠣᠯᠣᠨ᠎ᠠ ᠭᠡᠳᠡᠭ ᠢ ᠭᠡᠷᠡᠴᠢᠯᠡᠪᠡ᠃ ᠳᠤᠮᠳᠠᠳᠤ ᠤᠯᠤᠰ ᠠᠮᠵᠢᠯᠲᠠ ᠣᠯᠵᠤ ᠪᠣᠯᠤᠭᠰᠠᠨ ᠶᠤᠮ ᠴᠢᠨᠢ᠂ ᠪᠤᠰᠤᠳ ᠬᠥᠭᠵᠢᠵᠦ ᠪᠠᠶᠢᠭ᠎ᠠ ᠤᠯᠤᠰ ᠤᠳ ᠴᠤ ᠠᠮᠵᠢᠯᠲᠠ ᠣᠯᠵᠤ ᠪᠣᠯᠣᠨ᠎ᠠ᠃ ᠡᠨᠡ ᠪᠣᠯ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠣᠭᠰᠠᠨ ᠤ ᠳᠡᠯᠡᠬᠡᠢ ᠳ᠋ᠠᠬᠢᠨ ᠤ ᠠᠴᠢ ᠬᠤᠯᠪᠣᠭᠳᠠᠯ ᠪᠣᠯᠣᠨ᠎ᠠ᠃
ᠬᠠᠮᠲᠤ ᠠᠵᠢᠯᠯᠠᠭᠰᠠᠳ ᠠ᠋ ︕
ᠳᠤᠮᠳᠠᠳᠤ ᠤᠯᠤᠰ ᠪᠣᠯ ᠢᠮᠠᠭᠲᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠨᠢᠭᠡ ᠪᠦᠷᠢᠯᠳᠦᠭᠦᠨ ᠮᠥᠨ᠂ ᠬᠥᠭᠵᠢᠵᠦ ᠪᠠᠶᠢᠭ᠎ᠠ ᠤᠯᠤᠰ ᠤᠳ ᠤᠨ ᠨᠠᠶᠢᠳᠠᠪᠤᠷᠢᠲᠠᠢ ᠤᠷᠳᠤ ᠬᠤᠭᠤᠴᠠᠭᠠᠨ ᠤ ᠬᠠᠮᠲᠤᠷᠠᠯᠴᠠᠭᠠᠨ ᠤ ᠬᠠᠨᠢᠲᠠᠨ ᠮᠥᠨ᠂ ᠪᠠᠰᠠ ᠴᠤ ᠪᠦᠭᠦ ᠪᠥᠮᠪᠥᠷᠴᠡᠭ ᠤᠨ ᠬᠥᠭᠵᠢᠯᠲᠡ ᠶᠢᠨ ᠦᠢᠯᠡᠰ ᠢ ᠳᠡᠮᠵᠢᠬᠦ ᠦᠢᠯᠡᠳᠦᠯᠭᠡᠵᠢᠭᠦᠯᠦᠭᠴᠢ ᠪᠠ ᠪᠣᠳᠠᠲᠠᠢ ᠠᠵᠢᠯᠯᠠᠭᠴᠢ ᠮᠥᠨ᠃ ᠳᠤᠮᠳᠠᠳᠤ ᠤᠯᠤᠰ ᠭᠠᠭᠴᠠ ᠴᠡᠴᠡᠭ ᠪᠠᠳᠠᠷᠠᠨ ᠳᠡᠯᠭᠡᠷᠡᠬᠦ ᠶᠢ ᠬᠥᠭᠡᠭᠡᠴᠡᠯᠳᠦᠬᠦ ᠦᠭᠡᠢ ᠬᠠᠷᠢᠨ ᠴᠡᠴᠡᠭ ᠪᠦᠭᠦᠨ ᠵᠡᠷᠭᠡ ᠪᠠᠷ ᠳᠡᠯᠭᠡᠷᠡᠵᠦ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠠᠢ ᠭᠠᠷ ᠬᠤᠯᠪᠣᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠠᠳᠡ ᠪᠢ ᠳᠤᠷᠠᠲᠠᠶ᠎ᠠ ᠳᠤᠮᠳᠠᠳᠤ ᠤᠯᠤᠰ ᠤᠨ ᠪᠦᠭᠦ ᠪᠥᠮᠪᠥᠷᠴᠡᠭ ᠤᠨ ᠬᠥᠭᠵᠢᠯᠲᠡ ᠶᠢ ᠳᠡᠮᠵᠢᠬᠦ ᠨᠠᠢᠮᠠᠨ ᠵᠦᠢᠯ ᠤᠨ ᠠᠵᠢᠯᠯᠠᠭ᠎ᠠ ᠶᠢ ᠨᠡᠶᠢᠲᠡᠯᠡᠶ᠎ᠡ᠃
ᠨᠢᠭᠡᠳᠦᠭᠡᠷ ᠲᠤ᠂《ᠨᠢᠭᠡ ᠪᠦᠰᠡ ᠨᠢᠭᠡ ᠵᠠᠮ》 ᠢ ᠭᠠᠷ ᠬᠤᠯᠪᠣᠯᠴᠠᠨ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠤᠨ᠎ᠠ᠃ 7000 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠪᠡᠯᠡ ᠬᠤᠷᠠᠮᠳᠤᠭᠤᠯᠬᠤ ᠴᠣᠩᠬᠤᠪᠴᠢ ᠶᠢ ᠰᠢᠨ᠎ᠡ ᠪᠠᠷ ᠪᠠᠶᠢᠭᠤᠯᠵᠤ᠂ ᠲᠣᠷᠭᠠᠨ ᠵᠠᠮ ᠤᠨ ᠰᠠᠭᠤᠷᠢ ᠮᠥᠩᠭᠦ ᠳᠤ 800 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠪᠡᠯᠡ ᠮᠥᠩᠭᠦ ᠶᠢ ᠰᠢᠨ᠎ᠡ ᠪᠠᠷ ᠨᠡᠮᠡᠭᠳᠡᠭᠦᠯᠦᠭᠰᠡᠨ ᠰᠠᠭᠤᠷᠢᠨ ᠳᠡᠭᠡᠷ᠎ᠡ᠂ ᠪᠣᠰᠤᠭ᠎ᠠ ᠴᠣᠭᠴᠠᠲᠤ ᠬᠤᠯᠪᠣᠯᠳᠤᠨ ᠨᠡᠪᠲᠡᠷᠡᠯᠴᠡᠬᠦ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ ᠪᠠᠶᠢᠭᠤᠯᠵᠤ᠂ ᠪᠣᠬᠢᠷᠳᠤᠯ ᠦᠭᠡᠢ ᠲᠣᠷᠭᠠᠨ ᠵᠠᠮ ᠢᠶᠠᠷ ᠬᠥᠲᠥᠯᠥᠨ ᠳᠠᠭᠠᠭᠤᠯᠵᠤ᠂ ᠲᠣᠭᠠᠴᠢᠯᠠᠭᠰᠠᠨ ᠲᠣᠷᠭᠠᠨ ᠵᠠᠮ ᠳᠤ ᠬᠦᠴᠦᠨ ᠣᠯᠭᠤᠨ᠎ᠠ᠃
ᠬᠤᠶᠠᠳᠤᠭᠠᠷ ᠲᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠤᠨ᠎ᠠ᠃ ᠨᠢᠭᠡᠨᠲᠡ 1100 ᠭᠠᠷᠤᠢ ᠬᠥᠭᠵᠢᠯᠲᠡ ᠶᠢᠨ ᠲᠥᠷᠥᠯ ᠵᠦᠢᠯ ᠢ ᠥᠷᠨᠢᠭᠦᠯᠦᠭᠰᠡᠨ ᠰᠠᠭᠤᠷᠢᠨ ᠳᠡᠭᠡᠷ᠎ᠡ᠂《ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ》 ᠤᠨ ᠰᠤᠳᠤᠯᠭᠠᠨ ᠤ ᠲᠥᠪ ᠢ ᠰᠠᠶᠢᠲᠤᠷ ᠪᠦᠲᠦᠭᠡᠨ ᠪᠠᠶᠢᠭᠤᠯᠵᠤ᠂ 200 ᠳ᠋ᠦᠩᠰᠢᠭᠤᠷ ᠳ᠋ᠣᠯᠯᠠᠷ ᠤᠨ ᠪᠡᠯᠡ ᠮᠥᠩᠭᠦ ᠶᠢᠨ ᠴᠣᠩᠬᠤᠪᠴᠢ ᠶᠢ ᠦᠷᠭᠦᠯᠵᠢᠯᠡᠨ ᠰᠠᠶᠢᠲᠤᠷ ᠬᠡᠷᠡᠭᠯᠡᠨ ᠬᠥᠭᠵᠢᠵᠦ ᠪᠠᠶᠢᠭ᠎ᠠ ᠤᠯᠤᠰ ᠤᠳ ᠢ ᠳᠡᠮᠵᠢᠵᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠠᠮᠤ ᠪᠤᠳᠠᠭᠠᠨ ᠤ ᠠᠮᠤᠷ ᠲᠦᠪᠰᠢᠨ᠂ ᠲᠣᠭᠠᠴᠢᠯᠠᠭᠰᠠᠨ ᠠᠵᠤ ᠠᠬᠤᠢ ᠵᠡᠷᠭᠡ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃
ᠭᠤᠷᠪᠠᠳᠤᠭᠠᠷ ᠲᠤ᠂ ᠠᠹᠷᠢᠺᠠ ᠲᠢᠪ ᠤᠨ ᠬᠥᠭᠵᠢᠯᠲᠡ ᠶᠢ ᠲᠡᠮᠵᠢᠨ᠎ᠠ᠃ ᠡᠨᠡ ᠵᠢᠯ ᠤᠨ 9 ᠰᠠᠷ᠎ᠠ ᠳᠤ᠂ ᠪᠢ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠳᠡᠭᠡᠷ᠎ᠡ ᠢᠷᠡᠬᠦ 3 ᠵᠢᠯ ᠳᠤ ᠠᠹᠷᠢᠺᠠ ᠲᠢᠪ ᠯᠦᠭᠡ ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠬᠤ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠨᠡᠶᠢᠲᠡᠯᠡᠭᠰᠡᠨ ᠪᠥᠭᠡᠳ ᠡᠭᠦᠨ ᠳᠤ 3600 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰᠤᠨ ᠤ ᠪᠡᠯᠡ ᠮᠥᠩᠭᠦᠨ ᠤ ᠳᠡᠮᠵᠢᠯᠭᠡ ᠬᠠᠩᠭᠠᠪᠠ᠃
ᠳᠥᠷᠪᠡᠳᠦᠭᠡᠷ ᠲᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠤᠯᠠᠨ ᠤᠯᠤᠰ ᠤᠨ ᠬᠠᠮᠲᠤᠷᠠᠯᠴᠠᠭ᠎ᠠ ᠶᠢ ᠲᠡᠮᠵᠢᠨ᠎ᠡ᠃ ᠳᠤᠮᠳᠠᠳᠤ ᠶᠢᠨ ᠲᠠᠯ᠎ᠠ 《ᠥᠯᠥᠰᠬᠦᠯᠡᠩ ᠭᠠᠴᠢᠭ ᠬᠢᠭᠡᠳ ᠶᠠᠳᠠᠭᠤ ᠬᠦᠴᠢᠷᠳᠡᠯ ᠲᠠᠢ ᠲᠡᠮᠡᠴᠡᠬᠦ ᠪᠦᠭᠦ ᠪᠥᠮᠪᠥᠷᠴᠡᠭ ᠤᠨ ᠬᠤᠯᠪᠤᠭ᠎ᠠ》 