ᠵᠤᠬᠢᠶᠠᠭᠴᠢ:
ᠴᠠᠭ:2024-12-13
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ 2025 ᠣᠨ ᠤ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠠᠵᠢᠯ ᠢ ᠰᠤᠳᠤᠯᠤᠨ ᠪᠠᠶᠢᠷᠢᠯᠠᠭᠤᠯᠪᠠ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ
ᠰᠢᠨᠬᠤᠸᠠ ᠬᠤᠷᠢᠶ᠎ᠠ ᠶᠢᠨ ᠪᠡᠭᠡᠵᠢᠩ ᠤᠨ 2024 12 ᠰᠠᠷ᠎ᠠ ᠶᠢᠨ 9 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 12 ᠰᠠᠷ᠎ᠠ ᠶᠢᠨ 9 ᠤ ᠡᠳᠦᠷ ᠬᠤᠷᠠᠯ ᠬᠤᠷᠠᠯᠳᠤᠭᠤᠯᠵᠤ᠂ 2025 ᠣᠨ ᠤ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ︔ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃
ᠬᠤᠷᠠᠯ ᠠᠴᠠ᠂ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ᠂ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠶᠡᠷᠦᠩᠬᠡᠶᠢᠯᠡᠭᠰᠡᠨ ᠤᠯᠤᠰ ᠤᠨ ᠬᠦᠴᠦᠨ ᠦᠷᠭᠦᠯᠵᠢᠯᠡᠨ ᠴᠢᠩᠭᠠᠷᠠᠪᠠ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠣᠭᠲᠠᠭᠤᠨ ᠢᠶᠠᠷ ᠬᠥᠭᠵᠢᠵᠦ᠂ ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠠᠷᠢᠯᠭᠠᠬᠤ ᠠᠵᠢᠯ ᠡᠮᠬᠢ ᠵᠢᠷᠤᠮ ᠲᠠᠢ ᠪᠥᠭᠡᠳ ᠪᠦᠲᠦᠮᠵᠢᠲᠡᠢ ᠶᠠᠪᠤᠭᠳᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠬᠦᠴᠦᠲᠡᠢ ᠪᠠᠶᠢᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠤᠷᠤᠭᠰᠢᠲᠠᠢ ᠪᠡᠶᠡᠯᠡᠭᠳᠡᠬᠦ ᠪᠣᠯᠣᠨ᠎ᠠ ᠭᠡᠵᠦ ᠦᠵᠡᠪᠡ᠃
ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠠᠩ ᠢᠳᠡᠪᠬᠢᠲᠡᠢ ᠦᠷ᠎ᠡ ᠪᠦᠳᠦᠮᠵᠢ ᠲᠠᠢ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠷᠣᠨ ᠰᠠᠭᠤᠴᠠ ᠶᠢᠨ ᠠᠰᠠᠷ ᠤᠨ ᠵᠠᠬ᠎ᠠ ᠳᠡᠯᠭᠡᠭᠦᠷ ᠪᠠ ᠰᠲ᠋ᠣᠺ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠭᠠᠳᠤ ᠳᠠᠭᠠᠷᠢᠯᠲᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ ᠲᠣᠭᠲᠠᠪᠤᠷᠢᠵᠢᠭᠤᠯᠵᠤ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠪᠠᠲᠤᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ᠂ ᠢᠷᠡᠬᠦ ᠵᠢᠯ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠦᠨ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠡᠪᠳᠡᠵᠦ᠂ ᠰᠢᠰᠲ᠋ᠧᠮᠵᠢᠭᠦᠯᠦᠨ ᠬᠤᠷᠠᠭᠤᠯᠵᠤ᠂ ᠬᠠᠮᠵᠢᠯᠴᠠᠨ ᠠᠵᠢᠯᠯᠠᠵᠤ᠂ ᠨᠡᠩ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠪᠣᠯᠣᠨ ᠵᠣᠬᠢᠰᠲᠠᠢ ᠠᠭᠤᠵᠢᠭᠤ ᠴᠢᠯᠦᠭᠡᠲᠡᠢ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠪ ᠤᠨ ᠪᠠᠶᠢᠳᠠᠯ ᠠᠴᠠ ᠳᠠᠪᠠᠭᠰᠠᠨ ᠠᠳᠠᠯᠢ ᠪᠤᠰᠤ ᠦᠶᠡᠯᠡᠯ ᠤᠨ ᠬᠤᠭᠤᠴᠠᠭ᠎ᠠ ᠶᠢ ᠠᠷᠭᠠᠴᠠᠭᠠᠬᠤ ᠲᠣᠬᠢᠷᠠᠭᠤᠯᠤᠯᠲᠠ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ 《ᠬᠠᠮ ᠠᠷᠭ᠎ᠠ ᠬᠡᠮᠵᠢᠶ᠎ᠡ》 ᠶᠢ ᠰᠠᠶᠢᠲᠤᠷ ᠬᠡᠷᠡᠭᠵᠢᠭᠦᠯᠵᠦ᠂ ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ ᠪᠠᠷᠠᠯᠠᠯᠲᠦ ᠴᠢᠨᠠᠷ᠂ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠬᠡᠷᠡᠭᠯᠡᠭᠡ ᠶᠢ ᠶᠡᠭᠡ ᠪᠠᠷ ᠬᠥᠭᠵᠢᠭᠡᠵᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠭᠦ ᠲᠠᠯ᠎ᠠ ᠪᠠᠷ ᠥᠷᠭᠡᠳᠬᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠥᠲᠥᠯᠥᠨ ᠳᠠᠭᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠵᠤ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠳᠬᠠᠬᠤ ᠬᠡᠷᠡᠭᠲᠡᠢ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠨ ᠪᠣᠬᠢᠷᠳᠤᠯ ᠢ ᠪᠠᠭᠠᠰᠬᠠᠵᠤ ᠨᠣᠭᠤᠭᠠᠷᠠᠭᠤᠯᠤᠯᠲᠠ ᠶᠢ ᠥᠷᠭᠡᠳᠬᠡᠬᠦ ᠨᠡᠮᠡᠭᠳᠡᠯ ᠢ ᠬᠠᠮᠵᠢᠯᠴᠠᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠠᠵᠤ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠳᠣᠲᠣᠭᠠᠳᠤ ᠬᠥᠳᠡᠯᠭᠡᠬᠦ ᠬᠦᠴᠦᠨ ᠢ ᠳᠠᠶᠢᠴᠢᠯᠠᠬᠤ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠵᠢᠱᠢᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠬᠤ ᠪᠠ ᠠᠮᠤᠷ ᠲᠦᠪᠰᠢᠨ ᠲᠣᠭᠲᠠᠭᠤᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠣᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠂ ᠨᠠᠮ ᠪᠣᠯᠣᠨ ᠤᠯᠤᠰ ᠤᠨ ᠭᠤᠣᠯ ᠡᠭᠦᠷᠭᠡ ᠶᠢᠨ ᠲᠣᠭᠤᠷᠢᠨ ᠳᠤ ᠤᠯᠤᠰ ᠲᠥᠷᠥ ᠶᠢᠨ ᠬᠢᠨᠠᠯᠲᠠ ᠲᠠᠯᠪᠢᠬᠤ ᠶᠢ ᠦᠷᠭᠦᠯᠵᠢᠯᠡᠨ ᠴᠢᠩᠭᠠᠳᠬᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠬᠦᠴᠦᠯᠡᠨ ᠠᠷᠢᠯᠭᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ᠂ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠠᠢ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂《ᠬᠤᠶᠠᠷ ᠢ ᠲᠣᠭᠲᠠᠭᠠᠭᠰᠠᠨ》 ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠵᠦ᠂ ᠢᠯᠵᠢᠷᠡᠯ ᠢ ᠵᠠᠯᠬᠠᠭᠠᠨ ᠰᠢᠢᠳᠬᠡᠬᠦ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠭᠦᠨᠵᠡᠭᠡᠶᠢᠷᠡᠭᠦᠯᠦᠨ ᠠᠬᠢᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ 《ᠬᠤᠶᠠᠷ ᠢ ᠬᠠᠮᠠᠭᠠᠯᠠᠬᠤ》 ᠳᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂ ᠴᠢᠬᠤᠯᠠ ᠶᠡᠭᠡ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠯᠲᠠ ᠲᠠᠯᠪᠢᠨ ᠪᠠᠶᠢᠴᠠᠭᠠᠬᠤ ᠪᠠ ᠲᠣᠭᠤᠷᠢᠨ ᠦᠵᠡᠬᠦ ᠲᠣᠭᠤᠷᠢᠨ ᠪᠠᠶᠢᠴᠠᠭᠠᠬᠤ ᠠᠭᠤᠯᠭ᠎ᠠ ᠳᠤ ᠣᠷᠣᠭᠤᠯᠵᠤ᠂ ᠴᠢᠩᠭ᠎ᠠ ᠬᠦᠴᠦᠲᠡᠢ ᠬᠢᠨᠠᠯᠲᠠ ᠲᠠᠯᠪᠢᠬᠤ ᠪᠠᠷ ᠥᠭᠡᠷᠡᠴᠢᠯᠡᠯᠲᠡ ᠶᠢ ᠤᠷᠤᠭᠰᠢᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠤᠨ ᠬᠢᠵᠠᠭᠠᠷᠯᠠᠬᠤ᠂ ᠪᠠᠲᠤᠯᠠᠨ ᠵᠣᠷᠢᠭᠵᠢᠭᠤᠯᠬᠤ ᠦᠢᠯᠡᠳᠦᠯ ᠢ ᠶᠡᠷᠦᠩᠬᠡᠶᠢᠯᠡᠨ ᠪᠠᠳᠠᠷᠠᠭᠤᠯᠬᠤ ᠬᠡᠷᠡᠭᠲᠡᠢ᠃ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠬᠠᠮᠲᠤ ᠳᠤᠨᠢ ᠪᠠᠶᠢᠴᠠᠭᠠᠨ ᠬᠠᠮᠲᠤ ᠳᠤᠨᠢ ᠵᠠᠰᠠᠬᠤ ᠲᠣᠭᠲᠠᠴᠠ ᠶᠢ ᠪᠦᠷᠢᠨᠰᠢᠭᠦᠯᠵᠦ᠂ ᠰᠤᠷᠲᠠᠯ ᠢ ᠴᠡᠭᠴᠡᠯᠡᠨ ᠢᠯᠵᠢᠷᠡᠯ ᠢ ᠡᠰᠡᠷᠭᠦᠴᠡᠬᠦ ᠶᠢ ᠨᠢᠭᠡ ᠴᠣᠭᠴᠠᠵᠢᠭᠤᠯᠤᠨ ᠭᠦᠨᠵᠡᠭᠡᠶᠢᠷᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠠᠷᠠᠳ ᠲᠦᠮᠡᠨ ᠳᠤ ᠨᠡᠩ ᠰᠠᠶᠢᠲᠤᠷ ᠨᠡᠩ ᠭᠤᠣᠯᠴᠢ ᠪᠠᠷ ᠬᠦᠷᠲᠡᠭᠡᠬᠦ ᠶᠢ ᠠᠬᠢᠭᠤᠯᠬᠤ ᠬᠡᠷᠡᠭᠲᠡᠢ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠢᠮᠠᠭᠲᠠ ᠶᠢ ᠬᠦᠴᠦᠯᠡᠨ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠷᠤᠮᠵᠢᠬᠰᠡᠨ᠂ ᠬᠠᠤᠯᠢᠵᠢᠭᠰᠠᠨ᠂ ᠵᠢᠩᠬᠢᠨᠢᠵᠢᠭᠰᠡᠨ ᠪᠠᠶᠢᠭᠤᠯᠤᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠥᠭᠡᠳ ᠴᠢᠳᠠᠮᠠᠭᠠᠢ ᠲᠡᠮᠡᠴᠡᠬᠦ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠶᠢᠨ ᠲᠡᠮᠦᠷ ᠴᠡᠷᠢᠭ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠡᠭᠦᠨ ᠠᠴᠠ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ 2024 ᠣᠨ ᠤ ᠠᠵᠢᠯ ᠤᠨ ᠪᠠᠶᠢᠳᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠤᠨ ᠪᠡᠯᠡᠳᠬᠡᠯ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
ᠬᠤᠷᠠᠯ ᠠᠴᠠ ᠢᠷᠡᠬᠦ ᠵᠢᠯ ᠤᠨ 1 ᠰᠠᠷ᠎ᠠ ᠶᠢᠨ 6 ᠠᠴᠠ 8 ᠤ ᠡᠳᠦᠷ ᠪᠤᠯᠲᠠᠯ᠎ᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠢ ᠬᠤᠷᠠᠯᠳᠤᠭᠤᠯᠬᠤ ᠶᠢ ᠵᠥᠪᠰᠢᠶᠡᠷᠡᠪᠡ᠃
ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