ᠵᠤᠬᠢᠶᠠᠭᠴᠢ:
ᠴᠠᠭ:2024-12-13
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠬᠦ ᠴᠡᠷᠢᠭ ᠠᠩᠭᠢ ᠳᠤ ᠠᠵᠢᠯ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠬᠦᠴᠦᠷᠬᠡᠭ ᠶᠡᠭᠡ ᠣᠳᠣᠬᠢᠴᠢᠯᠠᠭᠰᠠᠨ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢ ᠴᠢᠷᠮᠠᠶᠢᠨ ᠪᠠᠶᠢᠭᠤᠯᠵᠤ ᠮᠠᠨ ᠤ ᠴᠡᠷᠢᠭ ᠤᠨ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠠᠪᠠᠯᠳᠠᠳᠤ ᠬᠥᠭᠵᠢᠯᠲᠡ ᠶᠢ ᠠᠬᠢᠭᠤᠯᠬᠤ ᠬᠡᠷᠡᠭᠲᠡᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2024 12 ᠰᠠᠷ᠎ᠠ ᠶᠢᠨ 5 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠮᠧᠢ ᠴᠠᠩ ᠸᠧᠢ︶ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 4 ᠤ ᠡᠳᠦᠷ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠳᠤ ᠠᠵᠢᠯ ᠪᠠᠶᠢᠴᠠᠭᠠᠵᠤ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢᠨ ᠠᠩᠬᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢᠨ ᠪᠦᠭᠦ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠪᠡ᠃ ᠲᠡᠷᠡ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠣᠷᠢᠭᠲᠠᠢ ᠪᠠᠷ ᠰᠢᠨ᠎ᠡ ᠶᠢ ᠡᠭᠦᠳᠦᠨ ᠰᠢᠪᠲᠤᠯᠤᠯᠲᠠ ᠭᠠᠷᠭᠠᠵᠤ᠂ ᠴᠡᠷᠢᠭ ᠠᠩᠭᠢ ᠶᠢᠨ ᠰᠠᠭᠤᠷᠢ ᠶᠢ ᠪᠠᠬᠢᠵᠢᠭᠦᠯᠵᠦ᠂ ᠬᠦᠴᠦᠷᠬᠡᠭ ᠶᠡᠭᠡ ᠣᠳᠣᠬᠢᠴᠢᠯᠠᠭᠰᠠᠨ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢ ᠴᠢᠷᠮᠠᠶᠢᠨ ᠪᠠᠶᠢᠭᠤᠯᠵᠤ᠂ ᠮᠠᠨ ᠤ ᠴᠡᠷᠢᠭ ᠤᠨ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠠᠪᠠᠯᠳᠠᠳᠤ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠪᠣᠯ ᠴᠡᠷᠢᠭ ᠤᠨ ᠲᠥᠷᠥᠯ ᠤᠨ ᠪᠦᠲᠦᠴᠡ ᠶᠢᠨ ᠪᠠᠶᠢᠷᠢᠰᠢᠭᠤᠯᠤᠯᠲᠠ ᠶᠢᠨ ᠲᠣᠬᠢᠷᠠᠭᠤᠯᠤᠯᠲᠠ ᠥᠭᠡᠷᠡᠴᠢᠯᠡᠯᠲᠡ ᠳᠤᠮᠳᠠ ᠰᠢᠨ᠎ᠡ ᠪᠠᠷ ᠵᠣᠬᠢᠶᠠᠨ ᠪᠠᠶᠢᠭᠤᠯᠤᠭᠰᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠴᠡᠷᠢᠭ ᠤᠨ ᠲᠥᠷᠥᠯ ᠪᠣᠯᠣᠨ᠎ᠠ᠂ ᠰᠢ ᠶᠢᠨ ᠫᠢᠩ ᠡᠨᠡ ᠵᠢᠯ ᠤᠨ 4 ᠰᠠᠷ᠎ᠠ ᠳᠤ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠳᠤ ᠴᠡᠷᠢᠭ ᠤᠨ ᠲᠤᠭ ᠣᠯᠭᠤᠭᠰᠠᠨ ᠪᠥᠭᠡᠳ ᠰᠤᠷᠭᠠᠯ ᠦᠭᠡ ᠬᠡᠯᠡᠪᠡ᠃
ᠦᠳᠡ ᠶᠢᠨ ᠡᠮᠦᠨᠡᠬᠢ 10 ᠴᠠᠭ ᠤᠨ ᠦᠶ᠎ᠡ ᠪᠠᠷ᠂ ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢᠨ ᠪᠠᠶᠢᠭᠤᠯᠭ᠎ᠠ ᠳᠤ ᠬᠦᠷᠴᠦ᠂ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢᠨ ᠠᠩᠬᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠦᠭᠦ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠤᠯᠠᠨ ᠲᠠᠢ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃
ᠲᠠᠷᠠᠭ᠎ᠠ ᠨᠢ᠂ ᠰᠢ ᠶᠢᠨ ᠫᠢᠩ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠣᠳᠣᠬᠠᠨ ᠳᠤ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠴᠡᠷᠢᠭ ᠤᠨ ᠶᠠᠪᠤᠳᠠᠯ ᠤᠨ ᠬᠤᠪᠢᠰᠬᠠᠯ ᠦᠳᠲᠡᠷ ᠲᠦᠷᠭᠡᠨ ᠬᠥᠭᠵᠢᠵᠦ᠂ ᠲᠡᠶᠢᠨ ᠪᠠᠶᠢᠯᠳᠤᠭᠠᠨ ᠤ ᠭᠡᠯᠪᠡᠷᠢ ᠲᠦᠷᠭᠡᠨ ᠬᠤᠪᠢᠷᠠᠵᠤ᠂ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠣᠲᠣ ᠦᠶ᠎ᠡ ᠶᠢᠨ ᠲᠡᠶᠢᠨ ᠪᠠᠶᠢᠯᠳᠤᠭᠠᠨ ᠳᠠᠬᠢ ᠪᠠᠶᠢᠷᠢ ᠰᠠᠭᠤᠷᠢ ᠦᠢᠯᠡᠳᠦᠯ ᠤᠷᠢᠳ ᠡᠮᠦᠨ᠎ᠡ ᠪᠠᠶᠢᠭ᠎ᠠ ᠦᠭᠡᠢ ᠲᠣᠪᠣᠶᠢᠮ᠎ᠠ ᠪᠣᠯᠵᠤ ᠪᠠᠶᠢᠨ᠎ᠠ᠃ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠪᠣᠯ ᠡᠩ ᠲᠡᠷᠢᠭᠦᠨ ᠳᠤ ᠨᠢᠭᠡᠨ ᠲᠠᠶᠢᠴᠢᠨ ᠠᠩᠭᠢ ᠮᠥᠨ᠂ ᠴᠡᠷᠢᠭ ᠢ ᠬᠦᠴᠦᠷᠬᠡᠭᠵᠢᠭᠦᠯᠦᠨ ᠲᠠᠶᠢᠨ ᠳᠤ ᠢᠯᠠᠯᠲᠠ ᠣᠯᠬᠤ ᠥᠨᠳᠥᠷᠴᠡ ᠠᠴᠠ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠤᠶᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠭᠦᠷᠭᠡᠯᠡᠵᠦ ᠪᠠᠶᠢᠭ᠎ᠠ ᠲᠡᠦᠬᠡᠨ ᠬᠦᠨᠳᠦ ᠡᠭᠦᠷᠭᠡ ᠶᠢ ᠲᠣᠳᠣᠷᠬᠠᠢ ᠲᠠᠨᠢᠵᠤ᠂ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠲᠠᠶᠢᠨ ᠳᠤ ᠪᠡᠯᠡᠳᠬᠡᠵᠦ ᠲᠠᠶᠢᠨ ᠬᠢᠬᠦ ᠳᠤ ᠦᠢᠯᠡᠴᠢᠯᠡᠬᠦ ᠲᠤᠯᠭᠠᠭᠤᠷᠢᠯᠠᠬᠤ ᠴᠢᠳᠠᠪᠤᠷᠢ ᠶᠢ ᠲᠦᠷᠭᠡᠨ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠬᠥᠭᠵᠢᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠢᠳᠡᠪᠬᠢᠲᠡᠢ ᠰᠦᠪᠡᠭᠴᠢᠯᠡᠨ ᠦᠢᠯᠡᠳᠦᠯᠭᠡᠵᠢᠭᠦᠯᠵᠦ᠂ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠲᠠᠶᠢᠨ ᠬᠢᠵᠦ ᠳᠡᠶᠢᠯᠭᠦ᠂ ᠢᠯᠠᠭᠤᠭᠰᠠᠨ ᠲᠠᠶᠢᠨ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠭᠡᠯᠪᠡᠷᠢ ᠶᠢ ᠰᠢᠯᠢᠳᠡᠭᠵᠢᠭᠦᠯᠵᠦ᠂ ᠰᠦᠯᠵᠢᠶᠡᠨ ᠤ ᠮᠡᠳᠡᠭᠡ ᠵᠠᠩᠭᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠨ ᠪᠥᠭᠡᠳ ᠯᠠᠪᠳᠠᠭᠤᠨ ᠢᠶᠠᠷ ᠠᠬᠢᠭᠤᠯᠵᠤ᠂ ᠡᠯ᠎ᠡ ᠲᠦᠷᠦᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠰᠠᠶᠢᠲᠤᠷ ᠠᠭᠤᠰᠤᠯᠴᠠᠭᠤᠯᠤᠨ ᠠᠰᠢᠭᠯᠠᠵᠤ᠂ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠰᠡᠷᠭᠡᠶᠢᠯᠡᠯᠲᠡ ᠬᠠᠮᠠᠭᠠᠯᠠᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠰᠲ᠋ᠧᠮ ᠳᠤ ᠠᠭᠤᠰᠤᠯᠴᠠᠬᠤ᠂ ᠰᠢᠰᠲ᠋ᠧᠮ ᠢᠶᠠᠷ ᠬᠥᠳᠡᠯᠭᠡᠭᠦᠷ ᠪᠤᠯᠭᠠᠬᠤ᠂ ᠰᠢᠰᠲ᠋ᠧᠮ ᠳᠤ ᠡᠨᠧᠷᠭᠢ ᠣᠯᠭᠤᠬᠤ ᠶᠢ ᠲᠦᠷᠭᠡᠳᠬᠡᠨ᠂ ᠵᠢᠯᠤᠭᠤᠳᠬᠤ ᠵᠠᠭᠪᠤᠷ ᠤᠨ ᠰᠢᠨ᠎ᠡ ᠶᠢ ᠡᠭᠦᠳᠬᠦ᠂ ᠪᠠᠶᠢᠯᠳᠤᠭᠠᠨ ᠬᠢᠬᠦ ᠠᠷᠭ᠎ᠠ ᠭᠡᠯᠪᠡᠷᠢ ᠶᠢᠨ ᠬᠤᠪᠢᠷᠠᠯᠲᠠ ᠶᠢ ᠬᠥᠲᠥᠯᠥᠨ ᠳᠠᠭᠠᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠵᠢᠯ ᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠯᠪᠣᠭᠳᠠᠯ ᠪᠦᠬᠦᠢ ᠬᠠᠤᠯᠢ ᠲᠣᠭᠲᠠᠭᠠᠯ ᠳᠦᠷᠢᠮ ᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠵᠦ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠠᠮᠢ ᠠᠬᠤᠢ ᠶᠢ ᠪᠤᠢ ᠪᠤᠯᠭᠠᠵᠤ᠂ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠨᠢ ᠶᠠᠭ ᠠᠩᠬ᠎ᠠ ᠪᠠᠶᠢᠭᠤᠯᠬᠤ ᠦᠶ᠎ᠡ ᠳᠤ ᠣᠷᠣᠰᠢᠵᠤ ᠪᠠᠶᠢᠨ᠎ᠠ᠂ ᠲᠣᠰ ᠪᠡᠶ᠎ᠡ ᠶᠢᠨ ᠪᠠᠶᠢᠭᠤᠯᠤᠯᠲᠠ ᠪᠠᠨ ᠪᠦᠭᠦ ᠲᠠᠯ᠎ᠠ ᠪᠠᠷ ᠴᠢᠩᠭᠠᠳᠬᠠᠵᠤ᠂ ᠰᠠᠭᠤᠷᠢ ᠲᠠᠯᠪᠢᠬᠤ᠂ ᠠᠯᠤᠰ ᠭᠡᠲᠦ ᠳᠤ ᠠᠰᠢᠭᠲᠠᠢ ᠠᠵᠢᠯ ᠢ ᠴᠢᠬᠤᠯᠠᠴᠢᠯᠠᠨ ᠰᠠᠶᠢᠲᠤᠷ ᠬᠢᠵᠦ᠂ ᠴᠡᠷᠢᠭ ᠠᠩᠭᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢᠨ ᠦᠨᠳᠦᠰᠦᠨ ᠵᠠᠷᠴᠢᠮ ᠪᠣᠯᠣᠨ ᠪᠠᠶᠢᠭᠤᠯᠤᠯ ᠢ ᠪᠠᠷᠢᠮᠲᠠᠯᠠᠵᠤ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠦᠵᠡᠯ ᠰᠠᠨᠠᠭᠠᠨ ᠤ ᠦᠨᠳᠦᠰᠦ ᠪᠤᠯᠬᠤ ᠠᠰᠠᠭᠤᠳᠠᠯ ᠢ ᠴᠢᠩᠭ᠎ᠠ ᠠᠳᠬᠤᠵᠤ ᠦᠵᠡᠯ ᠰᠠᠨᠠᠭ᠎ᠠ ᠰᠤᠷᠲᠠᠯ ᠤᠨ ᠴᠡᠭᠴᠡᠯᠡᠯᠲᠡ ᠶᠢ ᠭᠦᠨᠵᠡᠭᠡᠶᠢᠷᠡᠭᠦᠯᠵᠦ᠂ ᠰᠤᠷᠲᠠᠯ ᠢ ᠲᠥᠪ ᠪᠤᠯᠭᠠᠵᠤ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ ᠡᠰᠡᠷᠭᠦᠴᠡᠵᠦ᠂ ᠴᠡᠷᠢᠭ ᠠᠩᠭᠢ ᠶᠢᠨ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠠᠷᠢᠭᠤᠨ ᠴᠡᠪᠡᠷ᠂ ᠬᠠᠷᠢᠴᠠᠯᠠᠰᠢᠭᠦᠢ ᠨᠠᠶᠢᠳᠠᠪᠤᠷᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢᠨ ᠠᠩᠬᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠦᠢᠯᠡᠰ ᠪᠣᠰᠬᠠᠬᠤ ᠤᠬᠠᠮᠰᠠᠷ ᠪᠣᠯᠣᠨ ᠵᠠᠮ ᠨᠡᠭᠡᠭᠡᠬᠦ ᠵᠣᠷᠢᠭ ᠰᠠᠨᠠᠭ᠎ᠠ ᠪᠠᠨ ᠴᠢᠩᠭᠠᠳᠬᠠᠵᠤ᠂ ᠠᠩᠬᠠᠳᠠᠭᠴᠢ ᠬᠠᠷᠢᠭᠤᠴᠠᠯᠭ᠎ᠠ ᠪᠠᠨ ᠡᠭᠦᠷᠭᠡᠯᠡᠵᠦ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠢ ᠣᠨᠣᠪᠴᠢᠲᠠᠢ ᠰᠣᠩᠭᠤᠨ ᠬᠦᠴᠦᠷᠬᠡᠭ ᠢ ᠨᠢ ᠲᠣᠬᠢᠷᠠᠭᠤᠯᠵᠤ᠂ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠪᠣᠯᠣᠨ ᠡᠮᠦᠨ᠎ᠡ ᠹᠷᠣᠨᠲ ᠤᠨ ᠲᠠᠶᠢᠴᠢᠨ ᠪᠠᠬᠢᠯᠡᠯᠲᠡ ᠶᠢ ᠪᠠᠶᠢᠭᠤᠯᠤᠨ ᠬᠦᠴᠦᠷᠬᠡᠭᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠭᠦᠢᠴᠡᠳᠬᠡᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠪᠦᠭᠦ ᠴᠥᠷᠬᠡᠯᠡᠭᠡ ᠵᠠᠮ ᠤᠨ ᠪᠠᠶᠢᠭᠤᠯᠤᠯᠲᠠ ᠶᠢ ᠠᠳᠬᠤᠬᠤ ᠣᠶᠢᠯᠠᠭᠠᠭᠳᠠᠬᠤᠨ ᠢ ᠂ ᠴᠢᠳᠠᠪᠤᠷᠢᠲᠠᠨ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠲᠣᠣᠷ ᠰᠦᠯᠵᠢᠶ᠎ᠡ ᠮᠡᠳᠡᠭᠡ ᠵᠠᠩᠭᠢ ᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠬᠡᠷᠡᠭᠲᠡᠢ᠃ ᠣᠨᠣᠴᠠᠲᠠᠢ ᠪᠠᠷ ᠪᠦᠲᠦᠭᠡᠨ ᠪᠠᠶᠢᠭᠤᠯᠤᠯᠲᠠ ᠶᠢ ᠠᠳᠬᠤᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠴᠢᠩᠭᠠᠳᠬᠠᠵᠤ᠂ ᠳᠦᠷᠦᠯ ᠬᠤᠪᠢᠶᠠᠨ ᠵᠢᠯᠤᠭᠤᠳᠬᠤ ᠶᠢ ᠴᠢᠬᠤᠯᠠᠴᠢᠯᠠᠵᠤ᠂ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠴᠡᠷᠢᠭ ᠠᠩᠭᠢ ᠶᠢᠨ ᠵᠢᠩᠬᠢᠨᠢ ᠡᠮᠬᠢ ᠳᠢᠭᠯᠢᠮ ᠪᠣᠯᠣᠨ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ ᠬᠠᠮᠤᠭ ᠤᠨ ᠰᠡᠭᠦᠯ ᠳᠤ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠦᠭᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠲᠦᠷᠦᠭᠦᠯᠡᠨ ᠵᠢᠭᠠᠨ ᠵᠢᠯᠤᠭᠤᠳᠴᠤ᠂ ᠡᠯ᠎ᠡ ᠨᠢᠭᠡᠴᠢ ᠶᠢᠨ ᠬᠢᠨ ᠢᠳᠡᠪᠬᠢᠲᠡᠢ ᠵᠣᠬᠢᠴᠠᠭᠤᠯᠤᠨ ᠬᠠᠮᠵᠢᠯᠴᠠᠵᠤ᠂ ᠬᠠᠮᠲᠤ ᠪᠠᠷ ᠮᠡᠳᠡᠭᠡ ᠵᠠᠩᠭᠢ ᠶᠢᠨ ᠲᠤᠰᠠᠯᠠᠮᠵᠢ ᠦᠵᠡᠭᠦᠯᠭᠦ ᠴᠡᠷᠢᠭ ᠠᠩᠭᠢ ᠶᠢ ᠰᠠᠶᠢᠲᠤᠷ ᠪᠦᠲᠦᠭᠡᠨ ᠪᠠᠶᠢᠭᠤᠯᠵᠤ᠂ ᠮᠠᠨ ᠤ ᠴᠡᠷᠢᠭ ᠤᠨ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
ᠵᠠᠩ ᠶᠢᠦ ᠰᠢᠶᠠ᠂ ᠾᠧ ᠸᠧᠢ ᠳ᠋ᠦᠩ᠂ ᠯᠢᠦ ᠵᠧᠨ ᠯᠢ᠂ ᠵᠠᠩ ᠱᠧᠩ ᠮᠢᠨ ᠨᠠᠷ ᠠᠵᠢᠯᠯᠠᠭ᠎ᠠ ᠳᠤ ᠣᠷᠣᠯᠴᠠᠵᠠᠢ᠃