ᠵᠤᠬᠢᠶᠠᠭᠴᠢ:
ᠴᠠᠭ:2024-11-28
ᠥᠵᠡᠭᠰᠡᠨ : ℃
ᠢᠷᠡᠯᠲᠡ: ᠥᠪᠥᠷ ᠮᠣᠩᠭᠤᠯ ᠤᠨ
︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠶᠢᠨ ᠠᠷᠠᠪ ᠬᠡᠯᠡᠨ ᠤ ᠬᠡᠪᠯᠡᠯ ᠢ ᠬᠡᠪᠯᠡᠨ ᠲᠠᠷᠬᠠᠭᠠᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2024 11 ᠰᠠᠷ᠎ᠠ ᠶᠢᠨ 25 ᠤ ᠴᠠᠭᠢᠯᠭᠠᠨ ᠮᠡᠳᠡᠭᠡ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠣᠯᠣᠨ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠣᠷᠴᠢᠭᠤᠯᠤᠭᠰᠠᠨ《ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ》ᠭᠡᠬᠦ ᠨᠣᠮ ᠤᠨ ᠠᠷᠠᠪ ᠬᠡᠯᠡᠨ ᠤ ᠬᠡᠪᠯᠡᠯ ᠢ ᠣᠶᠢᠷ᠎ᠠ ᠶᠢᠨ ᠡᠳᠦᠷ ᠲᠥᠪ ᠤᠨ ᠨᠠᠶᠢᠷᠠᠭᠤᠯᠤᠨ ᠣᠷᠴᠢᠭᠤᠯᠬᠤ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠳᠤ ᠲᠠᠷᠬᠠᠭᠠᠪᠠ᠃
《ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ》 ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ ᠰᠢ ᠶᠢᠨ ᠫᠢᠩ ᠨᠥᠬᠦᠷ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠨᠡᠶᠢᠲᠡᠯᠡᠭᠰᠡᠨ ᠠᠯᠢ ᠤᠯᠠᠨ ᠴᠢᠬᠤᠯᠠ ᠥᠭᠦᠯᠡᠯᠲᠡ ᠶᠢ ᠣᠷᠣᠭᠤᠯᠵᠠᠢ᠃ ᠲᠤᠰ ᠨᠣᠮ ᠤᠨ ᠠᠷᠠᠪ ᠬᠡᠯᠡᠨ ᠤ ᠬᠡᠪᠯᠡᠯ ᠪᠣᠯᠣᠨ ᠡᠮᠦᠨ᠎ᠡ ᠬᠡᠪᠯᠡᠭᠳᠡᠭᠰᠡᠨ ᠠᠩᠭ᠍ᠯᠢ ᠭᠡᠯᠡ᠂ ᠹᠷᠠᠨᠼᠢ ᠭᠡᠯᠡ᠂ ᠣᠷᠣᠰ ᠬᠡᠯᠡᠨ ᠤ ᠬᠡᠪᠯᠡᠯ ᠨᠢ ᠭᠠᠳᠠᠭᠠᠳᠤ ᠶᠢᠨ ᠤᠩᠰᠢᠭᠴᠢᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠤᠨ ᠲᠣᠭᠲᠠᠯᠴᠠᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠮᠵᠢᠯᠲᠠ ᠲᠠᠢ ᠪᠠᠷ ᠨᠡᠭᠡᠭᠡᠭᠰᠡᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ᠂ ᠡᠭᠦᠳᠦᠨ ᠪᠦᠲᠦᠭᠡᠭᠰᠡᠨ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠪᠠᠶᠢᠳᠠᠯ᠂ ᠢᠯᠡᠷᠡᠭᠦᠯᠦᠭᠰᠡᠨ ᠣᠳᠣᠬᠢᠴᠢᠯᠠᠯᠲᠠ ᠶᠢᠨ ᠰᠢᠨ᠎ᠡ ᠵᠢᠷᠤᠭ ᠲᠥᠰᠥᠪ ᠢ ᠭᠦᠨᠵᠡᠭᠡᠢ ᠣᠶᠢᠯᠠᠭᠠᠵᠤ᠂ ᠳᠡᠯᠡᠬᠡᠢ ᠨᠡᠶᠢᠭᠡᠮ ᠢᠶᠠᠷ ᠢᠶᠠᠨ ᠭᠠᠷ ᠬᠤᠯᠪᠣᠯᠴᠠᠨ ᠣᠳᠣᠬᠢᠴᠢᠯᠠᠯᠲᠠ ᠶᠢᠨ ᠵᠠᠮ ᠢᠶᠠᠷ ᠬᠠᠮᠲᠤ ᠪᠠᠷ ᠵᠠᠮᠨᠠᠵᠤ᠂ ᠡᠩᠬᠡ ᠲᠠᠶᠢᠪᠤᠩ ᠬᠥᠭᠵᠢᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠵᠦ᠂ ᠬᠠᠮᠲᠤ ᠳᠠᠭᠠᠨ ᠮᠠᠨᠳᠤᠨ ᠪᠠᠳᠠᠷᠠᠭᠰᠠᠨ ᠳᠡᠯᠡᠬᠡᠢ ᠶᠢᠨ ᠣᠳᠣᠬᠢᠴᠢᠯᠠᠯᠲᠠ ᠶᠢᠨ ᠬᠠᠮᠲᠤ ᠶᠢᠨ ᠲᠠᠨᠢᠯᠲᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