ᠵᠤᠬᠢᠶᠠᠭᠴᠢ:
ᠴᠠᠭ:2024-12-13
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠢ ᠶᠢᠨ ᠫᠢᠩ ᠭᠤᠣᠯ ᠪᠤᠯᠬᠤ ᠤᠯᠠᠨ ᠤᠯᠤᠰ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠠᠷ ᠲᠠᠢ ᠠᠭᠤᠯᠵᠠᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2024 12 ᠰᠠᠷ᠎ᠠ ᠶᠢᠨ 10 ᠤ ᠴᠠᠭᠢᠯᠭᠠᠨ ᠮᠡᠳᠡᠭᠡ 12 ᠰᠠᠷ᠎ᠠ ᠶᠢᠨ 10 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ 《1 + 10》 ᠶᠢᠨ ᠶᠠᠷᠢᠯᠴᠠᠭ᠎ᠠ ᠶᠢᠨ ᠬᠤᠷᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠭᠤᠣᠯ ᠪᠤᠯᠬᠤ ᠣᠯᠠᠨ ᠤᠯᠤᠰ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠠᠷ ᠲᠠᠢ ᠠᠭᠤᠯᠵᠠᠪᠠ᠃
ᠰᠢ ᠶᠢᠨ ᠫᠢᠩ ᠭᠤᠣᠯ ᠪᠤᠯᠬᠤ ᠤᠯᠠᠨ ᠤᠯᠤᠰ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠨᠠᠷ ᠲᠠᠢ ᠬᠠᠮᠲᠤ ᠶᠢᠨ ᠰᠡᠭᠦᠳᠡᠷ ᠲᠠᠲᠠᠭᠤᠯᠤᠨ ᠳᠤᠷᠠᠰᠬᠠᠯ ᠦᠯᠡᠳᠡᠭᠡᠵᠦ᠂ ᠲᠡᠳᠡᠨ ᠤ ᠤᠷᠳᠤ ᠬᠤᠭᠤᠴᠠᠭ᠎ᠠ ᠪᠠᠷ ᠳᠤᠮᠳᠠᠳᠤ ᠤᠯᠤᠰ ᠤᠨ ᠣᠳᠣᠬᠢᠴᠢᠯᠠᠯᠲᠠ ᠶᠢᠨ ᠦᠢᠯᠡᠰ ᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃
ᠰᠢ ᠶᠢᠨ ᠫᠢᠩ᠂ ᠣᠳᠣᠬᠠᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠵᠤ᠂ ᠳᠠᠬᠢᠨᠲᠠ ᠵᠠᠩᠭᠢᠯᠠᠭ᠎ᠠ ᠶᠢᠨ ᠲᠣᠨᠣᠯᠵᠢᠨ ᠵᠠᠮ ᠳᠤ ᠣᠷᠣᠪᠠ᠃ ᠬᠥᠮᠥᠨ ᠲᠥᠷᠥᠯᠬᠢᠲᠡᠨ ᠪᠣᠯ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂ ᠡᠯ᠎ᠡ ᠤᠯᠤᠰ 190 ᠭᠠᠷᠤᠢ ᠵᠢᠵᠢᠭ ᠣᠩᠭᠤᠴᠠᠨ ᠳᠡᠭᠡᠷ᠎ᠡ ᠰᠠᠭᠤᠵᠤ ᠪᠠᠶᠢᠭ᠎ᠠ ᠪᠢᠰᠢ᠂ ᠬᠠᠷᠢᠨ ᠬᠤᠪᠢ ᠵᠠᠶᠠᠭ᠎ᠠ ᠪᠠᠨ ᠬᠠᠮᠲᠤᠳᠬᠠᠭᠰᠠᠨ ᠨᠢᠭᠡᠨ ᠲᠣᠮᠣ ᠣᠩᠭᠤᠴᠠᠨ ᠳᠡᠭᠡᠷ᠎ᠡ ᠰᠠᠭᠤᠵᠤ ᠪᠤᠢ᠂ ᠬᠠᠷᠢᠯᠴᠠᠨ ᠨᠦᠭᠦᠭᠡ ᠡᠲᠡᠭᠡᠳ ᠤᠨ ᠢᠶᠠᠨ ᠬᠥᠭᠵᠢᠯᠲᠡ ᠶᠢ ᠠᠵᠠ ᠲᠣᠭᠢᠶᠠᠯ ᠢᠶᠠᠷ ᠦᠵᠡᠪᠡᠯ ᠵᠣᠬᠢᠬᠤ ᠠᠴᠠ ᠪᠢᠰᠢ ᠬᠠᠷᠢᠨ ᠥᠷᠢᠰᠦᠯᠳᠦᠭᠡᠨ ᠢᠶᠠᠷ ᠦᠵᠡᠵᠦ ᠪᠤᠯᠬᠤ ᠦᠭᠡᠢ᠂ ᠨᠦᠭᠦᠭᠡ ᠡᠲᠡᠭᠡᠳ ᠢᠶᠠᠨ ᠬᠠᠨᠢᠲᠠᠨ ᠢᠶᠠᠷ ᠦᠵᠡᠪᠡᠯ ᠵᠣᠬᠢᠬᠤ ᠠᠴᠠ ᠪᠢᠰᠢ ᠬᠠᠷᠢᠨ ᠥᠷᠢᠰᠦᠯᠳᠦᠭᠴᠢ ᠪᠠᠷ ᠦᠵᠡᠵᠦ ᠪᠤᠯᠬᠤ ᠦᠭᠡᠢ᠂ 《ᠪᠦᠭᠦ ᠪᠥᠮᠪᠥᠷᠴᠡᠭ ᠢᠶᠠᠷ ᠢᠶᠠᠨ ᠬᠠᠷᠢᠯᠴᠠᠨ ᠲᠤᠰᠠᠯᠠᠯᠴᠠᠵᠤ》᠂ ᠪᠦᠯᠬᠦᠮᠳᠡᠨ ᠬᠠᠮᠵᠢᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠴᠠᠭ ᠦᠶ᠎ᠡ ᠶᠢᠨ ᠭᠤᠣᠯ ᠭᠦᠭ ᠠᠶᠠᠰ ᠪᠣᠯᠭᠠᠪᠠᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠭᠤᠣᠯ ᠪᠤᠯᠬᠤ ᠤᠯᠠᠨ ᠤᠯᠤᠰ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠯᠤᠭ᠎ᠠ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠥᠭᠵᠢᠯᠲᠡ ᠶᠢ ᠳᠡᠮᠵᠢᠵᠦ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠵᠢᠯᠳᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠪᠠᠶᠢᠬᠤ ᠠᠵᠤ ᠠᠬᠤᠢ ᠶᠢᠨ ᠳᠡᠯᠡᠬᠡᠶᠢᠴᠢᠯᠡᠯᠲᠡ ᠶᠢ ᠠᠬᠢᠭᠤᠯᠵᠤ᠂ ᠬᠠᠮᠲᠤ ᠪᠠᠷ ᠬᠥᠭᠵᠢᠭᠰᠡᠨ ᠲᠥᠪ ᠭᠤᠣᠯᠴᠢ ᠳᠡᠯᠡᠬᠡᠢ ᠶᠢᠷᠲᠢᠨᠴᠦ ᠶᠢ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃
ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠥᠸᠧᠰᠠᠶᠢᠹᠦ᠋᠂ ᠤᠯᠠᠨ ᠤᠯᠤᠰ ᠤᠨ ᠵᠣᠭᠤᠰᠤᠨ ᠤ ᠰᠠᠭᠤᠷᠢ ᠮᠥᠩᠭᠦᠨ ᠤ ᠵᠣᠬᠢᠶᠠᠨ ᠪᠠᠶᠢᠭᠤᠯᠤᠯᠲᠠ ᠶᠢᠨ ᠶᠡᠷᠦᠩᠬᠡᠢ ᠵᠠᠬᠢᠷᠤᠯ ᠭᠸ᠊ ᠆ ᠤᠷᠵᠢᠶ᠋ᠸᠧᠠ᠂ ᠳᠡᠯᠡᠬᠡᠢ ᠶᠢᠨ ᠪᠠᠩᠬᠢ ᠶᠢᠨ ᠳᠠᠷᠤᠭ᠎ᠠ ᠫᠧᠩ ᠠᠨ ᠵᠢᠶᠧ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠶᠡᠷᠦᠩᠬᠡᠢ ᠠᠵᠢᠯᠯᠠᠭᠴᠢ ᠢᠸᠢᠢᠯᠠ ᠭᠠᠳᠠᠭᠠᠳᠤ ᠶᠢᠨ ᠲᠠᠯ᠎ᠠ ᠶᠢ ᠲᠥᠯᠥᠭᠡᠯᠡᠨ ᠦᠭᠡ ᠬᠡᠯᠡᠪᠡ᠃ ᠳᠡᠳᠡ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠤᠮᠳᠠᠳᠤ ᠤᠯᠤᠰ ᠤᠨ ᠬᠥᠭᠵᠢᠯᠲᠡ ᠶᠢᠨ ᠠᠯᠤᠰ ᠢᠷᠡᠭᠡᠳᠦᠢ ᠳᠤ ᠢᠲᠡᠭᠡᠯ ᠲᠠᠢ ᠪᠠᠶᠢᠵᠤ᠂ ᠳᠤᠮᠳᠠᠳᠤ ᠤᠯᠤᠰ ᠤᠨ ᠤᠷᠳᠤ ᠬᠤᠭᠤᠴᠠᠭᠠᠨ ᠤ ᠲᠤᠷᠰᠢ ᠤᠯᠠᠨ ᠤᠯᠤᠰ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠡᠭᠡᠪᠡ᠃ ᠳᠤᠮᠳᠠᠳᠤ ᠤᠯᠤᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠤ ᠪᠠᠶᠢᠨ᠎ᠠ᠂ ᠢᠯᠠᠩᠭᠤᠶ᠎ᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠦᠷᠢᠶᠡᠨ ᠳᠤ ᠬᠥᠮᠥᠨ ᠲᠥᠷᠥᠯᠬᠢᠲᠡᠨ ᠤ ᠭᠠᠶᠢᠬᠠᠮᠰᠢᠭ ᠢ ᠡᠭᠦᠳᠴᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠲᠠᠯ᠎ᠠ ᠪᠠᠷ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠴᠡᠢ᠂ ᠡᠨᠡ ᠨᠢ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠪᠠᠷᠢᠮᠲᠠᠯᠠᠵᠤ ᠪᠠᠶᠢᠭ᠎ᠠ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠪᠣᠯ ᠠᠮᠵᠢᠯᠲᠠ ᠲᠠᠢ ᠪᠥᠭᠡᠳ ᠬᠡᠷᠡᠭᠵᠢᠭᠦᠯᠦᠭᠦᠰᠢᠲᠡᠢ᠂ ᠳᠡᠯᠡᠬᠡᠢ ᠳ᠋ᠠᠬᠢᠨ ᠳᠤ ᠴᠢᠬᠤᠯᠠ ᠰᠡᠩᠬᠡᠷᠡᠭᠦᠯᠬᠦ ᠠᠴᠢ ᠬᠤᠯᠪᠣᠭᠳᠠᠯ ᠲᠠᠢ ᠭᠡᠳᠡᠭ ᠢ ᠭᠦᠢᠴᠡᠳ ᠭᠡᠷᠡᠴᠢᠯᠡᠵᠦ ᠪᠠᠶᠢᠨ᠎ᠠ᠃ ᠳᠤᠮᠳᠠᠳᠤ ᠤᠯᠤᠰ ᠪᠣᠯ ᠢᠮᠠᠭᠲᠠ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠴᠢᠬᠤᠯᠠ ᠬᠥᠳᠡᠯᠭᠡᠭᠦᠷ ᠪᠠ ᠲᠣᠭᠲᠠᠪᠤᠷᠢᠵᠢᠭᠤᠯᠤᠭᠴᠢ᠂ ᠤᠯᠠᠨ ᠲᠠᠯᠠᠲᠤ ᠦᠵᠡᠯ ᠤᠨ ᠡᠷᠡᠰ ᠪᠠᠲᠤ ᠬᠠᠮᠠᠭᠠᠯᠠᠭᠴᠢ ᠮᠥᠨ᠃ ᠳᠤᠮᠳᠠᠳᠤ ᠤᠯᠤᠰ ᠦᠷᠭᠦᠯᠵᠢᠯᠡᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠭᠠᠳᠠᠭᠠᠳᠤ ᠨᠡᠭᠡᠭᠡᠯᠲᠡ ᠪᠠᠨ ᠥᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠨᠢ ᠳᠡᠯᠡᠬᠡᠢ ᠳ᠋ᠠᠬᠢᠨ ᠢᠯᠠᠩᠭᠤᠶ᠎ᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠤ ᠯᠤᠲᠤ ᠶᠡᠭᠡ ᠠᠵᠠ ᠲᠣᠭᠢᠶᠠᠯ ᠬᠠᠩᠭᠠᠵᠠᠢ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠨᠢ ᠳᠤᠮᠳᠠᠳᠤ ᠤᠯᠤᠰ ᠤᠨ ᠬᠠᠷᠢᠭᠤᠴᠠᠯᠭ᠎ᠠ ᠲᠠᠢ ᠲᠣᠮᠣ ᠤᠯᠤᠰ ᠪᠣᠯᠤᠭᠰᠠᠨ ᠤ ᠬᠤᠪᠢ ᠳᠠᠬᠢ ᠡᠭᠦᠷᠭᠡᠯᠡᠯ ᠢ ᠭᠦᠢᠴᠡᠳ ᠢᠯᠡᠷᠡᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠳᠤᠮᠳᠠᠳᠤ ᠤᠯᠤᠰ ᠤᠨ ᠬᠥᠭᠵᠢᠯᠲᠡ ᠶᠢᠨ ᠲᠦᠷᠭᠡᠨ ᠲᠡᠷᠭᠡᠨ ᠳᠤ ᠰᠠᠭᠤᠵᠤ᠂ ᠲᠤᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠬᠦ ᠳᠤ ᠴᠢᠬᠤᠯᠠ ᠲᠠᠪᠴᠠᠩ ᠬᠠᠩᠭᠠᠵᠠᠢ᠃ ᠣᠳᠣᠬᠠᠨ ᠳᠤ ᠳᠡᠯᠡᠬᠡᠢ ᠶᠢᠨ ᠠᠵᠤ ᠠᠬᠤᠢ ᠶᠢᠨ ᠪᠠᠶᠢᠳᠠᠯ ᠮᠠᠰᠢ ᠤᠯᠠᠨ ᠬᠦᠴᠢᠷᠳᠡᠯ ᠪᠠ ᠥᠷᠢᠰᠦᠯᠳᠦᠭᠡᠨ ᠳᠤ ᠲᠤᠯᠭᠠᠷᠠᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠶᠡᠬᠡᠳᠡ ᠰᠢᠷᠦᠭᠦᠰᠴᠦ ᠪᠠᠶᠢᠨ᠎ᠠ᠃ ᠳᠡᠯᠡᠬᠡᠢ ᠶᠢᠨ ᠡᠯ᠎ᠡ ᠤᠯᠤᠰ ᠳᠤᠮᠳᠠᠳᠤ ᠤᠯᠤᠰ ᠲᠤ ᠠᠩᠬᠠᠷᠤᠯ ᠢᠶᠠᠨ ᠬᠠᠨᠳᠤᠭᠤᠯᠵᠤ ᠪᠤᠢ᠂ ᠳᠤᠮᠳᠠᠳᠤ ᠤᠯᠤᠰ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠠᠮᠤᠭ ᠤᠨ ᠴᠢᠬᠤᠯᠠ ᠬᠥᠳᠡᠯᠭᠡᠭᠦᠷ ᠤᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠬᠤ ᠶᠢ ᠬᠦᠰᠡᠵᠦ ᠪᠠᠶᠢᠬᠤ ᠪᠥᠭᠡᠳ ᠢᠲᠡᠭᠡᠵᠦ ᠪᠠᠶᠢᠨ᠎ᠠ᠃ ᠭᠤᠣᠯ ᠪᠤᠯᠬᠤ ᠤᠯᠠᠨ ᠤᠯᠤᠰ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤᠷᠠᠲᠠᠶ᠎ᠠ ᠳᠤᠮᠳᠠᠳᠤ ᠤᠯᠤᠰ ᠲᠠᠢ ᠨᠢᠭᠲᠠ ᠬᠠᠮᠵᠢᠯᠴᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠨ᠂ ᠴᠢᠯᠦᠭᠡᠲᠦ ᠠᠷᠠᠯᠵᠢᠶ᠎ᠠ ᠪᠠ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠠᠭᠠᠯᠠᠵᠤ᠂ ᠳᠡᠯᠡᠬᠡᠢ ᠶᠢᠨ ᠬᠠᠮᠲᠤ ᠶᠢᠨ ᠬᠥᠭᠵᠢᠯᠲᠡ ᠪᠠ ᠴᠡᠴᠡᠭᠯᠡᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭ᠎ᠠ ᠪᠠᠨ ᠬᠠᠮᠲᠤᠳᠬᠠᠭᠰᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ ᠭᠡᠵᠦ ᠢᠯᠡᠷᠬᠡᠶᠢᠯᠡᠵᠡᠭᠡᠪᠡ᠃
ᠰᠢ ᠶᠢᠨ ᠫᠢᠩ ᠭᠠᠳᠠᠭᠠᠳᠤ ᠶᠢᠨ ᠲᠠᠯ᠎ᠠ ᠶᠢᠨ ᠲᠥᠯᠥᠭᠡᠯᠡᠭᠴᠢ ᠶᠢᠨ ᠶᠠᠷᠢᠬᠤ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠳᠡᠯᠡᠬᠡᠢ ᠶᠢᠨ ᠠᠵᠤ ᠠᠬᠤᠢ᠂ ᠳᠤᠮᠳᠠᠳᠤ ᠤᠯᠤᠰ ᠤᠨ ᠠᠵᠤ ᠠᠬᠤᠢ᠂ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠵᠡᠷᠭᠡ ᠨᠦᠭᠦᠭᠡ ᠡᠲᠡᠭᠡᠳ ᠤᠨ ᠬᠢᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠬᠠᠷᠢᠭᠤᠯᠪᠠ᠃
ᠰᠢ ᠶᠢᠨ ᠫᠢᠩ᠂ ᠳᠡᠯᠡᠬᠡᠢ ᠶᠢᠨ ᠠᠵᠤ ᠠᠬᠤᠢ ᠶᠢᠨ ᠡᠷᠴᠢᠮᠲᠡᠢ ᠪᠥᠭᠡᠳ ᠦᠷᠭᠦᠯᠵᠢᠯᠡᠬᠦ ᠨᠡᠮᠡᠭᠳᠡᠯ ᠤᠨ ᠵᠠᠮ ᠢᠶᠠᠷ ᠵᠠᠮᠨᠠᠬᠤ ᠶᠢ ᠬᠡᠷᠬᠢᠨ ᠠᠬᠢᠭᠤᠯᠬᠤ ᠪᠣᠯ ᠳᠡᠯᠡᠬᠡᠢ ᠨᠡᠶᠢᠭᠡᠮ ᠳᠤ ᠲᠤᠯᠭᠠᠷᠠᠵᠤ ᠪᠠᠶᠢᠭ᠎ᠠ ᠴᠢᠬᠤᠯᠠ ᠶᠡᠭᠡ ᠰᠡᠳᠦᠪ ᠪᠣᠯᠣᠨ᠎ᠠ᠃ ᠡᠯ᠎ᠡ ᠤᠯᠤᠰ ᠤᠨ ᠠᠵᠤ ᠠᠬᠤᠢ ᠥᠪᠡᠷ ᠥᠪᠡᠷ ᠤᠨ ᠬᠦᠴᠢᠷᠳᠡᠯ ᠲᠠᠢ ᠪᠣᠯᠬᠤᠷ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢᠨ ᠰᠢᠰᠲ᠋ᠧᠮ ᠢ ᠬᠠᠮᠲᠤᠷᠠᠯᠴᠠᠨ ᠪᠠᠶᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠶᠢ ᠪᠠᠷᠢᠮᠲᠠᠯᠠᠵᠤ᠂ ᠲᠣᠭᠠᠴᠢᠯᠠᠭᠰᠠᠨ ᠠᠵᠤ ᠠᠬᠤᠢ᠂ ᠵᠣᠬᠢᠶᠠᠮᠠᠯ ᠤᠶᠤᠨ ᠴᠢᠳᠠᠪᠤᠷᠢ᠂ ᠪᠠᠭ᠎ᠠ ᠨᠡᠭᠦᠷᠡᠰᠦᠲᠥ᠋ᠷᠥᠭᠴᠢᠲᠦ ᠮᠡᠷᠭᠡᠵᠢᠯ ᠵᠡᠷᠭᠡ ᠴᠢᠬᠤᠯᠠ ᠠᠵᠠ ᠲᠣᠭᠢᠶᠠᠯ ᠢ ᠰᠠᠶᠢᠲᠤᠷ ᠡᠵᠡᠮᠳᠡᠵᠦ᠂ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠬᠦ ᠬᠦᠴᠦᠨ ᠤ ᠢᠷᠡᠯᠲᠡ ᠶᠢ ᠡᠭᠦᠳᠴᠦ᠂ ᠮᠡᠳᠡᠯᠭᠡ᠂ ᠮᠡᠷᠭᠡᠵᠢᠯ᠂ ᠴᠢᠳᠠᠪᠤᠷᠢᠲᠠᠨ ᠤ ᠤᠯᠤᠰ ᠠᠯᠤᠰᠯᠠᠨ ᠰᠢᠯᠵᠢᠭᠦ ᠶᠢ ᠳᠡᠮᠵᠢᠪᠡᠯ ᠵᠣᠬᠢᠨ᠎ᠠ᠃ 《ᠵᠢᠵᠢᠭ ᠬᠦᠷᠢᠶ᠎ᠡ ᠥᠨᠳᠥᠷ ᠬᠡᠷᠡᠮ》 ᠪᠠᠶᠢᠭᠤᠯᠵᠤ᠂ 《ᠬᠠᠷᠢᠴᠠᠭ᠎ᠠ ᠪᠠᠨ ᠰᠠᠯᠭᠠᠵᠤ ᠬᠡᠯᠬᠢᠶ᠎ᠡ ᠪᠠᠨ ᠲᠠᠰᠤᠯᠬᠤ》 ᠨᠢ ᠪᠤᠰᠤᠳ ᠢ ᠬᠤᠬᠢᠷᠠᠭᠤᠯᠬᠤ ᠮᠥᠷᠲᠡᠭᠡᠨ ᠪᠠᠰᠠ ᠥᠪᠡᠷ ᠤᠨ ᠪᠡᠶ᠎ᠡ ᠳᠡᠭᠡᠨ ᠴᠤ ᠠᠰᠢᠭ ᠦᠭᠡᠢ ᠶᠤᠮ᠃ ᠳᠤᠮᠳᠠᠳᠤ ᠶᠢᠨ ᠬᠢᠨ ᠢᠮᠠᠭᠲᠠ᠂ ᠳᠤᠮᠳᠠᠳᠤ ᠤᠯᠤᠰ ᠰᠠᠶᠢᠨ ᠪᠣᠯ ᠳᠡᠯᠡᠬᠡᠢ ᠶᠢᠷᠲᠢᠨᠴᠦ ᠰᠠᠶ᠋ᠢ ᠰᠠᠶᠢᠨ︔ ᠳᠡᠯᠡᠭᠡᠢ ᠶᠢᠷᠲᠢᠨᠴᠦ ᠰᠠᠶᠢᠨ ᠪᠣᠯ ᠳᠤᠮᠳᠠᠳᠤ ᠤᠯᠤᠰ ᠨᠡᠩ ᠰᠠᠶᠢᠨ ᠰᠠᠶᠢᠬᠠᠨ ᠪᠣᠯᠣᠨ᠎ᠠ ᠭᠡᠵᠦ ᠦᠵᠡᠭᠰᠡᠭᠡᠷ ᠢᠷᠡᠵᠡᠶ᠃ ᠡᠯ᠎ᠡ ᠤᠯᠤᠰ ᠤᠨ ᠬᠢᠨ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠲᠦᠰᠢᠭᠯᠡᠯᠴᠡᠨ ᠣᠷᠣᠰᠢᠬᠤ ᠶᠢ ᠠᠰᠢᠭᠲᠠᠢ ᠲᠠᠯ᠎ᠠ ᠶᠢ ᠨᠢ ᠠᠪᠴᠤ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠰᠠᠶᠢᠨ ᠶᠠᠪᠤᠳᠠᠯ ᠢᠶᠠᠷ ᠦᠵᠡᠵᠦ᠂ ᠬᠠᠷᠢᠨ ᠠᠶᠤᠯ ᠲᠦᠭᠰᠢᠭᠦᠷᠢ ᠪᠠᠷ ᠦᠵᠡᠬᠦ ᠦᠭᠡᠢ ᠪᠣᠯ ᠵᠣᠬᠢᠨ᠎ᠠ ᠭᠡᠵᠦ ᠵᠢᠭᠠᠵᠤ ᠭᠠᠷᠭᠠᠪᠠ᠃
ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠬᠤᠯᠪᠣᠭᠳᠠᠯ ᠪᠦᠬᠦᠢ ᠪᠠᠶᠢᠳᠠᠯ ᠢᠯᠠᠩᠭᠤᠶ᠎ᠠ ᠳᠤᠮᠳᠠᠳᠤ ᠤᠯᠤᠰ ᠤᠨ ᠣᠶᠢᠷ᠎ᠠ ᠶᠢᠨ ᠬᠤᠭᠤᠴᠠᠭᠠᠨ ᠳᠤ ᠲᠣᠭᠲᠠᠭᠠᠭᠰᠠᠨ ᠰᠢᠷᠢᠰ ᠴᠢᠬᠤᠯᠠ ᠠᠷᠭ᠎ᠠ ᠬᠡᠮᠵᠢᠶ᠎ᠡ ᠶᠢ ᠲᠠᠨᠢᠯᠴᠠᠭᠤᠯᠵᠤ᠂ 40 ᠭᠠᠷᠤᠢ ᠵᠢᠯ ᠤᠨ ᠦᠷᠭᠦᠯᠵᠢᠯᠡᠭᠰᠡᠨ ᠲᠦᠷᠭᠡᠨ ᠬᠥᠭᠵᠢᠯᠲᠡ ᠪᠠᠷ ᠳᠠᠮᠵᠢᠨ ᠳᠤᠮᠳᠠᠳᠤ ᠤᠯᠤᠰ ᠤᠨ ᠠᠵᠤ ᠠᠬᠤᠢ ᠨᠢᠭᠡᠨᠲᠡ ᠴᠢᠨᠠᠷ ᠰᠠᠶᠢᠲᠠᠢ ᠬᠥᠭᠵᠢᠯᠲᠡ ᠶᠢᠨ ᠱᠠᠲᠤᠨ ᠳᠤ ᠣᠷᠣᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠬᠤᠪᠢ ᠨᠡᠮᠡᠷᠢ ᠦᠵᠡᠭᠦᠯᠭᠦ ᠨᠤᠷᠮ᠎ᠠ 30% ᠣᠷᠴᠢᠮ ᠪᠠᠶᠢᠬᠤ ᠶᠢ ᠪᠠᠲᠤᠯᠠᠪᠠ᠃ ᠳᠤᠮᠳᠠᠳᠤ ᠤᠯᠤᠰ ᠡᠨᠡ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠪᠠᠨ ᠪᠡᠶᠡᠯᠡᠭᠦᠯᠬᠦ ᠳᠤ ᠢᠲᠡᠭᠡᠯ ᠲᠡᠭᠦᠯᠳᠡᠷ ᠪᠠᠶᠢᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠠᠮᠤᠭ ᠤᠨ ᠶᠡᠭᠡ ᠬᠥᠳᠡᠯᠭᠡᠭᠦᠷ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠤᠨ᠎ᠠ᠃ ᠳᠤᠮᠳᠠᠳᠤ ᠤᠯᠤᠰ ᠤᠨ ᠬᠥᠭᠵᠢᠯᠲᠡ ᠪᠣᠯ ᠨᠡᠭᠡᠭᠡᠯᠲᠡᠲᠡᠢ ᠪᠠᠭᠲᠠᠭᠠᠮᠵᠢᠲᠠᠢ ᠶᠤᠮ᠂ ᠳᠤᠮᠳᠠᠳᠤ ᠤᠯᠤᠰ ᠭᠠᠳᠠᠭᠠᠳᠤ ᠨᠡᠭᠡᠭᠡᠯᠲᠡ ᠪᠠᠨ ᠦᠷᠭᠦᠯᠵᠢᠯᠡᠨ ᠥᠷᠭᠡᠳᠬᠡᠵᠦ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠠᠶᠢᠭᠤᠯᠵᠤ᠂ ᠨᠠᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠵᠤ᠂ ᠳᠡᠯᠡᠬᠡᠢ ᠶᠢᠨ ᠡᠯ᠎ᠡ ᠤᠯᠤᠰ ᠤᠨ ᠬᠥᠭᠵᠢᠯᠲᠡ ᠳᠤ ᠨᠠᠩ ᠣᠯᠠᠨ ᠰᠢᠨ᠎ᠡ ᠠᠵᠠ ᠲᠣᠭᠢᠶᠠᠯ ᠬᠠᠩᠭᠠᠵᠤ᠂ ᠨᠠᠩ ᠣᠯᠠᠨ ᠬᠥᠭᠵᠢᠯᠲᠡ ᠶᠢᠨ ᠠᠰᠢᠭ ᠢ ᠬᠤᠪᠢᠶᠠᠯᠴᠠᠨ᠎ᠠ ᠭᠡᠵᠦ ᠵᠢᠭᠠᠵᠤ ᠭᠠᠷᠭᠠᠪᠠ᠃
ᠰᠢ ᠶᠢᠨ ᠫᠢᠩ 《ᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ ᠲᠤᠷᠰᠢ ᠣᠯᠣᠭᠰᠠᠨ ᠢᠳᠡᠪᠬᠢᠲᠡᠢ ᠠᠬᠢᠴᠠ ᠶᠢ ᠲᠠᠨᠢᠯᠴᠠᠭᠤᠯᠵᠤ᠂ ᠳᠤᠮᠳᠠᠳᠤ ᠤᠯᠤᠰ ᠪᠣᠯ ᠪᠣᠳᠠᠲᠠᠢ ᠠᠵᠢᠯᠯᠠᠭᠴᠢ᠂ ᠢᠳᠡᠪᠬᠢᠲᠡᠢ ᠦᠢᠯᠡᠳᠦᠯᠭᠡᠵᠢᠭᠦᠯᠦᠭᠴᠢ ᠮᠥᠨ᠂ 《ᠬᠠᠳᠠᠭᠠᠰᠤ ᠬᠠᠳᠠᠬᠤ》 ᠵᠣᠷᠢᠭ ᠰᠠᠨᠠᠭ᠎ᠠ ᠪᠠᠷ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ ᠪᠣᠯᠣᠨ ᠳᠡᠯᠡᠬᠡᠢ ᠳ᠋ᠠᠬᠢᠨ ᠤ ᠬᠠᠮᠲᠤ ᠶᠢᠨ ᠬᠥᠭᠵᠢᠯᠲᠡ ᠶᠢᠨ ᠬᠥᠭᠦᠷᠭᠡ ᠶᠢ ᠴᠣᠭᠴᠠᠯᠠᠨ ᠪᠠᠶᠢᠭᠤᠯᠪᠠ᠃ ᠡᠯ᠎ᠡ ᠤᠯᠠᠨ ᠤᠯᠤᠰ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠢᠨ 《ᠨᠢᠭᠡ ᠪᠦᠰᠡ ᠨᠢᠭᠡ ᠵᠠᠮ》 ᠤᠨ ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠢᠳᠡᠪᠬᠢᠲᠡᠢ ᠣᠷᠣᠯᠴᠠᠵᠤ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠠᠬᠢᠭᠤᠯᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠴᠢᠬᠤᠯᠠᠴᠢᠯᠠᠪᠠ᠃
ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ ᠲᠤᠬᠠᠢ ᠰᠢ ᠶᠢᠨ ᠫᠢᠩ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠳᠤ ᠪᠦᠲᠦᠮᠵᠢᠲᠡᠢ᠂ ᠵᠢᠳᠬᠦᠯ ᠴᠢᠷᠮᠠᠶᠢᠯᠭ᠎ᠠ ᠲᠠᠢ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠠᠴᠠ ᠰᠠᠯᠵᠤ ᠴᠢᠳᠠᠬᠤ ᠦᠭᠡᠢ ᠶᠤᠮ᠃ ᠤᠯᠠᠨ ᠤᠯᠤᠰ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠴᠠᠭ ᠦᠶ᠎ᠡ ᠶᠢᠨ ᠬᠦᠰᠡᠯ ᠱᠠᠭᠠᠷᠳᠠᠯᠭ᠎ᠠ ᠪᠠ ᠳᠡᠯᠡᠬᠡᠢ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠳᠤ ᠢᠳᠡᠪᠬᠢᠲᠡᠢ ᠣᠷᠤᠯᠴᠠᠬᠤ ᠪᠠ ᠠᠬᠢᠭᠤᠯᠵᠤ᠂ ᠨᠡᠩ ᠲᠥᠪ ᠭᠤᠣᠯᠴᠢ ᠵᠦᠢ ᠵᠣᠬᠢᠰᠲᠠᠢ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠪᠠᠶᠢᠷᠢᠰᠢᠯ ᠤᠨ ᠬᠥᠭᠵᠢᠯᠲᠡ ᠬᠤᠪᠢᠷᠠᠯᠲᠠ ᠶᠢ ᠲᠤᠰᠬᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠨᠡᠮᠡᠭᠳᠡᠭᠦᠯᠦᠶ᠎ᠡ᠃ ᠡᠯ᠎ᠡ ᠲᠠᠯ᠎ᠠ ᠶᠢᠨ ᠬᠢᠨ ᠡᠨᠡ ᠲᠠᠯ᠎ᠠ ᠪᠠᠷ ᠨᠢᠭᠡᠨᠲᠡ ᠡᠳᠦᠢ ᠲᠡᠳᠦᠢ ᠬᠠᠮᠲᠤ ᠶᠢᠨ ᠲᠠᠨᠢᠯᠲᠠ ᠲᠠᠢ ᠪᠣᠯᠪᠠ᠂ ᠡᠭᠦᠨ ᠤ ᠵᠠᠩᠭᠢᠯᠠᠭ᠎ᠠ ᠨᠢ ᠬᠦᠰᠡᠯ ᠡᠷᠡᠮᠡᠯᠵᠡᠯ ᠢᠶᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ᠃ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠠᠭᠠᠬᠢᠵᠤ ᠥᠭᠡᠷᠡᠴᠢᠯᠡᠯᠲᠡ ᠬᠢᠭᠰᠡᠨ ᠴᠦ᠂ ᠡᠷᠬᠡᠪᠰᠢ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠵᠠᠷᠴᠢᠮ ᠢ ᠪᠠᠷᠢᠮᠲᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠡᠯ᠎ᠡ ᠤᠯᠤᠰ ᠤᠨ ᠡᠷᠬᠡ ᠠᠰᠢᠭ ᠤᠨ ᠡᠷᠬᠡ ᠲᠡᠭᠰᠢ᠂ ᠠᠵᠠ ᠲᠣᠭᠢᠶᠠᠯ ᠤᠨ ᠡᠷᠬᠡ ᠲᠡᠭᠰᠢ᠂ ᠳᠦᠷᠢᠮ ᠤᠨ ᠡᠷᠬᠡ ᠲᠡᠭᠰᠢ ᠪᠠᠶᠢᠬᠤ ᠶᠢ ᠪᠠᠲᠤᠯᠠᠶ᠎ᠠ ᠭᠡᠵᠦ ᠴᠢᠬᠤᠯᠠᠴᠢᠯᠠᠪᠠ᠃