ᠳᠤ ᠣᠷᠤᠯᠴᠠᠬᠤ ᠪᠠᠷ ᠲᠣᠭᠲᠠᠵᠤ᠂ ᠬᠤᠷᠢᠨ ᠤᠯᠤᠰ ᠤᠨ ᠪᠦᠯᠦᠭᠯᠡᠯ ᠤᠨ ᠬᠥᠭᠵᠢᠯᠲᠡ ᠶᠢᠨ ᠰᠠᠶᠢᠳ ᠨᠠᠷ ᠤᠨ ᠬᠤᠷᠠᠯ ᠢ ᠦᠷᠭᠦᠯᠵᠢᠯᠡᠨ ᠡᠷᠭᠢᠯᠡᠭᠦ ᠶᠢ ᠳᠡᠮᠵᠢᠬᠦ ᠶᠢᠨ ᠬᠠᠮᠲᠤ ᠤᠯᠠᠨ ᠤᠯᠤᠰ ᠤᠨ ᠠᠮᠤ ᠪᠤᠳᠠᠭᠠᠨ ᠤ ᠬᠤᠷᠣᠭᠳᠠᠭᠤᠯᠤᠯ ᠢ ᠪᠠᠭᠠᠰᠬᠠᠬᠤ ᠶᠡᠭᠡ ᠬᠤᠷᠠᠯ ᠢ ᠦᠷᠭᠦᠯᠵᠢᠯᠡᠨ ᠭᠤᠣᠯᠯᠠᠨ ᠡᠷᠭᠢᠯᠡᠨ᠎ᠠ᠃
ᠲᠠᠪᠤᠳᠤᠭᠠᠷ ᠲᠤ᠂ ᠳᠤᠮᠳᠠᠳᠤ ᠤᠯᠤᠰ ᠪᠷᠠᠽᠢᠯ᠂ ᠡᠮᠦᠨᠡᠲᠦ ᠠᠹᠷᠢᠺᠠ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠲᠠᠢ ᠬᠠᠮᠲᠤ ᠪᠠᠷ《ᠨᠡᠭᠡᠭᠡᠯᠲᠡᠲᠡᠢ ᠰᠢᠨᠵᠢᠯᠡᠬᠦ ᠤᠬᠠᠭᠠᠨ ᠤ ᠤᠯᠠᠨ ᠤᠯᠤᠰ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ》 ᠶᠢ ᠡᠭᠦᠰᠬᠡᠨ ᠳᠤᠷᠠᠳᠴᠤ᠂ ᠪᠦᠭᠦ ᠪᠥᠮᠪᠥᠷᠴᠡᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠤ ᠨᠡᠩ ᠤᠯᠠᠨ ᠠᠰᠢᠭ ᠬᠦᠷᠲᠡᠭᠡᠬᠦ ᠶᠢ ᠠᠬᠢᠭᠤᠯᠤᠨ᠎ᠠ᠃
ᠵᠢᠷᠭᠤᠳᠤᠭᠠᠷ ᠲᠤ᠂ ᠬᠤᠷᠢᠨ ᠤᠯᠤᠰ ᠤᠨ ᠪᠦᠯᠦᠭᠯᠡᠯ ᠤᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠤ ᠪᠤᠶᠠᠨ ᠦᠢᠯᠡᠳᠬᠦ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ ᠶᠢ ᠲᠡᠮᠵᠢᠵᠤ᠂ 《ᠬᠥᠭᠵᠢᠵᠦ ᠪᠠᠶᠢᠭ᠎ᠠ ᠤᠯᠤᠰ ᠤᠳ ᠲᠤ ᠴᠡᠪᠡᠷ ᠡᠨᠧᠷᠭᠢ ᠶᠢᠨ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠵᠠᠮ ᠱᠤᠭᠤᠮ ᠤᠨ ᠵᠢᠷᠤᠭ》《ᠠᠮᠢᠳᠤ ᠪᠣᠳᠠᠰ ᠤᠨ ᠠᠵᠤ ᠠᠬᠤᠢ ᠶᠢᠨ ᠳᠡᠭᠡᠳᠦ ᠲᠡᠰ ᠤᠨ ᠵᠠᠷᠴᠢᠮ》ᠵᠡᠷᠭᠡ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠪᠡᠭᠡᠵᠢᠩ ᠳᠤ ᠪᠠᠶᠢᠭᠤᠯᠤᠭᠰᠠᠨ ᠬᠤᠷᠢᠨ ᠤᠯᠤᠰ ᠤᠨ ᠪᠦᠯᠦᠭᠯᠡᠯ ᠤᠨ ᠦᠢᠯᠡᠰ ᠪᠣᠰᠬᠠᠬᠤ ᠰᠤᠳᠤᠯᠭᠠᠨ ᠤ ᠲᠥᠪ ᠤᠨ ᠠᠵᠢᠯ ᠢ ᠲᠡᠮᠵᠢᠵᠤ᠂ ᠡᠯ᠎ᠡ ᠲᠠᠯ᠎ᠠ ᠶᠢᠨ ᠬᠢᠨ ᠤ ᠲᠣᠭᠠᠴᠢᠯᠠᠭᠰᠠᠨ ᠰᠤᠷᠭᠠᠨ ᠬᠥᠮᠦᠵᠢᠯ᠂ ᠮᠦᠽᠧᠢ ᠶᠢᠨ ᠲᠣᠭᠠᠴᠢᠯᠠᠯᠲᠠ᠂ ᠡᠷᠲᠡᠨ ᠤ ᠨᠣᠮ ᠪᠢᠴᠢᠭ ᠤᠨ ᠲᠣᠭᠠᠴᠢᠯᠠᠯᠲᠠ ᠵᠡᠷᠭᠡ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠬᠦ ᠶᠢ ᠲᠡᠮᠵᠢᠨ᠎ᠠ᠃
ᠳᠣᠯᠣᠳᠤᠭᠠᠷ ᠲᠤ᠂ ᠬᠤᠷᠢᠨ ᠤᠯᠤᠰ ᠤᠨ ᠪᠦᠯᠦᠭᠯᠡᠯ ᠤᠨ《ᠢᠯᠵᠠᠷᠠᠯ ᠢ ᠡᠰᠡᠷᠭᠦᠴᠡᠬᠦ ᠠᠵᠢᠯᠯᠠᠭᠠᠨ ᠤ ᠲᠥᠯᠥᠪᠯᠡᠭᠡ》 ᠶᠢ ᠨᠠᠶᠢᠳᠠᠪᠤᠷᠢᠵᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠯᠤᠭ᠎ᠠ ᠭᠠᠳᠠᠭᠠᠳᠤ ᠳᠤ ᠳᠤᠲᠠᠭᠠᠭᠰᠠᠨ ᠣᠷᠭᠤᠳᠠᠭᠤᠯ ᠬᠡᠷᠡᠭᠲᠡᠨ ᠢ ᠨᠡᠬᠡᠮᠵᠢᠯᠡᠬᠦ ᠪᠠ ᠪᠤᠵᠠᠷ ᠵᠣᠭᠤᠰ ᠪᠤᠵᠠᠷ ᠡᠳ᠋ ᠢ ᠨᠡᠬᠡᠮᠵᠢᠯᠡᠬᠦ᠂ ᠢᠯᠵᠠᠷᠠᠯ ᠢ ᠳᠠᠯᠳᠠᠯᠠᠬᠤ ᠭᠠᠵᠠᠷ ᠦᠭᠡᠢ ᠪᠤᠯᠭᠠᠬᠤ᠂ ᠢᠯᠵᠠᠷᠠᠯ ᠢ ᠡᠰᠡᠷᠭᠦᠴᠡᠬᠦ ᠴᠢᠳᠠᠪᠤᠷᠢ ᠶᠢᠨ ᠪᠠᠶᠢᠭᠤᠯᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠨ᠎ᠠ᠃
