ᠵᠤᠬᠢᠶᠠᠭᠴᠢ:
ᠴᠠᠭ:2024-12-06
ᠥᠵᠡᠭᠰᠡᠨ : ℃
ᠢᠷᠡᠯᠲᠡ: ᠥᠪᠥᠷ ᠮᠣᠩᠭᠤᠯ ᠤᠨ
︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ︽ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ
ᠰᠢᠨᠬᠤᠸᠠ ᠬᠤᠷᠢᠶ᠎ᠠ ᠶᠢᠨ ᠪᠡᠭᠡᠵᠢᠩ ᠤᠨ 2024 11 ᠰᠠᠷ᠎ᠠ ᠶᠢᠨ 30 ᠤ ᠴᠠᠭᠢᠯᠭᠠᠨ ᠮᠡᠳᠡᠭᠡ 12 ᠰᠠᠷ᠎ᠠ ᠶᠢᠨ 1 ᠤ ᠡᠳᠦᠷ ᠬᠡᠪᠯᠡᠭᠳᠡᠭᠰᠡᠨ 23 ᠳ᠋ᠤᠭᠠᠷ ᠬᠤᠭᠤᠴᠠᠭᠠᠨ ᠤ 《ᠦᠨᠡᠨ》 ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ 《ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠢ》 ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2013 ᠣᠨ ᠤ 1 ᠰᠠᠷ᠎ᠠ ᠠᠴᠠ 2024 ᠣᠨ ᠤ 8 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠬᠡᠰᠡᠭᠯᠡᠯ ᠪᠣᠯᠣᠨ᠎ᠠ᠃
ᠵᠣᠬᠢᠶᠠᠯ ᠳᠤ᠂ ᠪᠢᠳᠡᠨ ᠤ ᠬᠢᠵᠦ ᠪᠠᠶᠢᠭ᠎ᠠ ᠪᠣᠯ ᠤᠷᠢᠳ ᠡᠮᠦᠨ᠎ᠡ ᠪᠠᠶᠢᠭ᠎ᠠ ᠦᠭᠡᠢ ᠠᠭᠤᠤ ᠶᠡᠭᠡ ᠦᠢᠯᠡᠰ ᠪᠣᠯᠣᠨ᠎ᠠ᠂ ᠲᠥᠪ ᠶᠣᠰᠣ ᠶᠢ ᠪᠠᠷᠢᠮᠲᠠᠯᠠᠪᠠᠯ ᠰᠠᠶ᠋ᠢ ᠴᠢᠭᠯᠡᠯ ᠢᠶᠠᠨ ᠠᠯᠳᠠᠬᠤ ᠦᠭᠡᠢ᠂ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠦᠭᠡᠢ᠂ ᠰᠢᠨ᠎ᠡ ᠶᠢ ᠡᠭᠦᠳᠪᠡᠯ ᠰᠠᠶ᠋ᠢ ᠴᠠᠭ ᠦᠶ᠎ᠡ ᠶᠢ ᠡᠵᠡᠮᠳᠡᠵᠦ᠂ ᠴᠠᠭ ᠦᠶ᠎ᠡ ᠶᠢ ᠬᠥᠲᠥᠯᠥᠨ ᠳᠠᠭᠠᠭᠤᠯᠵᠤ ᠴᠢᠳᠠᠨ᠎ᠠ᠃ ᠰᠢᠨᠵᠢᠯᠡᠬᠦ ᠤᠬᠠᠭᠠᠨᠴᠢ ᠣᠪᠣᠷ ᠢᠶᠠᠷ ᠰᠢᠨᠵᠢᠯᠡᠬᠦ ᠤᠬᠠᠭᠠᠨ ᠳᠤ ᠬᠠᠨᠳᠤᠵᠤ᠂ ᠦᠨᠡᠨ ᠶᠣᠰᠣᠨ ᠤ ᠵᠣᠷᠢᠭ ᠰᠠᠨᠠᠭ᠎ᠠ ᠪᠠᠷ ᠦᠨᠡᠨ ᠶᠣᠰᠣ ᠶᠢ ᠡᠷᠢᠯᠬᠢᠯᠡᠵᠦ᠂ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠭᠤᠶᠢᠪᠢᠰᠢ ᠦᠭᠡᠢ ᠪᠠᠷᠢᠮᠲᠠᠯᠠᠵᠤ᠂ ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂ ᠦᠢᠯᠡᠳᠦᠯᠭᠡ ᠶᠢᠨ ᠬᠥᠭᠵᠢᠯᠲᠡ ᠶᠢ ᠳᠠᠭᠠᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠠᠯᠢᠪᠠ ᠰᠢᠨ᠎ᠡ ᠬᠡᠷᠡᠭ ᠪᠣᠳᠠᠰ ᠲᠤ ᠬᠠᠨᠳᠤᠵᠤ᠂ ᠲᠠᠨᠢᠯᠲᠠ ᠶᠢᠨ ᠥᠷᠭᠡᠴᠡ ᠪᠣᠯᠣᠨ ᠭᠦᠨᠴᠡ ᠪᠠᠨ ᠲᠠᠰᠤᠷᠠᠯᠲᠠ ᠦᠭᠡᠢ ᠥᠷᠭᠡᠳᠬᠡᠵᠦ᠂ ᠤᠷᠢᠳᠤᠬᠢ ᠬᠥᠮᠥᠰ ᠤᠨ ᠬᠡᠯᠡᠵᠦ ᠥᠩᠭᠡᠷᠡᠭᠰᠡᠨ ᠦᠭᠡᠢ ᠰᠢᠨ᠎ᠡ ᠦᠭᠡ ᠶᠢ ᠵᠣᠷᠢᠭᠲᠠᠢ ᠬᠡᠯᠡᠵᠦ᠂ ᠤᠷᠢᠳᠤᠬᠢ ᠬᠥᠮᠥᠰ ᠤᠨ ᠬᠢᠵᠦ ᠥᠩᠭᠡᠷᠡᠭᠰᠡᠨ ᠦᠭᠡᠢ ᠶᠠᠪᠤᠳᠠᠯ ᠢ ᠵᠣᠷᠢᠭᠲᠠᠢ ᠬᠢᠵᠦ᠂ ᠰᠢᠨ᠎ᠡ ᠤᠨᠤᠯ ᠢᠶᠠᠷ ᠰᠢᠨ᠎ᠡ ᠦᠢᠯᠡᠳᠦᠯᠭᠡ ᠶᠢ ᠵᠢᠯᠣᠭᠤᠳᠤᠭᠤᠯᠬᠤ ᠬᠡᠷᠡᠭᠲᠡᠢ᠃ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠡᠨᠡ ᠬᠦ ᠴᠢᠬᠤᠯᠠ ᠶᠡᠭᠡ ᠰᠡᠳᠦᠪ ᠨᠢ ᠪᠢᠳᠡ ᠮᠠᠷᠺᠰ ᠤᠨ ᠦᠵᠡᠯ ᠭᠡᠬᠦ ᠡᠨᠡ ᠬᠦ ᠠᠮᠢᠨ ᠰᠤᠳᠠᠰᠤ ᠶᠢ ᠶᠠᠭᠠᠬᠢᠭᠰᠠᠨ ᠴᠤ ᠲᠠᠶᠠᠭᠳᠠᠵᠤ ᠪᠤᠯᠬᠤ ᠦᠭᠡᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠭᠡᠬᠦ ᠡᠨᠡ ᠬᠦ ᠠᠮᠢᠨ ᠰᠤᠳᠠᠰᠤ ᠶᠢ ᠶᠠᠭᠠᠬᠢᠭᠰᠠᠨ ᠴᠤ ᠬᠠᠶᠠᠵᠤ ᠪᠤᠯᠬᠤ ᠦᠭᠡᠢ ᠭᠡᠳᠡᠭ ᠢ ᠲᠣᠭᠲᠠᠭᠠᠭᠰᠠᠨ ᠶᠤᠮ᠃ ᠮᠠᠷᠺᠰ ᠤᠨ ᠦᠵᠡᠯ ᠤᠨ ᠦᠵᠡᠯ ᠰᠠᠨᠠᠭᠠᠨ ᠤ ᠤᠭᠢ ᠰᠣᠳᠣ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠭᠢ ᠰᠣᠳᠣ ᠯᠤᠭ᠎ᠠ ᠪᠦᠲᠦᠮᠵᠢᠲᠡᠢ ᠪᠠᠷ ᠨᠠᠪᠲᠠᠷᠡᠭᠦᠯᠵᠦ᠂ ᠰᠢᠨ᠎ᠡ ᠤᠨᠤᠯ ᠤᠨ ᠳᠠᠪᠠᠭᠤᠯᠢᠭ ᠪᠣᠯᠭᠠᠨ ᠬᠤᠷᠠᠮᠳᠤᠭᠤᠯᠵᠤ᠂ ᠦᠵᠡᠯ ᠰᠠᠨᠠᠭᠠᠨ ᠤ ᠰᠢᠨ᠎ᠡ ᠨᠣᠶᠠᠨ ᠤᠷᠭᠢᠯ ᠳᠤ ᠲᠠᠰᠤᠷᠠᠯᠳᠠ ᠦᠭᠡᠢ ᠠᠪᠠᠷᠢᠬᠤ ᠬᠡᠷᠡᠭᠲᠡᠢ ᠭᠡᠵᠦ ᠴᠢᠬᠤᠯᠠᠴᠢᠯᠠᠪᠠ᠃
