ᠵᠤᠬᠢᠶᠠᠭᠴᠢ:
ᠴᠠᠭ:2024-12-20
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠴᠢᠶᠣᠤ ᠱᠢ ᠨᠥᠬᠦᠷ ᠤᠨ ᠮᠡᠨᠳᠦᠯᠡᠭᠰᠡᠨ 100 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠬᠤᠷᠠᠯᠳᠤᠭᠤᠯᠪᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ ᠵᠣᠣ ᠯᠧ ᠵᠢᠢ ᠬᠤᠷᠠᠯ ᠢ ᠡᠷᠭᠢᠯᠡᠵᠦ ᠼᠠᠢ ᠴᠢ ᠯᠢ ᠰᠢ ᠬᠤᠷᠠᠯ ᠳᠤ ᠣᠷᠣᠯᠴᠠᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2024 12 ᠰᠠᠷ᠎ᠠ ᠶᠢᠨ 16 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ 16 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠷᠢᠯᠴᠠᠬᠤ ᠬᠤᠷᠠᠯ ᠬᠤᠷᠠᠯᠳᠤᠭᠤᠯᠵᠤ᠂ ᠴᠢᠶᠣᠤ ᠱᠢ ᠨᠥᠬᠦᠷ ᠤᠨ ᠮᠡᠨᠳᠦᠯᠡᠭᠰᠡᠨ 100 ᠵᠢᠯ ᠤᠨ ᠣᠶ ᠶᠢ ᠳᠤᠷᠠᠰᠬᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠬᠤ ᠳᠠᠭᠠᠨ᠂ ᠤᠳᠤ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠶᠠᠭ ᠢᠲᠡᠭᠡᠯ ᠲᠡᠭᠦᠯᠳᠡᠷ ᠢᠶᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠪᠡᠶᠡᠯᠡᠭᠦᠯᠬᠦ ᠪᠠᠷ ᠲᠡᠮᠡᠴᠡᠭᠡᠳ ᠢᠷᠡᠭᠰᠡᠨ ᠰᠠᠶᠢᠨ ᠰᠠᠶᠢᠬᠠᠨ ᠬᠦᠰᠡᠯᠡᠩ ᠶᠠᠭ ᠠᠯᠬᠤᠮ ᠠᠯᠬᠤᠮ ᠢᠶᠠᠷ ᠪᠡᠶᠡᠯᠡᠭᠳᠡᠵᠦ ᠪᠠᠶᠢᠨ᠎ᠠ᠃ ᠪᠢᠳᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠡᠷᠡᠯᠬᠡᠭᠯᠡᠨ ᠤᠷᠤᠭᠰᠢᠯᠠᠵᠤ᠂ ᠲᠡᠦᠬᠡᠨ ᠳᠤ ᠣᠰᠣᠯᠳᠠᠬᠤ ᠦᠭᠡᠢ᠂ ᠴᠠᠭ ᠦᠶ᠎ᠡ ᠳᠤ ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠶᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠵᠠᠢ᠃
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠵᠤᠤ ᠯᠧ ᠵᠢᠢ ᠶᠠᠷᠢᠯᠴᠠᠬᠤ ᠬᠤᠷᠠᠯ ᠢ ᠡᠷᠭᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠼᠠᠢ ᠴᠢ᠂ ᠯᠢ ᠰᠢ ᠶᠠᠷᠢᠯᠴᠠᠬᠤ ᠬᠤᠷᠠᠯ ᠳᠤ ᠣᠷᠣᠯᠴᠠᠪᠠ᠃
ᠰᠢ ᠶᠢᠨ ᠫᠢᠩ ᠶᠠᠷᠢᠶᠠᠨ ᠳᠠᠭᠠᠨ᠂ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠠᠭᠤᠤ ᠶᠡᠭᠡ ᠠᠬᠢᠴᠠ ᠳᠤᠮᠳᠠ ᠦᠶ᠎ᠡ ᠦᠶ᠎ᠡ ᠶᠢᠨ ᠰᠢᠯᠢᠳᠡᠭ ᠳᠤᠮᠳᠠᠳᠤ ᠤᠯᠤᠰ ᠤᠨ ᠡᠪ ᠬᠠᠮᠲᠤᠴᠤᠳ ᠴᠣᠯᠭᠤᠷᠠᠨ ᠭᠠᠷᠴᠠᠢ᠂ ᠴᠢᠶᠣᠤ ᠱᠢ ᠨᠥᠬᠦᠷ ᠪᠣᠯ ᠳᠠᠷᠤᠢ ᠡᠭᠦᠨ ᠤ ᠳᠣᠲᠣᠷᠠᠬᠢ ᠨᠢᠭᠡ ᠭᠠᠷᠮᠠᠭᠠᠢ ᠲᠥᠯᠥᠭᠡᠯᠡᠭᠴᠢ ᠪᠣᠯᠣᠨ᠎ᠠ᠃ ᠲᠡᠭᠦᠨ ᠤ ᠨᠢᠭᠡ ᠨᠠᠰᠤ ᠪᠣᠯ ᠬᠤᠪᠢᠰᠬᠠᠯ ᠤᠨ ᠨᠢᠭᠡ ᠨᠠᠰᠤ᠂ ᠲᠡᠮᠡᠴᠡᠯ ᠤᠨ ᠨᠢᠭᠡ ᠨᠠᠰᠤ᠂ ᠭᠡᠷᠡᠯ ᠰᠠᠴᠤᠷᠠᠩᠭᠤᠢ ᠨᠢᠭᠡ ᠨᠠᠰᠤ ᠮᠥᠨ᠂ ᠦᠨᠡᠨ ᠶᠣᠰᠣ ᠶᠢ ᠡᠷᠢᠯᠬᠢᠯᠡᠭᠰᠡᠨ᠂ ᠲᠠᠪᠰᠢᠯᠳᠠ ᠶᠢ ᠡᠷᠢᠯᠬᠢᠯᠡᠭᠰᠡᠨ᠂ ᠡᠪ ᠬᠠᠮᠲᠤ ᠶᠣᠰᠣᠨ ᠤ ᠦᠢᠯᠡᠰ ᠤᠨ ᠲᠥᠯᠥᠭᠡ ᠲᠡᠮᠡᠴᠡᠭᠰᠡᠨ ᠨᠢᠭᠡ ᠨᠠᠰᠤ ᠮᠥᠨ᠃ ᠲᠡᠭᠦᠨ ᠤ ᠨᠠᠮ ᠪᠠ ᠠᠷᠠᠳ ᠲᠦᠮᠡᠨ ᠤ ᠲᠥᠯᠥᠭᠡ ᠪᠠᠶᠢᠭᠤᠯᠤᠭᠰᠠᠨ ᠭᠠᠪᠢᠶ᠎ᠠ ᠵᠢᠳᠬᠦᠯ ᠢ ᠪᠢᠳᠡ ᠪᠠᠲᠤ ᠴᠡᠭᠡᠵᠢᠯᠡᠵᠦ᠂ ᠲᠡᠭᠦᠨ ᠤ ᠬᠤᠪᠢᠰᠬᠠᠯᠲᠤ ᠵᠣᠷᠢᠭ ᠰᠠᠨᠠᠭ᠎ᠠ ᠪᠠ ᠡᠷᠬᠢᠮ ᠳᠡᠭᠡᠳᠦ ᠬᠡᠪ ᠰᠤᠷᠲᠠᠯ ᠢ ᠪᠢᠳᠡ ᠰᠤᠷᠤᠯᠴᠠᠭᠤᠰᠢᠲᠠᠢ ᠶᠤᠮ ᠭᠡᠵᠦ ᠵᠢᠭᠠᠵᠤ ᠭᠠᠷᠭᠠᠵᠠᠢ᠃
ᠰᠢ ᠶᠢᠨ ᠫᠢᠩ᠂ ᠪᠢᠳᠠ ᠴᠢᠶᠣᠤ ᠱᠢ ᠨᠥᠬᠦᠷ ᠢ ᠳᠤᠷᠠᠰᠬᠠᠵᠤ ᠪᠠᠶᠢᠭ᠎ᠠ ᠨᠢ ᠲᠡᠭᠦᠨ ᠤ ᠢᠲᠡᠭᠡᠯ ᠪᠢᠰᠢᠷᠡᠯ ᠢᠶᠠᠨ ᠪᠠᠲᠤ ᠰᠠᠬᠢᠵᠤ᠂ ᠬᠦᠰᠡᠯᠡᠩ ᠤᠨ ᠢᠶᠠᠨ ᠲᠥᠯᠥᠭᠡ ᠪᠡᠶ᠎ᠡ ᠪᠠᠨ ᠵᠣᠷᠢᠭᠤᠯᠬᠤ ᠡᠷᠬᠢᠮ ᠳᠡᠭᠡᠳᠦ ᠵᠠᠩ ᠴᠢᠨᠠᠷ ᠢ ᠰᠤᠷᠤᠯᠴᠠᠬᠤ ᠶᠢᠨ ᠲᠥᠯᠥᠭᠡ ᠶᠤᠮ᠃ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠬᠤ ᠶᠢ ᠨᠠᠰᠤᠨ ᠲᠤᠷᠰᠢᠲᠠ ᠶᠢᠨ ᠰᠡᠳᠦᠪ ᠪᠤᠯᠭᠠᠵᠤ᠂ ᠪᠠᠶᠢᠩᠭᠤ ᠳᠠᠪᠲᠠᠵᠤ ᠪᠠᠶᠢᠩᠭᠤ ᠪᠣᠯᠪᠠᠰᠤᠷᠠᠵᠤ᠂ ᠪᠠᠶᠢᠩᠭᠤ ᠲᠤᠩᠭᠠᠵᠤ ᠪᠠᠶᠢᠩᠭᠤ ᠤᠷᠤᠭᠰᠢᠯᠠᠵᠤ᠂ ᠡᠪ ᠬᠠᠮᠲᠤ ᠶᠣᠰᠣᠨ ᠤ ᠠᠯᠤᠰ ᠤᠨ ᠬᠦᠰᠡᠯᠡᠩ ᠪᠣᠯᠣᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠢᠮᠠᠭᠲᠠ ᠪᠠᠲᠤ ᠰᠠᠬᠢᠵᠤ᠂ ᠰᠢᠷᠦᠭᠦᠨ ᠳᠠᠪᠠᠯᠭᠠᠨ ᠢ ᠰᠥᠷᠦᠨ ᠤᠷᠤᠭᠰᠢᠯᠠᠬᠤ ᠰᠢᠯᠭᠠᠯᠲᠠ ᠶᠢ ᠳᠠᠭᠠᠭᠠᠵᠤ ᠳᠡᠶᠢᠯᠭᠦ ᠬᠡᠷᠡᠭᠲᠡᠢ ᠭᠡᠵᠦ ᠴᠢᠬᠤᠯᠠᠴᠢᠯᠠᠵᠠᠢ᠃
ᠰᠢ ᠶᠢᠨ ᠫᠢᠩ᠂ ᠪᠢᠳᠡ ᠴᠢᠶᠣᠤ ᠱᠢ ᠨᠥᠬᠦᠷ ᠢ ᠳᠤᠷᠠᠰᠬᠠᠵᠤ ᠪᠠᠶᠢᠭ᠎ᠠ ᠨᠢ ᠲᠡᠭᠦᠨ ᠤ ᠨᠠᠮ ᠤᠨ ᠰᠤᠷᠲᠠᠯ ᠢ ᠲᠥᠪ ᠪᠤᠯᠭᠠᠵᠤ᠂ ᠨᠠᠮ ᠤᠨ ᠰᠠᠬᠢᠯᠭ᠎ᠠ ᠪᠠᠲᠤ ᠶᠢ ᠴᠢᠩᠳᠠᠯᠠᠬᠤ ᠡᠷᠡᠰ ᠴᠢᠩᠭ᠎ᠠ ᠨᠠᠮᠴᠢ ᠴᠢᠨᠠᠷ ᠢ ᠰᠤᠷᠤᠯᠴᠠᠬᠤ ᠶᠢᠨ ᠲᠥᠯᠥᠭᠡ ᠶᠤᠮ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠡᠷᠡᠰ ᠭᠤᠶᠢᠪᠢᠰᠢ ᠦᠭᠡᠢ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠨᠠᠮ ᠤᠨ ᠲᠡᠷᠢᠭᠦᠨ ᠤ ᠴᠢᠨᠠᠷ ᠪᠣᠯᠣᠨ ᠴᠡᠪᠡᠷ ᠴᠢᠨᠠᠷ ᠢ ᠡᠭᠦᠷᠢᠳᠡ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃
ᠰᠢ ᠶᠢᠨ ᠫᠢᠩ᠂ ᠪᠢᠳᠡ ᠴᠢᠶᠣᠤ ᠱᠢ ᠨᠥᠬᠦᠷ ᠢ ᠳᠤᠷᠠᠰᠬᠠᠵᠤ ᠪᠠᠶᠢᠭ᠎ᠠ ᠨᠢ ᠲᠡᠭᠦᠨ ᠤ ᠤᠭ ᠰᠠᠨᠠᠭ᠎ᠠ ᠪᠠᠨ ᠪᠠᠲᠤ ᠴᠡᠭᠡᠵᠢᠯᠡᠵᠦ᠂ ᠠᠷᠠᠳ ᠤᠨ ᠲᠥᠯᠥᠭᠡ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠬᠤ ᠡᠷᠬᠢᠮ ᠨᠠᠨᠳᠢᠨ ᠵᠠᠩ ᠴᠢᠨᠠᠷ ᠢ ᠰᠤᠷᠤᠯᠴᠠᠬᠤ ᠶᠢᠨ ᠲᠥᠯᠥᠭᠡ ᠶᠤᠮ᠃ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠦᠨᠡᠨ ᠬᠦ ᠬᠠᠮᠠᠭᠠᠯᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠴᠢᠷᠮᠠᠶᠢᠨ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠪᠢᠳᠠ ᠴᠢᠶᠣᠤ ᠱᠢ ᠨᠥᠬᠦᠷ ᠢ ᠳᠤᠷᠠᠰᠬᠠᠵᠤ ᠪᠠᠶᠢᠭ᠎ᠠ ᠨᠢ ᠲᠡᠭᠦᠨ ᠤ ᠵᠣᠷᠢᠭᠲᠠᠢ ᠪᠠᠷ ᠥᠭᠡᠷᠡᠴᠢᠯᠡᠯᠲᠡ ᠬᠢᠵᠦ᠂ ᠵᠣᠷᠢᠭᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠤᠯᠤᠰ ᠲᠦᠷᠦ ᠶᠢᠨ ᠬᠠᠷᠢᠭᠤᠴᠠᠯᠭ᠎ᠠ ᠡᠭᠦᠷᠭᠡᠯᠡᠯ ᠢ ᠰᠤᠷᠤᠯᠴᠠᠬᠤ ᠶᠢᠨ ᠲᠥᠯᠥᠭᠡ ᠶᠤᠮ᠃ ᠥᠭᠡᠷᠡᠴᠢᠯᠡᠯᠲᠡ ᠨᠡᠭᠡᠭᠡᠯᠲᠡ ᠶᠢᠨ ᠲᠤᠭ ᠢ ᠡᠷᠡᠰ ᠭᠤᠶᠢᠪᠢᠰᠢ ᠦᠭᠡᠢ ᠥᠨᠳᠥᠷ ᠮᠠᠨᠳᠤᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠪᠢᠳᠡ ᠴᠢᠶᠣᠤ ᠱᠢ ᠨᠥᠬᠦᠷ ᠢ ᠳᠤᠷᠠᠰᠬᠠᠵᠤ ᠪᠠᠶᠢᠭ᠎ᠠ ᠨᠢ ᠲᠡᠭᠦᠨ ᠤ ᠬᠠᠤᠯᠢ ᠪᠠᠷ ᠵᠠᠰᠠᠬᠤ ᠶᠢ ᠬᠦᠨᠳᠦᠳᠬᠡᠬᠦ᠂ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠬᠦ ᠪᠠᠷᠢᠮᠲᠠᠯᠠᠯ ᠬᠥᠭᠡᠭᠡᠴᠡᠯᠳᠦᠯ ᠢ ᠰᠤᠷᠤᠯᠴᠠᠬᠤ ᠶᠢᠨ ᠲᠥᠯᠥᠭᠡ ᠶᠤᠮ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠵᠠᠮᠨᠠᠬᠤ ᠶᠢ ᠢᠮᠠᠭᠲᠠ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠭᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠦᠭᠦ ᠲᠠᠯ᠎ᠠ ᠪᠠᠷ ᠠᠬᠢᠭᠤᠯᠵᠤ᠂ ᠬᠠᠤᠯᠢ ᠪᠠᠷ ᠵᠠᠰᠠᠬᠤ ᠵᠠᠮ ᠢᠶᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠪᠢᠳᠠ ᠴᠢᠶᠣᠤ ᠱᠢ ᠨᠥᠬᠦᠷ ᠢ ᠳᠤᠷᠠᠰᠬᠠᠵᠤ ᠪᠠᠶᠢᠭ᠎ᠠ ᠨᠢ ᠲᠡᠭᠦᠨ ᠤ ᠦᠨᠡᠨ ᠠᠴᠠ ᠵᠥᠪ ᠢ ᠡᠷᠢᠬᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠠᠵᠢᠯ ᠤᠨ ᠰᠤᠷᠲᠠᠯ ᠢ ᠰᠤᠷᠤᠯᠴᠠᠬᠤ ᠶᠢᠨ ᠲᠥᠯᠥᠭᠡ ᠶᠤᠮ᠃ ᠤᠨᠤᠯ ᠢ ᠪᠣᠳᠠᠲᠠᠢ ᠲᠠᠢ ᠤᠶᠠᠯᠳᠤᠭᠤᠯᠬᠤ ᠶᠢ ᠢᠮᠠᠭᠲᠠ ᠪᠠᠷᠢᠮᠲᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤᠬᠥ᠋ᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠤᠤ ᠯᠧ ᠵᠢᠢ ᠶᠠᠷᠢᠯᠴᠠᠬᠤ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠶᠣᠤ ᠱᠢ ᠨᠥᠬᠦᠷ ᠤᠨ ᠨᠠᠮ ᠪᠣᠯᠣᠨ ᠤᠯᠤᠰ ᠤᠨ ᠠᠵᠢᠯ ᠦᠢᠯᠡᠰ ᠲᠤ ᠦᠵᠡᠭᠦᠯᠦᠭᠰᠡᠨ ᠭᠠᠷᠮᠠᠭᠠᠢ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠴᠢᠶᠣᠤ ᠱᠢ ᠨᠥᠬᠦᠷ ᠤᠨ ᠬᠤᠪᠢᠰᠬᠠᠯ ᠤᠨ ᠵᠣᠷᠢᠭ ᠰᠠᠨᠠᠭ᠎ᠠ ᠪᠣᠯᠣᠨ ᠡᠷᠬᠢᠮ ᠳᠡᠭᠡᠳᠦ ᠬᠡᠪ ᠰᠤᠷᠲᠠᠯ ᠢ ᠰᠤᠷᠤᠯᠴᠠᠬᠤ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠴᠢᠬᠤᠯᠠ ᠶᠠᠷᠢᠶ᠎ᠠ ᠪᠢᠳᠡᠨ ᠢ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠡᠭᠦᠳᠦᠨ ᠪᠦᠲᠦᠭᠡᠭᠰᠡᠨ ᠦᠢᠯᠡᠰ ᠢ ᠵᠠᠯᠭᠠᠮᠵᠢᠯᠠᠨ ᠬᠥᠭᠵᠢᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠪᠣᠯᠣᠨ ᠠᠷᠠᠳ ᠲᠦᠮᠡᠨ ᠤ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠵᠦ ᠬᠡᠯᠡᠪᠡ᠃
ᠶᠠᠷᠢᠯᠴᠠᠬᠤ ᠬᠤᠷᠠᠯ ᠳᠡᠭᠡᠷ᠎ᠡ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠴᠢᠦᠢ ᠴᠢᠩ ᠱᠠᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ ᠰᠦᠨ ᠰᠢᠨ ᠶᠠᠩ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠯᠢᠦ ᠴᠢ᠂ ᠱᠠᠩᠬᠠᠢ ᠬᠤᠲᠠ ᠶᠢᠨ ᠳᠠᠷᠤᠭ᠎ᠠ ᠭᠦᠩ ᠵᠧᠩ ᠤᠷᠢᠳ ᠬᠤᠵᠢᠳ ᠦᠭᠡ ᠬᠡᠯᠡᠪᠡ᠃
ᠯᠢ ᠭᠠᠨ ᠵᠢᠶᠧ᠂ ᠯᠢ ᠱᠣ᠋ ᠯᠧᠢ᠂ ᠯᠢ ᠬᠤᠩ ᠵᠥᠩ᠂ ᠴᠧᠨ ᠸᠧᠨ ᠴᠢᠩ᠂ ᠸᠠᠩ ᠰᠢᠶᠣᠣ ᠬᠤᠩ᠂ ᠬᠤᠤ ᠮᠢᠩ ᠶᠢᠨ᠂ ᠰᠦ᠋ ᠬᠤᠶ ᠶᠠᠷᠢᠯᠴᠠᠬᠤ ᠬᠤᠷᠠᠯ ᠳᠤ ᠣᠷᠣᠯᠴᠠᠪᠠ᠃
ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠱᠠᠩᠬᠠᠢ ᠬᠤᠳᠠ᠂ ᠵᠧᠵᠢᠶᠠᠩ ᠮᠤᠵᠢ ᠶᠢᠨ ᠬᠠᠷᠢᠭᠤᠴᠠᠯᠭᠠᠲᠠᠨ ᠨᠥᠬᠦᠳ᠂ ᠴᠢᠶᠣᠤ ᠱᠢ ᠨᠥᠬᠦᠷ ᠤᠨ ᠲᠦᠷᠦᠯ ᠰᠠᠳᠤᠨ᠂ ᠠᠮᠢᠳᠤ ᠰᠡᠷᠡᠭᠦᠨ ᠪᠠᠶᠢᠬᠤ ᠦᠶ᠎ᠡ ᠶᠢᠨ ᠨᠠᠶᠢᠵᠠ᠂ ᠤᠤᠯ ᠤᠨ ᠳᠡᠷᠭᠡᠳᠡᠬᠢ ᠠᠵᠢᠯᠲᠠᠨ ᠪᠣᠯᠣᠨ ᠨᠤᠲᠤᠭ ᠤᠨ ᠬᠢᠨᠢ ᠲᠥᠯᠥᠭᠡᠯᠡᠭᠴᠢ ᠨᠠᠷ ᠶᠠᠷᠢᠯᠴᠠᠬᠤ ᠬᠤᠷᠠᠯ ᠳᠤ ᠣᠷᠣᠯᠴᠠᠵᠠᠢ᠃