ᠨᠠᠢᠮᠠᠳᠤᠭᠠᠷ ᠲᠤ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠬᠠᠮᠤᠭ ᠤᠨ ᠬᠥᠭᠵᠢᠭᠡᠳᠦᠢ ᠤᠯᠤᠰ ᠲᠤ ᠭᠠᠭᠴᠠ ᠲᠠᠯ᠎ᠠ ᠶᠢᠨ ᠨᠡᠭᠡᠭᠡᠯᠲᠡ ᠬᠢᠬᠦ ᠶᠢ ᠥᠷᠭᠡᠳᠬᠡᠨ᠎ᠡ᠃ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠪᠤᠢ ᠪᠦᠬᠦᠢ ᠬᠠᠮᠤᠭ ᠤᠨ ᠬᠥᠭᠵᠢᠭᠡᠳᠦᠢ ᠤᠯᠤᠰ ᠲᠤ 100% ᠶᠢᠨ ᠭᠠᠶᠢᠯᠢ ᠶᠢᠨ ᠲᠥᠷᠥᠯ ᠤᠨ ᠦᠢᠯᠡᠳᠬᠦᠨ ᠠᠴᠠ ᠪᠣᠭᠤᠮᠲᠠ ᠶᠢᠨ ᠭᠠᠶᠢᠯᠢ ᠬᠤᠷᠢᠶᠠᠬᠤ ᠦᠭᠡᠢ ᠬᠠᠷᠠᠭᠠᠯᠵᠠᠯ ᠦᠵᠡᠭᠦᠯᠦᠨ᠎ᠡ ᠭᠡᠵᠦ ᠨᠢᠭᠡᠨᠲᠡ ᠨᠡᠶᠢᠲᠡᠯᠡᠪᠡ᠃ ᠣᠲᠣ ᠠᠴᠠ 2030 ᠣᠨ ᠪᠤᠯᠲᠠᠯ᠎ᠠ᠂ ᠳᠤᠮᠳᠠᠳᠤ ᠤᠯᠤᠰ ᠤᠨ ᠬᠥᠭᠵᠢᠵᠦ ᠪᠠᠶᠢᠭ᠎ᠠ ᠤᠯᠤᠰ ᠤᠳ ᠠᠴᠠ ᠣᠷᠣᠭᠤᠯᠬᠤ ᠬᠡᠮᠵᠢᠶ᠎ᠡ 8 ᠲᠦᠮᠡᠨ ᠳ᠋ᠦᠩᠰᠢᠭᠤᠷ ᠳ᠋ᠣᠯᠯᠠᠷ ᠢ ᠳᠠᠪᠠᠭ᠋ᠤ ᠪᠣᠯᠣᠮᠵᠢ ᠲᠠᠢ ᠪᠠᠶᠢᠨ᠎ᠠ᠃
ᠬᠠᠮᠲᠤ ᠠᠵᠢᠯᠯᠠᠭᠰᠠᠳ ᠠ᠋ ︕
ᠮᠢᠩᠭᠠᠨ ᠭᠠᠵᠠᠷ ᠤᠨ ᠠᠶᠠᠨ ᠬᠥᠯ ᠳᠣᠣᠷ᠎ᠠ ᠠᠴᠠ ᠡᠬᠢᠯᠡᠨ᠎ᠡ ᠭᠡᠵᠦ ᠳᠤᠮᠳᠠᠳᠤᠴᠤᠳ ᠪᠠᠶᠢᠩᠭᠤ ᠬᠡᠯᠡᠳᠡᠭ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠬᠥᠳᠡᠯᠦᠯᠴᠡᠵᠦ᠂ ᠬᠠᠮᠲᠤ ᠪᠠᠷ ᠬᠥᠭᠵᠢᠭᠰᠡᠨ ᠲᠥᠪ ᠭᠤᠣᠯᠴᠢ ᠳᠡᠯᠡᠬᠡᠢ ᠶᠢᠷᠲᠢᠨᠴᠦ ᠶᠢ ᠪᠠᠶᠢᠭᠤᠯᠵᠤ ᠂ ᠶᠠᠳᠠᠭᠤ ᠬᠦᠴᠢᠷᠳᠡᠯ ᠢ ᠥᠩᠭᠡᠷᠡᠭᠰᠡᠨ ᠤ ᠬᠢ ᠪᠤᠯᠭᠠᠵᠤ᠂ ᠰᠠᠶᠢᠨ ᠰᠠᠶᠢᠬᠠᠨ ᠬᠦᠰᠡᠯ ᠢᠷᠡᠭᠡᠳᠦᠢ ᠶᠢ ᠪᠣᠳᠠᠲᠤ ᠠᠬᠤᠢ ᠪᠣᠯᠭᠠᠨ᠎ᠠ᠃
ᠣᠯᠠᠨ ᠳᠤ ᠪᠠᠶᠠᠷᠯᠠᠯ᠎ᠠ᠃
︵ᠰᠢᠨᠬᠤᠸᠠ ᠬᠤᠷᠢᠶ᠎ᠠ ᠶᠢᠨ ᠷᠢᠦ᠋ ᠳ᠋ᠢ ᠿᠧᠨ᠋ᠸᠶᠢᠷᠦ᠋ ᠶᠢᠨ 11 ᠰᠠᠷ᠎ᠠ ᠶᠢᠨ 18 ᠤ ᠴᠠᠭᠢᠯᠭᠠᠨ ᠮᠡᠳᠡᠭᠡ︶