ᠰᠢ ᠶᠢᠨ ᠫᠢᠩ ᠪᠠᠰᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢ ᠬᠥᠭᠵᠢᠭᠦᠯᠬᠦ ᠲᠤᠬᠠᠢ ᠳᠤᠮᠳᠠᠳᠤ ᠶᠢᠨ ᠲᠠᠯ᠎ᠠ ᠶᠢᠨ ᠢᠮᠠᠭᠲᠠ ᠶᠢᠨ ᠵᠠᠷᠴᠢᠮ ᠵᠣᠭᠰᠣᠯᠲᠠ ᠶᠢ ᠲᠣᠳᠣᠷᠬᠠᠶᠢᠯᠠᠨ ᠥᠭᠦᠯᠡᠵᠦ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠠᠮᠧᠷᠢᠺᠠ ᠶᠢᠨ ᠵᠠᠰᠠᠭ ᠤᠨ ᠣᠷᠳᠣᠨ ᠲᠠᠢ ᠶᠠᠷᠢᠯᠴᠠᠭ᠎ᠠ ᠪᠠᠨ ᠪᠠᠲᠤᠯᠠᠵᠤ᠂ ᠬᠠᠮᠲᠤᠷᠠᠯᠴᠠᠭ᠎ᠠ ᠪᠠᠨ ᠥᠷᠭᠡᠳᠬᠡᠵᠦ᠂ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠵᠦ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠲᠣᠭᠲᠠᠭᠤᠨ᠂ ᠡᠷᠡᠭᠦᠯ᠂ ᠦᠷᠭᠦᠯᠵᠢᠯᠡᠬᠦ ᠴᠢᠭᠯᠡᠯ ᠢᠶᠠᠷ ᠬᠥᠭᠵᠢᠬᠦ ᠶᠢ ᠠᠬᠢᠭᠤᠯᠤᠨ᠎ᠠ᠂ ᠠᠮᠧᠷᠢᠺᠠ ᠶᠢᠨ ᠲᠠᠯ᠎ᠠ ᠶᠢᠨ ᠬᠢᠨ ᠳᠤᠮᠳᠠᠳᠤ ᠶᠢᠨ ᠲᠠᠯ᠎ᠠ ᠶᠢᠨ ᠬᠢᠨ ᠲᠠᠢ ᠠᠳᠠᠯᠢ ᠴᠢᠭᠯᠡᠯ ᠢᠶᠠᠷ ᠤᠷᠤᠭᠰᠢᠯᠠᠬᠤ ᠶᠢ ᠬᠦᠰᠡᠵᠦ ᠪᠠᠶᠢᠨ᠎ᠠ᠃ ᠪᠣᠭᠤᠮᠲᠠ ᠶᠢᠨ ᠭᠠᠶᠢᠯᠢ ᠶᠢᠨ ᠲᠡᠶᠢᠠ᠂ ᠠᠷᠠᠯᠵᠢᠶᠠᠨ ᠤ ᠲᠡᠶᠢᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠡᠶᠢᠠ ᠨᠢ ᠲᠡᠦᠬᠡ ᠶᠢᠨ ᠤᠷᠤᠰᠬᠠᠯ ᠪᠠ ᠠᠵᠤ ᠠᠬᠤᠢ ᠶᠢᠨ ᠵᠢᠮ᠎ᠡ ᠶᠣᠰᠣ ᠠᠴᠠ ᠵᠥᠷᠢᠴᠡᠭᠰᠡᠨ ᠪᠣᠯᠬᠤᠷ ᠢᠯᠠᠭᠴᠢ ᠪᠤᠯᠬᠤ ᠬᠦᠰᠡᠯ ᠨᠢ ᠪᠡᠶᠡᠯᠡᠭᠳᠡᠵᠦ ᠴᠢᠳᠠᠬᠤ ᠦᠭᠡᠢ ᠶᠤᠮ᠃ ᠳᠤᠮᠳᠠᠳᠤ ᠤᠯᠤᠰ ᠤᠶᠤᠨ ᠴᠢᠳᠠᠯ ᠢᠶᠠᠨ ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠶᠢ ᠢᠮᠠᠭᠲᠠ ᠪᠠᠷᠢᠮᠲᠠᠯᠠᠵᠤ᠂ ᠥᠪᠡᠷ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠡᠷᠡᠰ ᠬᠠᠮᠠᠭᠠᠯᠠᠨ᠎ᠠ᠃ ᠡᠭᠦᠨ ᠤ ᠬᠠᠮᠲᠤ ᠳᠤᠮᠳᠠᠳᠤ ᠶᠢᠨ ᠲᠠᠯ᠎ᠠ ᠶᠢᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠡᠷᠡᠰ ᠵᠣᠷᠢᠭ ᠬᠤᠪᠢᠷᠠᠬᠤ ᠦᠭᠡᠢ ᠶᠤᠮ ᠭᠡᠵᠦ ᠴᠢᠬᠤᠯᠠᠴᠢᠯᠠᠪᠠ᠃
ᠸᠠᠩ ᠢ ᠠᠭᠤᠯᠵᠠᠯᠲᠠ ᠳᠤ ᠣᠷᠣᠯᠴᠠᠵᠠᠢ᠃