ᠵᠣᠬᠢᠶᠠᠯ ᠳᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠪᠣᠯ ᠮᠠᠨ ᠤ ᠨᠠᠮ ᠤᠨ ᠰᠢᠨ᠎ᠡ ᠴᠠᠭ ᠦᠶ᠎ᠡ ᠳᠤ ᠲᠦᠷᠦ ᠶᠢ ᠵᠠᠰᠠᠵᠤ ᠵᠠᠰᠠᠭ ᠢ ᠡᠷᠭᠢᠯᠡᠭᠦ ᠴᠢᠬᠤᠯᠠ ᠦᠵᠡᠯ ᠰᠠᠨᠠᠭᠠᠨ ᠤ ᠠᠷᠭ᠎ᠠ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ᠨᠢᠭᠡᠨᠲᠡ ᠪᠠᠶᠢᠭ᠎ᠠ ᠰᠠᠭᠤᠷᠢᠨ ᠳᠡᠭᠡᠷ᠎ᠡ ᠦᠷᠭᠦᠯᠵᠢᠯᠡᠨ ᠤᠷᠤᠭᠰᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠲᠣᠪᠣᠶᠢᠮ᠎ᠠ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠤᠨᠤᠯ ᠪᠠ ᠦᠢᠯᠡᠳᠦᠯᠭᠡ ᠶᠢᠨ ᠲᠠᠯ᠎ᠠ ᠪᠠᠷ ᠬᠢ ᠰᠢᠨ᠎ᠡ ᠶᠢ ᠡᠭᠦᠳᠬᠦ ᠰᠢᠪᠲᠤᠯᠤᠯᠲᠠ ᠶᠢ ᠲᠠᠰᠤᠷᠠᠯᠳᠠ ᠦᠭᠡᠢ ᠪᠡᠶᠡᠯᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠮᠵᠢᠯᠲᠠ ᠲᠠᠢ ᠠᠬᠢᠭᠤᠯᠵᠤ ᠥᠷᠭᠡᠳᠬᠡᠪᠡ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠦᠪᠡᠭᠴᠢᠯᠡᠯᠲᠡ ᠪᠣᠯ ᠳᠠᠷᠤᠢ ᠵᠠᠯᠭᠠᠮᠵᠢᠯᠠᠬᠤ ᠳᠤᠮᠳᠠ ᠬᠥᠭᠵᠢᠵᠦ᠂ ᠲᠥᠪ ᠶᠣᠰᠣ ᠶᠢ ᠪᠠᠷᠢᠮᠲᠠᠯᠠᠬᠤ ᠳᠤᠮᠳᠠ ᠰᠢᠨ᠎ᠡ ᠶᠢ ᠡᠭᠦᠳᠦᠭᠰᠡᠨ ᠲᠡᠦᠬᠡᠨ ᠶᠠᠪᠤᠴᠠ ᠪᠣᠯᠣᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ ᠡᠩ ᠲᠡᠷᠢᠭᠦᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠭ ᠪᠠ ᠡᠬᠢ᠂ ᠦᠨᠳᠦᠰᠦ ᠪᠠ ᠰᠦᠭ ᠰᠦᠨᠡᠰᠦ ᠶᠢ ᠰᠠᠶᠢᠲᠤᠷ ᠰᠠᠬᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ ᠪᠠ ᠴᠢᠬᠤᠯᠠ ᠶᠡᠭᠡ ᠵᠠᠷᠴᠢᠮ ᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠠᠯᠢ ᠤᠯᠠᠨ ᠴᠢᠬᠤᠯᠠ ᠶᠡᠭᠡ ᠴᠢᠭᠯᠡᠯᠲᠡ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠥᠪ ᠴᠢᠭᠯᠡᠯ ᠢ ᠦᠨᠡᠨ ᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠰᠢᠨ᠎ᠡ ᠶᠢ ᠡᠭᠦᠳᠬᠦ ᠶᠢ ᠤᠯᠤᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠲᠣᠪᠣᠶᠢᠮ᠎ᠠ ᠪᠠᠶᠢᠷᠢᠨ ᠳᠤ ᠲᠠᠯᠪᠢᠵᠤ᠂ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠰᠢᠢᠳᠪᠦᠷᠢᠯᠡᠬᠦ ᠶᠢ ᠪᠣᠳᠣᠯᠬᠢᠯᠠᠵᠤ᠂ ᠢᠳᠡᠪᠬᠢᠲᠡᠢ ᠪᠠᠷ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠭᠠᠵᠤ ᠬᠤᠪᠢᠷᠠᠯᠲᠠ ᠶᠢ ᠡᠷᠢᠯᠬᠢᠯᠡᠨ᠂ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠪᠠᠶᠢᠭᠤᠯᠤᠯ ᠤᠨ ᠰᠢᠨ᠎ᠡ ᠡᠭᠦᠳᠦᠯᠲᠡ᠂ ᠰᠣᠶᠣᠯ ᠤᠨ ᠰᠢᠨ᠎ᠡ ᠡᠭᠦᠳᠦᠯᠲᠡ ᠵᠢᠴᠢ ᠪᠤᠰᠤᠳ ᠡᠯ᠎ᠡ ᠲᠠᠯ᠎ᠠ ᠶᠢᠨ ᠰᠢᠨ᠎ᠡ ᠡᠭᠦᠳᠦᠯᠲᠡ ᠶᠢ ᠶᠡᠭᠡ ᠪᠠᠷ ᠠᠬᠢᠭᠤᠯᠵᠤ᠂ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠲᠠᠰᠤᠷᠠᠯᠳᠠ ᠦᠭᠡᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠪᠤᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠵᠠᠷᠴᠢᠮ ᠢ ᠭᠦᠨᠵᠡᠭᠡᠢ ᠣᠶᠢᠯᠠᠭᠠᠨ ᠡᠵᠡᠮᠰᠢᠬᠦ ᠬᠡᠷᠡᠭᠲᠡᠢ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠬᠤ ᠳᠤ ᠶᠣᠰᠣ ᠶᠢ ᠦᠯᠦ ᠥᠭᠡᠷᠡᠴᠢᠯᠡᠬᠦ᠂ ᠵᠣᠷᠢᠭ ᠢ ᠦᠯᠦ ᠬᠤᠪᠢᠷᠠᠭᠤᠯᠬᠤ ᠬᠦᠴᠦᠷᠬᠡᠭ ᠶᠡᠭᠡ ᠲᠣᠭᠲᠠᠯ ᠬᠦᠴᠦᠨ ᠲᠠᠢ ᠪᠠᠶᠢᠵᠤ᠂ ᠳᠦᠷᠪᠡᠨ ᠦᠨᠳᠦᠰᠦᠨ ᠵᠠᠷᠴᠢᠮ ᠢ ᠪᠠᠷᠢᠮᠲᠠᠯᠠᠵᠤ᠂ 《ᠳᠦᠷᠪᠡᠨ ᠢᠲᠡᠭᠡᠯ》 ᠢᠶᠠᠨ ᠭᠤᠶᠢᠪᠢᠰᠢ ᠦᠭᠡᠢ ᠪᠠᠲᠤᠳᠬᠠᠬᠤ ᠬᠡᠷᠡᠭᠲᠡᠢ ᠪᠥᠭᠡᠳ ᠪᠠᠰᠠ ᠵᠣᠷᠢᠭᠲᠠᠢ ᠪᠠᠷ ᠰᠢᠨ᠎ᠡ ᠶᠢ ᠡᠭᠦᠳᠬᠦ᠂ ᠵᠣᠷᠢᠭᠲᠠᠢ ᠪᠠᠷ ᠪᠣᠭᠤᠮᠲᠠ ᠰᠢᠪᠲᠤᠯᠬᠤ ᠰᠥᠰᠥ ᠵᠣᠷᠢᠭ ᠲᠠᠢ ᠪᠠᠶᠢᠵᠤ᠂ ᠥᠭᠡᠷᠡᠴᠢᠯᠡᠯᠲᠡ ᠳᠠᠰᠤᠷᠠᠯᠳᠠ ᠦᠭᠡᠢ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠬᠤ ᠬᠡᠷᠡᠭᠲᠡᠢ᠃ ᠲᠥᠪ ᠶᠣᠰᠣ ᠶᠢ ᠪᠠᠷᠢᠮᠲᠠᠯᠠᠬᠤ ᠪᠠ ᠰᠢᠨ᠎ᠡ ᠶᠢ ᠡᠭᠦᠳᠬᠦ ᠶᠢ ᠨᠢᠭᠡᠳᠬᠡᠬᠦ ᠶᠢ ᠪᠠᠷᠢᠮᠲᠠᠯᠠᠵᠤ᠂ ᠥᠭᠡᠷᠡᠴᠢᠯᠡᠬᠦ ᠶᠣᠰᠣᠲᠠᠢ ᠶᠢ ᠨᠢ ᠡᠷᠡᠰ ᠭᠤᠶᠢᠪᠢᠰᠢ ᠦᠭᠡᠢ ᠥᠭᠡᠷᠡᠴᠢᠯᠡᠵᠦ᠂ ᠥᠭᠡᠷᠡᠴᠢᠯᠡᠵᠦ ᠪᠤᠯᠬᠤ ᠦᠭᠡᠢ ᠶᠢ ᠨᠢ ᠥᠭᠡᠷᠡᠴᠢᠯᠡᠬᠦ ᠦᠭᠡᠢ ᠪᠠᠶᠢᠬᠤ ᠬᠡᠷᠡᠭᠲᠡᠢ᠃ ᠥᠭᠡᠷᠡᠴᠢᠯᠡᠯᠲᠡ ᠬᠡᠷᠬᠢᠨ ᠥᠭᠡᠷᠡᠴᠢᠯᠡᠭᠰᠡᠨ ᠴᠤ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠮᠠᠷᠺᠰ ᠤᠨ ᠦᠵᠡᠯ ᠢ ᠪᠠᠷᠢᠮᠲᠠᠯᠠᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠬᠤ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠢ ᠪᠠᠷᠢᠮᠲᠠᠯᠠᠬᠤ ᠵᠡᠷᠭᠡ ᠦᠨᠳᠦᠰᠦᠨ ᠵᠦᠢᠯ ᠢ ᠶᠠᠭᠠᠬᠢᠭᠰᠠᠨ ᠴᠤ ᠭᠤᠶᠢᠪᠢᠯᠵᠠᠭᠤᠯᠵᠤ ᠪᠤᠯᠬᠤ ᠦᠭᠡᠢ᠂ ᠡᠭᠦᠨ ᠤ ᠬᠠᠮᠲᠤ ᠵᠣᠷᠢᠭᠲᠠᠢ ᠪᠠᠷ ᠰᠢᠨ᠎ᠡ ᠶᠢ ᠡᠭᠦᠳᠴᠦ᠂ ᠥᠭᠡᠷᠡᠴᠢᠯᠡᠬᠦ ᠶᠣᠰᠣᠲᠠᠢ᠂ ᠥᠭᠡᠷᠡᠴᠢᠯᠡᠵᠦ ᠪᠤᠯᠬᠤ ᠶᠢ ᠨᠢ ᠰᠠᠶᠢᠲᠤᠷ ᠥᠭᠡᠷᠡᠴᠢᠯᠡᠵᠦ᠂ ᠲᠤᠶᠢᠯᠪᠤᠷᠢᠲᠠᠢ ᠥᠭᠡᠷᠡᠴᠢᠯᠡᠵᠦ᠂ ᠥᠭᠡᠷᠡᠴᠢᠯᠡᠬᠦ ᠪᠠᠷ ᠲᠣᠭᠲᠠᠭᠰᠠᠨ ᠪᠣᠯ ᠡᠷᠡᠰ ᠭᠤᠶᠢᠪᠢᠰᠢ ᠦᠭᠡᠢ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠳᠤᠮᠳᠠᠳᠤ ᠶᠢᠨ ᠦᠨᠳᠦᠰᠦᠲᠡᠨ ᠪᠣᠯ ᠲᠥᠪ ᠶᠣᠰᠣ ᠶᠢ ᠪᠠᠷᠢᠮᠲᠠᠯᠠᠵᠤ ᠰᠢᠨ᠎ᠡ ᠶᠢ ᠡᠭᠦᠳᠬᠦ ᠦᠨᠳᠦᠰᠦᠲᠡᠨ ᠮᠥᠨ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠥᠪᠡᠷᠮᠢᠴᠡ ᠤᠶᠤᠨ ᠰᠠᠨᠠᠭᠠᠨ ᠤ ᠪᠡᠯᠭᠡ ᠲᠡᠮᠳᠡᠭ ᠢ ᠢᠯᠡᠷᠡᠭᠦᠯᠵᠦ᠂ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠦᠷᠳᠡᠭ᠂ ᠳᠤᠮᠳᠠᠳᠤ ᠤᠯᠤᠰ ᠤᠨ ᠬᠦᠴᠦᠨ ᠢ ᠨᠡᠩ ᠰᠠᠶᠢᠲᠤᠷ ᠴᠣᠭᠴᠠᠯᠠᠬᠤ ᠬᠡᠷᠡᠭᠲᠡᠢ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠤᠨᠳᠤᠤᠰᠢᠭᠤᠯᠤᠯᠳᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠬᠤ ᠶᠠᠪᠤᠴᠠ ᠳᠤ ᠮᠠᠷᠺᠰ ᠤᠨ ᠦᠵᠡᠯ ᠤᠨ ᠦᠨᠳᠦᠰᠦᠨ ᠵᠢᠯᠤᠭᠤᠳᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠬᠤᠪᠢᠰᠬᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠠᠴᠠ ᠡᠬᠢ ᠪᠤᠯᠠᠭ ᠢ ᠡᠷᠢᠯᠬᠢᠯᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠰᠣᠶᠣᠯ ᠤᠨ ᠠᠵᠢᠯᠲᠠᠳ ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠲᠥᠪ ᠰᠤᠷᠲᠠᠯ ᠪᠠ ᠣᠮᠤᠭ ᠵᠣᠷᠢᠭ ᠢᠶᠠᠷ ᠲᠡᠦᠬᠡ ᠰᠣᠶᠣᠯ ᠢ ᠦᠷᠭᠦᠯᠵᠢᠯᠡᠭᠦᠯᠵᠦ᠂ ᠤᠳᠤ ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