ᠵᠤᠬᠢᠶᠠᠭᠴᠢ:
ᠴᠠᠭ:2024-11-22
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯᠭᠡ ᠥᠭᠬᠦ ᠵᠥᠪᠯᠡᠯ ᠪᠠᠶᠢᠭᠤᠯᠤᠭᠳᠠᠭᠰᠠᠨ ᠶᠡᠭᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠬᠤᠷᠠᠯᠳᠤᠵᠠᠢ ᠰᠦᠨ ᠱᠤᠤ ᠴᠧᠩ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯᠭᠡ ᠥᠭᠬᠦ ᠵᠥᠪᠯᠡᠯ ᠤᠨ ᠭᠡᠰᠢᠭᠦᠳ ᠲᠤ ᠤᠷᠢᠯᠭ᠎ᠠ ᠶᠢᠨ ᠪᠢᠴᠢᠭ ᠭᠠᠷᠳᠠᠭᠤᠯᠵᠤ ᠶᠠᠷᠢᠶ᠎ᠠ ᠲᠠᠯᠪᠢᠪᠠ ᠸᠠᠩ ᠯᠢ ᠰᠢᠶᠠ ᠬᠤᠷᠠᠯ ᠢ ᠡᠷᠭᠢᠯᠡᠵᠠᠢ
2024 11 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯᠭᠡ ᠥᠭᠬᠦ ᠵᠥᠪᠯᠡᠯ ᠪᠠᠶᠢᠭᠤᠯᠤᠭᠳᠠᠭᠰᠠᠨ ᠶᠡᠭᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠭᠦᠭᠡᠬᠤᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠢᠶ᠎ᠠ ᠶᠢᠨ ᠡᠷᠭᠢᠯᠡᠭᠴᠢ ᠸᠠᠩ ᠯᠢ ᠰᠢᠶᠠ ᠬᠤᠷᠠᠯ ᠢ ᠡᠷᠭᠢᠯᠡᠪᠡ᠃
ᠬᠤᠷᠠᠯ ᠠᠴᠠ《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯᠭᠡ ᠥᠭᠬᠦ ᠵᠥᠪᠯᠡᠯ ᠢ ᠪᠠᠶᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠢᠶ᠎ᠠ ᠶᠢᠨ ᠲᠣᠭᠲᠠᠭᠠᠯ》 ᠢ ᠤᠩᠰᠢᠨ ᠨᠡᠶᠢᠲᠡᠯᠡᠵᠦ᠂ ᠰᠦᠨ ᠱᠤᠤ ᠴᠧᠩ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯᠭᠡ ᠥᠭᠬᠦ ᠵᠥᠪᠯᠡᠯ ᠤᠨ ᠭᠡᠰᠢᠭᠦᠳ ᠲᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠰᠢᠦᠢ ᠨᠠᠨ ᠫᠢᠩ᠂ ᠵᠠᠩ ᠯᠢ ᠴᠢᠶᠦ᠋ᠨ᠂ ᠹᠧᠩ ᠴᠢ᠂ ᠲᠠᠩ ᠭᠤᠸᠠᠩ ᠹᠦ᠋᠂ ᠰᠦᠨ ᠪᠦᠦ ᠭᠦᠸᠧ ᠵᠡᠷᠭᠡ ᠤᠷᠢᠭᠳᠠᠭᠰᠠᠨ ᠭᠡᠰᠢᠭᠦᠨ ᠤ 5 ᠲᠥᠯᠥᠭᠡᠯᠡᠭᠴᠢ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠨᠢᠭᠡ ᠴᠣᠭᠴᠠᠵᠢᠭᠤᠯᠤᠨ ᠬᠥᠭᠵᠢᠭᠦᠯᠬᠦ᠂ ᠣᠷᠣᠨ ᠤ ᠳᠣᠲᠣᠨ᠎ᠠ ᠭᠠᠳᠠᠨᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠡᠪᠡᠰᠦᠨ ᠤ ᠦᠢᠯᠡᠰ ᠤᠨ ᠬᠥᠭᠵᠢᠯᠲᠡ᠂ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠪᠠᠶᠢᠷᠢᠰᠢᠭᠤᠯᠤᠯᠲᠠ ᠵᠡᠷᠭᠡ ᠶᠢᠨ ᠲᠣᠭᠤᠷᠢᠨ ᠳᠤ ᠵᠥᠪᠯᠡᠯᠭᠡ ᠥᠭᠬᠦ ᠰᠠᠨᠠᠯ ᠰᠠᠨᠠᠭᠤᠯᠭ᠎ᠠ ᠳᠤᠷᠠᠳᠴᠠᠢ᠃ ᠳᠡᠳᠡᠨ ᠤ ᠬᠡᠯᠡᠭᠰᠡᠨ ᠢ ᠰᠣᠨᠣᠰᠤᠭᠰᠠᠨ ᠤ ᠳᠠᠷᠠᠭ᠎ᠠ ᠰᠦᠨ ᠱᠤᠤ ᠴᠧᠩ᠂ ᠤᠯᠠᠨ ᠤ ᠰᠠᠨᠠᠯ ᠰᠠᠨᠠᠭᠤᠯᠭ᠎ᠠ ᠲᠤᠶᠢᠯ ᠤᠨ ᠣᠨᠣᠪᠴᠢᠲᠠᠢ᠂ ᠵᠠᠩᠭᠢᠯᠠᠭ᠎ᠠ ᠶᠢ ᠣᠨᠣᠭᠠᠵᠤ ᠬᠡᠯᠡᠭᠰᠡᠨ ᠪᠠᠶᠢᠨ᠎ᠠ᠂ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠢ ᠡᠮᠬᠢᠯᠡᠵᠦ᠂ ᠭᠦᠢᠴᠡᠳ ᠰᠢᠩᠭᠡᠬᠡᠨ ᠠᠪᠴᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤᠮᠳᠠ ᠢᠯᠡᠷᠡᠭᠦᠯᠬᠦ ᠬᠡᠷᠡᠭᠲᠡᠢ ᠭᠡᠵᠡᠢ᠃
ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯᠭᠡ ᠥᠭᠬᠦ ᠵᠥᠪᠯᠡᠯ ᠤᠨ ᠪᠠᠶᠢᠭᠤᠯᠤᠭᠳᠠᠭᠰᠠᠨ ᠨᠢ ᠮᠠᠨ ᠤ ᠣᠷᠣᠨ ᠤ ᠬᠥᠭᠵᠢᠯᠲᠡ ᠶᠢᠨ ᠳᠤᠮᠳᠠᠬᠢ ᠨᠢᠭᠡᠨ ᠲᠣᠮᠣ ᠶᠠᠪᠤᠳᠠᠯ ᠴᠢᠬᠤᠯᠠ ᠶᠠᠪᠤᠳᠠᠯ ᠪᠣᠯᠣᠨ᠎ᠠ ᠭᠡᠪᠡ᠃ ᠲᠡᠷᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠭᠡᠰᠢᠭᠦᠳ ᠲᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠪᠠᠶᠢᠬᠤ ᠵᠢᠴᠢ ᠠᠵᠤ ᠠᠬᠤᠢ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠣᠶᠢᠷ᠎ᠠ ᠶᠢᠨ ᠵᠢᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠶᠢᠨ ᠲᠣᠭᠤᠷᠢᠨ ᠳᠤ ᠠᠯᠢ ᠤᠯᠠᠨ ᠠᠷᠭ᠎ᠠ ᠬᠡᠮᠵᠢᠶ᠎ᠡ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ《ᠪᠦᠰᠡᠯᠡᠯᠲᠡ ᠰᠢᠪᠲᠤᠯᠬᠤ》ᠢᠨᠵᠧᠨᠧᠷᠢᠩ ᠢ ᠬᠡᠷᠡᠭᠵᠢᠭᠦᠯᠵᠦ᠂ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠪᠠ᠃ ᠡᠭᠦᠨ ᠤ ᠬᠠᠮᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠦᠭᠡᠢ ᠪᠠᠶᠢᠬᠤ ᠨᠢ ᠮᠥᠨ ᠬᠦ ᠥᠪᠥᠷ ᠮᠣᠩᠭᠤᠯ ᠤᠨ ᠬᠥᠭᠵᠢᠯᠲᠡ ᠶᠢᠨ ᠲᠣᠪᠣᠶᠢᠮ᠎ᠠ ᠳᠤᠲᠠᠭᠤᠳᠠᠯ ᠪᠣᠯᠣᠨ᠎ᠠ᠂ ᠣᠶᠤᠨ ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠦᠨ ᠡᠨᠡ ᠬᠦ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠴᠢᠬᠤᠯᠠᠲᠠᠢ ᠭᠡᠳᠡᠭ ᠢ ᠪᠢᠳᠡ ᠪᠠᠰᠠ ᠰᠡᠷᠭᠡᠭ ᠢᠶᠠᠷ ᠲᠠᠨᠢᠵᠤ ᠣᠯᠬᠤ ᠬᠡᠷᠡᠭᠲᠡᠢ ᠭᠡᠪᠡ᠃
ᠰᠦᠨ ᠱᠣᠣ ᠴᠧᠩ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯᠭᠡ ᠥᠭᠬᠦ ᠵᠥᠪᠯᠡᠯ ᠳᠤ ᠭᠤᠷᠪᠠᠨ ᠲᠠᠯ᠎ᠠ ᠶᠢᠨ ᠬᠦᠰᠡᠯ ᠳᠤᠷᠠᠳᠪᠠ᠃ ᠨᠢᠭᠡ ᠳᠤ᠂ ᠭᠡᠰᠢᠭᠦᠳ ᠲᠠ ᠨᠠᠷ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠢᠯᠡᠭᠦᠬᠡᠨ ᠮᠡᠷᠭᠡᠨ ᠠᠷᠭ᠎ᠠ ᠰᠠᠶᠢᠨ ᠪᠣᠳᠣᠯᠭ᠎ᠠ ᠭᠠᠷᠭᠠᠨ ᠥᠭᠴᠦ᠂ ᠥᠪᠥᠷ ᠮᠣᠩᠭᠤᠯ ᠢ ᠬᠠᠪᠰᠤᠷᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠴᠢᠭᠯᠡᠯ ᠢ ᠪᠠᠷᠠᠯᠠᠯᠳᠤ ᠴᠢᠨᠠᠷᠲᠠᠢ ᠪᠠᠷ ᠲᠥᠯᠥᠪᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ《ᠪᠦᠰᠡᠯᠡᠯᠲᠡ ᠰᠢᠪᠲᠤᠯᠬᠤ》ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠶᠢ ᠵᠢᠯᠤᠭᠤᠳᠬᠤ ᠶᠢ ᠬᠦᠰᠡᠵᠦ ᠪᠠᠶᠢᠨ᠎ᠠ᠃ ᠬᠤᠶᠠᠷ ᠲᠤ᠂ ᠭᠡᠰᠢᠭᠦᠳ ᠲᠠ ᠨᠠᠷ ᠬᠠᠪᠰᠤᠷᠤᠨ ᠳᠠᠭᠠᠭᠤᠯᠬᠤ ᠪᠠᠷ ᠳᠠᠮᠵᠢᠨ ᠥᠪᠥᠷ ᠮᠣᠩᠭᠤᠯ ᠯᠤᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠪᠠᠨ ᠴᠢᠩᠭᠠᠳᠬᠠᠬᠤ ᠶᠢᠨ ᠬᠠᠮᠲᠤ ᠲᠡᠷᠢᠭᠦᠨ ᠤ ᠲᠤᠷᠰᠢᠯᠭ᠎ᠠ ᠶᠢᠨ ᠣᠶᠢᠯᠠᠭᠠᠭᠳᠠᠬᠤᠨ᠂ ᠲᠣᠭᠲᠠᠴᠠ ᠶᠢᠨ ᠵᠠᠭᠪᠤᠷ ᠢ ᠢᠯᠡᠭᠦᠬᠡᠨ ᠤᠯᠠᠮᠵᠢᠯᠠᠵᠤ᠂ ᠪᠢᠳᠡᠨ ᠢ ᠬᠠᠪᠰᠤᠷᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠬᠠᠮᠢᠶᠠᠷᠤᠯᠲᠠ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ ᠶᠢ ᠬᠦᠰᠡᠵᠦ ᠪᠠᠶᠢᠨ᠎ᠠ᠃ ᠭᠤᠷᠪᠠ ᠳᠤ᠂ ᠭᠡᠰᠢᠭᠦᠳ ᠲᠠ ᠨᠠᠷ ᠬᠠᠷᠠᠭ᠎ᠠ ᠥᠷᠭᠡᠨ᠂ ᠤᠯᠠᠨ ᠲᠠᠯ᠎ᠠ ᠶᠢᠨ ᠬᠠᠷᠢᠯᠴᠠᠭ᠎ᠠ ᠪᠠᠶᠢᠳᠠᠭ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠡᠩ ᠤᠯᠠᠨ ᠳᠡᠭᠡᠳᠦ ᠲᠡᠰ ᠤᠨ ᠴᠢᠳᠠᠪᠤᠷᠢᠲᠠᠨ᠂ ᠰᠤᠳᠤᠯᠤᠨ ᠨᠡᠭᠡᠭᠡᠬᠦ ᠪᠦᠯᠭᠦᠮ ᠴᠣᠭᠴᠠ ᠶᠢ ᠰᠣᠩᠭᠤᠨ ᠲᠠᠨᠢᠯᠴᠠᠭᠤᠯᠵᠤ ᠰᠢᠨ᠎ᠡ ᠶᠢ ᠡᠭᠦᠳᠦᠨ ᠦᠢᠯᠡᠰ ᠪᠣᠰᠬᠠᠵᠤ᠂ ᠨᠡᠩ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠥᠭᠵᠢᠭᠦᠯᠬᠦ ᠶᠢ ᠠᠬᠢᠭᠤᠯᠵᠤ᠂ ᠨᠡᠩ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠵᠤ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠡᠯᠧᠮᠧᠨ᠋ᠲ ᠤᠨ ᠮᠠᠨ ᠤ ᠣᠷᠣᠨ ᠳᠤ ᠲᠥᠪᠯᠡᠷᠡᠬᠦ ᠶᠢ ᠳᠠᠶᠢᠴᠢᠯᠠᠬᠤ ᠶᠢ ᠬᠦᠰᠡᠵᠦ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠢᠶ᠎ᠠ ᠶᠢᠨ ᠠᠯᠪᠠᠨ ᠭᠡᠷ ᠤᠨ ᠬᠢᠨ ᠦᠢᠯᠡᠴᠢᠯᠡᠭᠡ ᠪᠠᠲᠤᠯᠠᠭ᠎ᠠ ᠶᠢ ᠪᠦᠭᠦ ᠲᠠᠯ᠎ᠠ ᠪᠠᠷ ᠰᠠᠶᠢᠲᠤᠷ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠢᠶ᠎ᠠ ᠶᠢᠨ ᠡᠯ᠎ᠡ ᠪᠦᠷᠢᠯᠳᠦᠭᠦᠨ ᠨᠢᠭᠡᠴᠢ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠢᠨ ᠪᠦᠭᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯᠭᠡ ᠥᠭᠬᠦ ᠵᠥᠪᠯᠡᠯ ᠢ ᠠᠯᠢ ᠲᠦᠷᠭᠡᠨ ᠢᠶᠠᠷ ᠠᠵᠢᠯᠯᠠᠭᠤᠯᠵᠤ᠂ ᠦᠢᠯᠡᠳᠦᠯ ᠢ ᠨᠢ ᠪᠠᠳᠠᠷᠠᠭᠤᠯᠤᠨ᠂ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠬᠡᠷᠡᠭᠲᠡᠢ ᠭᠡᠪᠡ᠃
ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠱᠢ ᠭᠤᠸᠠᠩ ᠡᠾᠦ᠋ᠢ᠂ ᠬᠤᠸᠠᠩ ᡁᠢ ᠴᠢᠶᠠᠩ᠂ ᠯᠢ ᠢᠦᠢ ᠭᠠᠩ᠂ ᠪᠦᠦ ᠰᠢᠶᠠᠨ ᠬᠤᠸᠠ᠂ ᠰᠦᠨ ᠵᠢᠶᠦ᠋ᠨ ᠴᠢᠩ᠂ ᠶᠠᠩ ᠵᠢᠶᠧ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯᠭᠡ ᠥᠭᠬᠦ ᠵᠥᠪᠯᠡᠯ ᠤᠨ ᠭᠡᠰᠢᠭᠦᠨ ᠹᠦ᠋ ᠮᠧᠩ ᠶᠢᠨ᠂ ᠷᠧᠨ ᠹᠠ ᠵᠧᠩ᠂ ᠶᠠᠩ ᡁᠢ ᠹᠧᠩ᠂ ᠳ᠋ᠦᠩ ᠡᠯ ᠳ᠋ᠠᠨ᠂ ᠾᠧ ᠳ᠋ᠧ ᠹᠠᠩ᠂ ᠰᠦ᠋ ᠵᠢᠶᠦ᠋ᠨ᠂ ᠦ᠋ ᠯᠢ ᠮᠢᠨ᠂ ᠯᠦ ᠵᠠᠨ ᠶᠤᠸᠠᠨ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠢᠶ᠎ᠠ ᠶᠢᠨ ᠪᠦᠷᠢᠯᠳᠦᠭᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃
ᠣᠶᠢᠯᠠᠭᠠᠭᠰᠠᠨ ᠢᠶᠠᠷ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠥᠭᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯᠭᠡ ᠥᠭᠬᠦ ᠵᠥᠪᠯᠡᠯ ᠢ ᠪᠠᠶᠢᠭᠤᠯᠬᠤ ᠪᠠᠷ ᠲᠣᠭᠲᠠᠪᠠ᠃ ᠲᠤᠰ ᠵᠥᠪᠯᠡᠯ ᠨᠢ 21 ᠭᠡᠰᠢᠭᠦᠨ ᠢᠶᠠᠷ ᠪᠦᠷᠢᠯᠳᠦᠵᠦ᠂ ᠳᠡᠳᠡ ᠪᠣᠯ ᠴᠥᠮ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠵᠢᠴᠢ ᠤᠯᠤᠰ ᠤᠨ ᠳᠣᠲᠣᠭᠠᠳᠤ ᠶᠢᠨ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠠᠺᠠᠳᠧᠮᠢᠴᠢ᠂ ᠲᠤᠰᠬᠠᠢ ᠮᠡᠷᠭᠡᠵᠢᠯᠲᠡᠨ ᠪᠣᠯᠣᠨ᠎ᠠ᠃