ᠵᠤᠬᠢᠶᠠᠭᠴᠢ:
ᠴᠠᠭ:2024-12-13
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠢ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠤᠯᠪᠣᠭᠳᠠᠯ ᠪᠥᠬᠦᠶ ᠠᠵᠢᠯ ᠤᠳ ᠢ ᠰᠤᠳᠤᠯᠵᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠠᠶᠠᠯᠠᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠡᠬᠡ ᠲᠥᠰᠦᠯ︶︾ ᠶᠢ ᠶᠠᠷᠢᠯᠴᠠᠪᠠ
ᠰᠢᠨᠬᠤᠸᠠ ᠬᠤᠷᠢᠶᠠᠨ ᠤ ᠪᠡᠭᠡᠵᠢᠩ ᠤᠨ 2024 12 ᠰᠠᠷ᠎ᠠ ᠶᠢᠨ 6 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 12 ᠳ᠋ᠤᠭᠠᠷ ᠰᠠᠷ᠎ᠠ ᠶᠢᠨ 6 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠢ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠤᠯᠪᠣᠭᠳᠠᠯ ᠪᠥᠬᠦᠶ ᠠᠵᠢᠯ ᠤᠳ ᠢ ᠰᠤᠳᠤᠯᠵᠤ᠂ 《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠠᠶᠠᠯᠠᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠡᠬᠡ ᠲᠥᠰᠦᠯ︶》 ᠶᠢ ᠶᠠᠷᠢᠯᠴᠠᠪᠠ᠃
ᠬᠤᠷᠠᠯᠳᠤᠭᠠᠨ ᠳᠤ ᠵᠢᠭᠠᠵᠤ ᠭᠠᠷᠭᠠᠭᠰᠠᠨ ᠢᠶᠠᠷ᠂ ᠲᠣᠰ ᠤᠳᠠᠭ᠎ᠠ ᠶᠢᠨ ᠶᠡᠷᠦᠩᠬᠡᠢ ᠰᠢᠮᠳᠠᠭᠤᠯᠤᠨ ᠪᠠᠶᠢᠴᠠᠭᠠᠬᠤ ᠳᠤ ᠪᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠬᠥᠭᠵᠢᠯᠲᠡ ᠳᠠᠬᠢ ᠨᠢᠭᠡ ᠪᠦᠯᠦᠭ ᠬᠦᠴᠢᠷᠳᠡᠯ ᠲᠦᠭᠵᠢᠷᠡᠯ᠂ ᠠᠵᠤ ᠠᠬᠤᠶᠢᠯᠠᠯ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠢ ᠢᠯᠡᠷᠡᠭᠦᠯᠦᠭᠰᠡᠨ ᠤ ᠬᠠᠮᠲᠤ ᠰᠢᠢᠳᠪᠦᠷᠢᠯᠡᠬᠦ ᠶᠢ ᠠᠬᠢᠭᠤᠯᠵᠤ᠂ ᠦᠷ᠎ᠡ ᠪᠦᠲᠦᠮᠵᠢ ᠲᠠᠢ ᠪᠣᠯᠬᠤᠷ ᠨᠤᠲᠠᠯᠠᠭᠤᠰᠢᠲᠠᠢ ᠪᠠᠶᠢᠨ᠎ᠠ᠃ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠲᠣᠬᠢᠶᠠᠯ ᠪᠣᠯᠭᠠᠵᠤ᠂ ᠠᠰᠠᠭᠤᠳᠠᠯ ᠤᠨ ᠨᠠᠷᠢᠨ ᠲᠠᠩᠰᠠ ᠶᠢ ᠬᠠᠷᠢᠭᠤᠴᠠᠯᠭ᠎ᠠ ᠶᠢᠨ ᠨᠠᠷᠢᠨ ᠲᠠᠩᠰᠠ ᠪᠣᠯᠭᠠᠵᠤ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠠᠵᠢᠯ ᠢᠶᠠᠨ ᠰᠠᠶᠢᠵᠢᠷᠠᠭᠤᠯᠬᠤ ᠬᠦᠴᠦᠯᠡᠬᠦ ᠴᠡᠭ ᠪᠣᠯᠭᠠᠵᠤ᠂ ᠰᠢᠮᠳᠠᠭᠤᠯᠤᠨ ᠪᠠᠶᠢᠴᠠᠭᠠᠭᠠᠳ ᠢᠯᠡᠷᠡᠭᠦᠯᠦᠭᠰᠡᠨ ᠨᠡᠶᠢᠲᠡᠴᠢ ᠴᠢᠨᠠᠷᠲᠠᠢ ᠠᠰᠠᠭᠤᠳᠠᠯ ᠢ ᠭᠦᠨᠵᠡᠭᠡᠢ ᠰᠤᠳᠤᠯᠵᠤ᠂ ᠨᠢᠭᠡ ᠠᠴᠠ ᠨᠦᠬᠦᠭᠡ ᠶᠢ ᠵᠦᠢᠴᠢᠯᠡᠵᠦ ᠪᠠᠶᠢᠭᠠᠳ ᠴᠡᠭᠴᠡᠯᠡᠨ ᠰᠠᠶᠢᠵᠢᠷᠠᠭᠤᠯᠵᠤ᠂ ᠴᠡᠭ ᠢᠶᠠᠷ ᠨᠡᠶᠢᠳᠡᠮ ᠢ ᠲᠠᠶᠢᠴᠢᠯᠠᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠢ ᠠᠯᠢ ᠴᠢᠳᠠᠬᠤ ᠪᠠᠷ ᠤᠷᠤᠭᠰᠢ ᠠᠬᠢᠭᠤᠯᠤᠨ᠂ ᠡᠨᠡ ᠵᠢᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ ᠳᠠᠭᠤᠰᠬᠠᠬᠤ ᠠᠵᠢᠯ ᠢ ᠳᠠᠷᠠᠭ᠎ᠠ ᠵᠢᠯ ᠪᠣᠯᠲᠠᠯ᠎ᠠ ᠰᠤᠨᠵᠢᠷᠠᠭᠤᠯᠤᠨ ᠬᠤᠶᠢᠰᠢᠯᠠᠭᠤᠯᠵᠤ ᠪᠣᠯᠬᠤ ᠦᠭᠡᠢ᠂ ᠦᠷᠭᠦᠯᠵᠢᠯᠡᠨ ᠠᠬᠢᠭᠤᠯᠬᠤ ᠴᠢᠬᠤᠯᠠᠲᠠᠢ ᠳᠤ ᠨᠢ ᠱᠠᠲᠤ ᠦᠶ᠎ᠡ ᠶᠢᠨ ᠬᠠᠷᠠᠯᠲᠠ ᠶᠢ ᠨᠢ ᠲᠣᠳᠣᠷᠬᠠᠢ ᠲᠣᠭᠲᠠᠭᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠣᠳᠣᠬᠠᠨ ᠤ ᠠᠵᠢᠯ ᠢᠶᠠᠨ ᠰᠠᠶᠢᠲᠤᠷ ᠬᠢᠬᠦ ᠯᠦᠭᠡ ᠨᠢᠭᠲᠠ ᠤᠶᠠᠯᠳᠤᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠨᠡᠩ ᠰᠠᠶᠢᠨ ᠬᠦᠴᠦᠨ ᠨᠡᠮᠡᠷᠢᠯᠡᠬᠦ ᠬᠡᠷᠡᠭᠲᠡᠢ᠃ ᠠᠵᠢᠯ ᠶᠠᠪᠤᠳᠠᠯ ᠳᠠᠬᠢ ᠶᠡᠷᠦᠩᠬᠡᠢ ᠰᠢᠮᠳᠠᠭᠤᠯᠤᠨ ᠪᠠᠶᠢᠴᠠᠭᠠᠯᠲᠠ ᠶᠢᠨ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠠᠵᠢᠯ ᠤᠨ ᠦᠷ᠎ᠡ ᠪᠦᠲᠦᠮᠵᠢ ᠨᠢ ᠰᠠᠶᠢᠨ ᠪᠣᠯ ᠬᠥᠬᠢᠭᠦᠯᠦᠨ ᠵᠣᠷᠢᠭᠵᠢᠭᠤᠯᠬᠤ ᠪᠠᠨ ᠴᠢᠩᠭᠠᠳᠬᠠᠵᠤ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠪᠣᠢ ᠪᠣᠯᠭᠠᠨ᠂ ᠰᠠᠶᠢᠨ ᠲᠤᠷᠰᠢᠯᠭ᠎ᠠ ᠠᠷᠭ᠎ᠠ ᠬᠢᠳᠡᠯ ᠢ ᠳᠡᠯᠭᠡᠷᠡᠭᠦᠯᠦᠨ ᠬᠡᠷᠡᠭᠵᠢᠭᠦᠯᠵᠦ᠂ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠨᠡᠩ ᠰᠠᠶᠢᠲᠤᠷ ᠤᠷᠮᠠᠰᠢᠭᠤᠯᠤᠨ ᠬᠥᠭᠵᠢᠭᠡᠬᠦ ᠬᠡᠷᠡᠭᠲᠡᠢ᠃
ᠬᠤᠷᠠᠯᠳᠤᠭᠠᠨ ᠳᠤ ᠵᠢᠭᠠᠵᠤ ᠭᠠᠷᠭᠠᠭᠰᠠᠨ ᠢᠶᠠᠷ᠂ ᠤᠢᠢᠷ᠎ᠠ ᠶᠢᠨ ᠵᠢᠯ ᠤᠳ ᠲᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠤᠰᠤᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠦᠷᠭᠦᠯᠵᠢᠯᠡᠨ ᠴᠢᠩᠭᠠᠷᠠᠪᠠ᠃ ᠶᠡᠷᠦᠩᠬᠡᠶ ᠱᠦᠵᠢ ᠰᠢ ᠶᠢᠨ ᠫᠢᠩ ᠡᠷᠬᠢᠯᠡᠨ ᠬᠤᠷᠠᠯᠳᠤᠭᠤᠯᠤᠭᠰᠠᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠲᠤᠬᠠᠢ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠂ ᠬᠠᠮᠠᠭᠠᠯᠠᠯᠲᠠ ᠶᠢ ᠭᠤᠣᠯᠴᠢᠯᠠᠨ᠂ ᠵᠠᠰᠠᠯᠲᠠ ᠶᠢ ᠴᠢᠬᠤᠯᠠᠴᠢᠯᠠᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠰᠤ ᠬᠢᠭᠡᠳ ᠬᠥᠮᠦᠨ ᠠᠮᠠ᠂ ᠠᠮᠤ ᠪᠤᠳᠠᠭ᠎ᠠ᠂ ᠡᠨᠧᠷᠭᠢ ᠶᠢᠨ ᠬᠠᠷᠢᠴᠠᠭ᠎ᠠ ᠶᠢ ᠭᠤᠤᠯᠳᠠᠯᠭ᠎ᠠ ᠲᠠᠢ ᠰᠠᠶᠢᠲᠤᠷ ᠰᠢᠢᠳᠪᠦᠷᠢᠯᠡᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠨᠢ ᠠᠬᠢᠭᠤᠯᠵᠤ᠂ ᠬᠠᠲᠤᠨ ᠭᠤᠤᠯ ᠤᠨ ᠠᠮᠤᠭᠤᠯᠠᠩ ᠳᠥᠯᠭᠡᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠣᠭᠲᠠᠭᠤᠨ ᠢᠶᠠᠷ ᠨᠡᠮᠡᠭᠳᠡᠭᠦᠯᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃
ᠬᠤᠷᠠᠯᠳᠤᠭᠠᠨ ᠢᠶᠠᠷ 《ᠪᠦᠭᠦᠲᠠ ᠨᠠᠶᠢᠷᠠᠮᠲᠠᠬᠤ ᠳᠣᠮᠲᠠᠲᠤ ᠠᠷᠠᠣᠠ ᠤᠯᠤᠰ ᠤᠨ ᠠᠷᠠᠣᠠ ᠤᠨ ᠠᠭᠠᠷ ᠠᠶᠠᠯᠠᠯ ᠤᠨ ᠬᠠᠣᠯᠢ ︵ᠵᠠᠰᠠᠪᠤᠷᠢ ᠣᠷᠣᠭᠤᠯᠤᠭᠰᠠᠨ ᠡᠬᠡ ᠳᠦᠰᠣᠯ︶》 ᠶᠢ ᠶᠠᠷᠢᠯᠴᠠᠬᠰᠠᠨ ᠪᠥᠭᠡᠳ ᠵᠠᠷᠴᠢᠮ ᠤᠨ ᠲᠠᠯ᠎ᠠ ᠪᠠᠷ ᠪᠠᠲᠣᠯᠠᠵᠤ᠂ ᠡᠬᠡ ᠳᠦᠰᠣᠯ ᠢ ᠪᠦᠭᠦ ᠤᠯᠤᠰ ᠤᠨ ᠠᠷᠠᠣᠠ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠲᠠᠪᠰᠢᠭᠦᠯᠵᠤ ᠬᠢᠨᠠᠨ ᠶᠠᠷᠢᠯᠴᠠᠭᠤᠯᠬᠤ ᠪᠠᠷ ᠳᠣᠬᠲᠠᠪᠠ᠃ ᠬᠤᠷᠠᠯᠳᠤᠭᠠᠨ ᠳᠤ ᠵᠢᠭᠠᠵᠤ ᠭᠠᠷᠭᠠᠭᠰᠠᠨ ᠢᠶᠠᠷ᠂ ᠠᠮᠤᠷ ᠲᠦᠪᠰᠢᠨ ᠢ ᠨᠢᠭᠡᠳᠦᠭᠡᠷ ᠲᠤ ᠲᠠᠯᠪᠢᠬᠤ ᠶᠢ ᠪᠠᠷᠢᠮᠲᠠᠯᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠡᠭᠡᠭᠡᠪᠦᠷᠢ ᠦᠢᠯᠡᠳᠪᠦᠷᠢᠯᠡᠯ ᠤᠨ ᠬᠡᠪᠴᠢᠶ᠎ᠡ ᠬᠢᠭᠡᠳ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠬᠠᠷᠢᠯᠴᠠᠨ ᠵᠣᠬᠢᠴᠠᠯᠳᠤᠭᠤᠯᠬᠤ ᠶᠢ ᠪᠠᠲᠤᠯᠠᠬᠤ ᠬᠡᠷᠡᠭᠲᠡᠢ᠃ ᠠᠷᠠᠳ ᠤᠨ ᠠᠭᠠᠷ ᠠᠶᠠᠯᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠳᠣᠲᠣᠭᠠᠳᠤ ᠳᠠᠬᠢ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠠᠭᠤᠳᠠᠯᠵᠤ᠂ ᠬᠠᠮᠢᠶ᠎ᠠ ᠪᠥᠬᠦᠶ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠂ ᠠᠷᠠᠳ ᠤᠨ ᠠᠭᠠᠷ ᠠᠶᠠᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠨ᠂ ᠪᠦᠬᠦ ᠪᠥᠮᠪᠥᠷᠴᠡᠭ ᠤᠨ ᠠᠭᠠᠷ ᠠᠶᠠᠯᠠᠯ ᠤᠨ ᠱᠤᠭᠤᠮ ᠤᠨ ᠲᠣᠣᠷ ᠰᠦᠯᠵᠢᠶᠡᠨ ᠤ ᠪᠠᠶᠢᠷᠢᠯᠠᠭᠤᠯᠤᠯᠲᠠ ᠶᠢ ᠲᠠᠰᠤᠷᠠᠯᠲᠠ ᠤᠢᠭᠡᠢ ᠰᠢᠯᠢᠳᠡᠭᠵᠢᠭᠦᠯᠵᠦ᠂ ᠣᠯᠠᠨ ᠤᠯᠤᠰ ᠤᠨ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠪᠣᠯᠤᠨ ᠬᠥᠮᠦᠨ ᠰᠣᠶᠣᠯ ᠤᠨ ᠰᠣᠯᠢᠯᠴᠠᠭ᠎ᠠ ᠶᠢ ᠠᠬᠢᠭᠤᠯᠤᠨ᠎ᠠ᠃
ᠬᠤᠷᠠᠯᠳᠤᠭᠠᠨ ᠳᠤ ᠪᠠᠰᠠ ᠪᠤᠰᠤᠳ ᠵᠦᠢᠯᠡᠰ ᠢ ᠰᠤᠳᠤᠯᠵᠠᠢ᠃