ᠵᠤᠬᠢᠶᠠᠭᠴᠢ:
ᠴᠠᠭ:2024-12-13
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠢ ᠶᠢᠨ ᠫᠢᠩ ︽2024 ᠼᠦᠩᠳᠦ᠋ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ︾ ᠳᠤ ᠪᠠᠶᠠᠷ ᠤᠨ ᠵᠠᠬᠢᠳᠠᠯ ᠢᠯᠡᠭᠡᠪᠡ
ᠰᠢᠨᠬᠤᠸᠠ ᠬᠤᠷᠢᠶ᠎ᠠ ᠶᠢᠨ ᠪᠡᠭᠡᠵᠢᠩ ᠤᠨ 2024 12 ᠰᠠᠷ᠎ᠠ ᠶᠢᠨ 12 ᠤᠨ ᠴᠠᠭᠢᠯᠭᠠᠨ ᠮᠡᠳᠡᠭᠡ 12 ᠰᠠᠷ᠎ᠠ ᠶᠢᠨ 12 ᠤᠨ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 《2024 ᠼᠦᠩᠳᠦ᠋ ᠶᠢᠨ ᠣᠯᠠᠨ ᠤᠯᠤᠰ ᠤᠨ ᠶᠠᠷᠢᠶᠠᠨ ᠤ ᠲᠠᠪᠴᠠᠩ》 ᠳᠤ ᠪᠠᠶᠠᠷ ᠤᠨ ᠵᠠᠬᠢᠳᠠᠯ ᠢᠯᠡᠭᠡᠪᠡ᠃
ᠰᠢ ᠶᠢᠨ ᠫᠢᠩ᠂ ᠼᠦᠩᠳᠦ᠋ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ ᠢ ᠡᠭᠦᠰᠬᠡᠨ ᠪᠠᠶᠢᠭᠤᠯᠤᠭᠰᠠᠨ 10 ᠵᠢᠯ ᠤᠨ ᠲᠤᠷᠰᠢ᠂ ᠤᠯᠠᠨ ᠲᠠᠯᠠᠲᠤ ᠦᠵᠡᠯ ᠢ ᠰᠠᠨᠠᠭᠠᠴᠢᠯᠠᠬᠤ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠠᠰᠠᠭᠤᠳᠠᠯ ᠢ ᠭᠦᠨᠵᠡᠭᠡᠢ ᠰᠤᠳᠤᠯᠤᠨ ᠶᠠᠷᠢᠯᠴᠠᠵᠤ᠂ ᠳᠤᠮᠳᠠᠳᠤ ᠤᠯᠤᠰ ᠤᠨ ᠵᠣᠷᠢᠯᠲᠠ ᠶᠢ ᠢᠳᠡᠪᠬᠢᠲᠡᠢ ᠬᠤᠪᠢᠶᠠᠯᠴᠠᠵᠤ᠂ ᠳᠤᠮᠳᠠᠳᠤ ᠤᠯᠤᠰ ᠪᠣᠯᠣᠨ ᠳᠡᠯᠡᠬᠡᠢ ᠶᠢᠨ ᠡᠯ᠎ᠡ ᠤᠯᠤᠰ ᠤᠨ ᠰᠣᠯᠢᠯᠴᠠᠭ᠎ᠠ ᠪᠠ ᠣᠶᠢᠯᠠᠭᠠᠯᠴᠠᠭ᠎ᠠ ᠶᠢ ᠨᠡᠮᠡᠭᠳᠡᠭᠦᠯᠬᠦ ᠳᠤ ᠢᠳᠡᠪᠬᠢ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠡᠭᠡᠳᠡᠷᠡᠭᠡᠨ ᠪᠤᠳᠤᠯᠢᠶᠠᠨᠲᠠᠢ ᠪᠣᠯᠵᠤ᠂ ᠡᠩᠬᠡ ᠲᠠᠶᠢᠪᠤᠩ ᠪᠠ ᠬᠥᠭᠵᠢᠯᠲᠡ ᠪᠣᠯ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠲᠠᠢ ᠬᠠᠮᠲᠤ ᠪᠠᠷ 《ᠪᠦᠭᠦ ᠪᠥᠮᠪᠥᠷᠴᠡᠭ ᠢᠶᠠᠷ ᠢᠶᠠᠨ ᠬᠠᠷᠢᠯᠴᠠᠨ ᠲᠤᠰᠠᠯᠠᠯᠴᠠᠬᠤ》 ᠵᠣᠷᠢᠭ ᠰᠠᠨᠠᠭ᠎ᠠ ᠶᠢ ᠪᠠᠷᠢᠮᠲᠠᠯᠠᠵᠤ᠂ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠨ᠎ᠠ︔ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠦᠷᠭᠦᠯᠵᠢᠯᠡᠬᠦ ᠬᠥᠭᠵᠢᠯᠲᠡ ᠶᠢ ᠠᠭᠢᠭᠤᠯᠤᠨ᠎ᠠ︔ ᠬᠠᠷᠢᠯᠴᠠᠨ ᠪᠠᠭᠲᠠᠭᠠᠵᠤ ᠬᠠᠷᠢᠯᠴᠠᠨ ᠲᠣᠯᠢ ᠪᠤᠯᠭᠠᠬᠤ ᠶᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠲᠠᠪᠰᠢᠯᠳᠠ ᠲᠠᠢ ᠪᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃
《2024 ᠼᠦᠩᠳᠦ᠋ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ》 ᠲᠤᠰ ᠡᠳᠦᠷ ᠢᠰᠫᠠᠨᠢ ᠶᠢᠨ ᠮᠠᠳ᠋ᠷᠢᠳ᠋ ᠲᠤ ᠡᠬᠢᠯᠡᠵᠦ᠂ 《ᠬᠠᠮᠲᠤ ᠪᠠᠷ ᠬᠥᠳᠡᠯᠦᠯᠴᠡᠵᠦ ᠬᠠᠮᠲᠤ ᠪᠠᠷ ᠢᠷᠡᠭᠡᠳᠦᠢ ᠶᠢ ᠴᠣᠭᠴᠠᠯᠠᠶ᠎ᠠ》 ᠭᠡᠬᠦ ᠭᠤᠣᠯ ᠰᠡᠳᠦᠪ ᠤᠨ ᠲᠣᠭᠤᠷᠢᠨ ᠳᠤ ᠶᠠᠪᠤᠭᠳᠠᠵᠤ᠂ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠯᠤᠭ᠎ᠠ ᠶᠢᠨ ᠨᠥᠭᠦᠷᠰᠡᠭ ᠨᠡᠶᠢᠭᠡᠮᠯᠢᠭ᠂ ᠠᠦ᠋ᠰᠲᠷᠠᠯᠢᠶ᠎ᠠ — ᠳᠤᠮᠳᠠᠳᠤ ᠤᠯᠤᠰ ᠤᠨ ᠨᠥᠭᠦᠷᠰᠡᠭ ᠰᠣᠯᠢᠯᠴᠠᠭᠠᠨ ᠤ ᠨᠡᠶᠢᠭᠡᠮᠯᠢᠭ᠂ ᠭᠤᠸᠠᠩᠳᠦ᠋ᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠵᠢᠴᠢ ᠳᠡᠯᠡᠬᠡᠢ ᠶᠢᠨ ᠤᠳᠤᠷᠢᠳᠤᠭᠴᠢ ᠶᠢᠨ ᠬᠤᠯᠪᠤᠭ᠎ᠠ ᠠᠴᠠ ᠬᠠᠮᠲᠤ ᠪᠠᠷ ᠡᠷᠭᠢᠯᠡᠪᠡ᠃