ᠵᠤᠬᠢᠶᠠᠭᠴᠢ:
ᠴᠠᠭ:2025-01-03
ᠥᠵᠡᠭᠰᠡᠨ : ℃
ᠢᠷᠡᠯᠲᠡ: ᠥᠪᠥᠷ ᠮᠣᠩᠭᠤᠯ ᠤᠨ
︽ᠦᠨᠡᠨ︾ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2024 12 ᠰᠠᠷ᠎ᠠ ᠶᠢᠨ 31 ᠤ ᠴᠠᠭᠢᠯᠭᠠᠨ ᠮᠡᠳᠡᠭᠡ 2025 ᠣᠨ ᠤ 1 ᠰᠠᠷ᠎ᠠ ᠶᠢᠨ 1 ᠤ ᠡᠳᠦᠷ ᠬᠡᠪᠯᠡᠭᠳᠡᠬᠦ 1 ᠳ᠋ᠦ᠋ᠭᠡᠷ ᠬᠤᠭᠤᠴᠠᠭᠠᠨ ᠤ 《ᠦᠨᠡᠨ》ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ 《ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ》ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃
ᠵᠣᠬᠢᠶᠠᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠢ ᠬᠤᠷᠢᠶᠠᠩᠭᠤᠶᠢᠯᠠᠨ ᠳᠤᠷᠠᠳᠬᠤ ᠶᠢᠨ ᠬᠠᠮᠲᠤ ᠭᠦᠨᠵᠡᠭᠡᠢ ᠲᠣᠳᠣᠷᠬᠠᠶᠢᠯᠠᠨ ᠥᠭᠦᠯᠡᠭᠰᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠤᠨᠤᠯ ᠤᠨ ᠰᠢᠨ᠎ᠡ ᠡᠭᠦᠳᠦᠯᠲᠡ ᠮᠥᠨ᠂ ᠰᠢᠨᠵᠢᠯᠡᠬᠦ ᠤᠬᠠᠭᠠᠨᠴᠢ ᠨᠡᠶᠢᠭᠡᠮ ᠵᠢᠷᠤᠮ ᠤᠨ ᠬᠠᠮᠤᠭ ᠤᠨ ᠰᠢᠨ᠎ᠡ ᠴᠢᠬᠤᠯᠠ ᠶᠡᠭᠡ ᠦᠷ᠎ᠡ ᠪᠦᠲᠦᠭᠡᠯ ᠮᠥᠨ ᠭᠡᠵᠦ ᠴᠢᠬᠤᠯᠠᠴᠢᠯᠠᠪᠠ᠃
ᠵᠣᠬᠢᠶᠠᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠮᠠᠨ ᠤ ᠨᠠᠮ ᠤᠨ ᠠᠷᠠᠳ ᠲᠦᠮᠡᠨ ᠢ ᠤᠳᠤᠷᠢᠳᠤᠭᠰᠠᠨ ᠤᠷᠳᠤ ᠬᠤᠭᠤᠴᠠᠭᠠᠨ ᠤ ᠰᠦᠪᠡᠭᠴᠢᠯᠡᠯᠲᠡ ᠪᠠ ᠦᠢᠯᠡᠳᠦᠯᠭᠡ ᠶᠢᠨ ᠴᠢᠬᠤᠯᠠ ᠶᠡᠭᠡ ᠦᠷ᠎ᠡ ᠪᠦᠲᠦᠭᠡᠯ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ᠨᠢᠭᠡᠨᠲᠡ ᠪᠠᠶᠢᠭ᠎ᠠ ᠰᠠᠭᠤᠷᠢᠨ ᠳᠡᠭᠡᠷ᠎ᠡ ᠦᠷᠭᠦᠯᠵᠢᠯᠡᠨ ᠤᠷᠤᠭᠰᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠲᠣᠪᠣᠶᠢᠮ᠎ᠠ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠯᠦᠭᠡ ᠤᠶᠠᠯᠳᠤᠭᠤᠯᠤᠨ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠤᠨᠤᠯ ᠪᠠ ᠦᠢᠯᠡᠳᠦᠯᠭᠡ ᠶᠢᠨ ᠲᠠᠯ᠎ᠠ ᠪᠠᠷ ᠬᠢ ᠰᠢᠨ᠎ᠡ ᠶᠢ ᠡᠭᠦᠳᠬᠦ ᠰᠢᠪᠲᠤᠯᠤᠯᠲᠠ ᠶᠢ ᠲᠠᠰᠤᠷᠠᠯᠳᠠ ᠦᠭᠡᠢ ᠪᠡᠶᠡᠯᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠮᠵᠢᠯᠲᠠ ᠲᠠᠢ ᠠᠬᠢᠭᠤᠯᠵᠤ ᠥᠷᠭᠡᠳᠬᠡᠪᠡ᠃ ᠪᠢᠳᠡ ᠲᠠᠨᠢᠯᠲᠠ ᠶᠢᠨ ᠲᠠᠯ᠎ᠠ ᠪᠠᠷ ᠲᠠᠰᠤᠷᠠᠯᠳᠠ ᠦᠭᠡᠢ ᠭᠦᠨᠵᠡᠭᠡᠶᠢᠷᠡᠵᠦ᠂ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠲᠠᠰᠤᠷᠠᠯᠳᠠ ᠦᠭᠡᠢ ᠲᠡᠭᠦᠯᠳᠡᠷᠵᠢᠵᠦ᠂ ᠦᠢᠯᠡᠳᠦᠯᠭᠡ ᠶᠢᠨ ᠲᠠᠯ᠎ᠠ ᠪᠠᠷ ᠲᠠᠰᠤᠷᠠᠯᠳᠠ ᠦᠭᠡᠢ ᠪᠠᠶᠠᠯᠢᠭᠵᠢᠵᠤ᠂ ᠨᠠᠮ ᠪᠠ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠨᠡᠩ ᠪᠦᠷᠢᠨ ᠲᠡᠭᠦᠯᠳᠡᠷ ᠪᠠᠶᠢᠭᠤᠯᠤᠯ ᠤᠨ ᠪᠠᠲᠤᠯᠠᠭ᠎ᠠ᠂ ᠨᠡᠩ ᠪᠠᠲᠤ ᠪᠠᠬᠢ ᠪᠣᠳᠠᠰ ᠤᠨ ᠰᠠᠭᠤᠷᠢ᠂ ᠨᠡᠩ ᠰᠠᠨᠠᠭᠠᠴᠢᠯᠠᠭ᠎ᠠ ᠲᠠᠢ ᠤᠶᠤᠨ ᠤ ᠬᠦᠴᠦᠨ ᠢ ᠬᠠᠩᠭᠠᠵᠠᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠨᠠᠮ ᠤᠨ ᠤᠳᠤᠷᠢᠳᠤᠯᠭ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠨᠳᠦᠰᠦᠨ ᠴᠢᠭᠯᠡᠯ᠂ ᠢᠷᠡᠭᠡᠳᠦᠢ ᠬᠤᠪᠢ ᠵᠠᠶᠠᠭ᠎ᠠ᠂ ᠡᠴᠦᠰ ᠤᠨ ᠢᠯᠠᠵᠤ ᠢᠯᠠᠭᠳᠠᠬᠤ ᠲᠠᠢ ᠰᠢᠭᠤᠳ ᠬᠤᠯᠪᠣᠭᠳᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠄ 《ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮ ᠤᠨ ᠣᠳᠣᠬᠢᠴᠢᠯᠠᠯᠲᠠ ᠮᠥᠨ》ᠭᠡᠵᠦ ᠲᠣᠳᠣᠷᠬᠠᠢ ᠵᠢᠭᠠᠵᠤ ᠭᠠᠷᠭᠠᠪᠠ᠃ ᠡᠨᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨᠵᠢ ᠴᠢᠨᠠᠷ ᠢ ᠲᠣᠭᠲᠠᠭᠠᠬᠤ ᠦᠭᠡ ᠮᠥᠨ᠂ ᠶᠡᠷᠦᠩᠬᠡᠢ ᠲᠠᠯ᠎ᠠ ᠶᠢ ᠬᠠᠮᠢᠶᠠᠷᠴᠤ᠂ ᠦᠨᠳᠦᠰᠦᠨ ᠵᠦᠢᠯ ᠢ ᠬᠠᠮᠢᠶᠠᠷᠴᠤ ᠪᠠᠶᠢᠳᠠᠭ᠃ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠨᠳᠦᠰᠦᠨ ᠰᠢᠨᠵᠢ ᠴᠢᠨᠠᠷ ᠢ ᠲᠣᠭᠲᠠᠭᠠᠨ᠎ᠠ᠃ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠲᠠᠭᠰᠠᠨ ᠲᠡᠮᠡᠴᠡᠬᠦ ᠬᠠᠷᠠᠯᠲᠠ ᠲᠡᠶᠢᠰᠢ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠨ᠎ᠠ᠃ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠥᠭᠵᠢᠭᠡᠪᠡ᠃ ᠨᠠᠮ ᠤᠨ ᠤᠳᠤᠷᠢᠳᠤᠯᠭ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠠᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠷᠠᠭᠤᠯ ᠳᠠᠷᠳᠠᠩ ᠵᠠᠮ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠡᠯ᠎ᠡ ᠤᠯᠤᠰ ᠤᠨ ᠣᠳᠣᠬᠢᠴᠢᠯᠠᠯᠲᠠ ᠶᠢᠨ ᠬᠠᠮᠲᠤ ᠶᠢᠨ ᠣᠨᠴᠠᠯᠢᠭ ᠲᠠᠢ ᠪᠥᠭᠡᠳ ᠨᠡᠩ ᠴᠤ ᠥᠪᠡᠷ ᠤᠨ ᠤᠯᠤᠰ ᠤᠨ ᠪᠠᠶᠢᠳᠠᠯ ᠳᠠᠭᠠᠨ ᠰᠠᠭᠤᠷᠢᠯᠠᠭᠰᠠᠨ ᠢᠯᠡ ᠲᠣᠳᠣ ᠣᠨᠴᠠᠯᠢᠭ ᠲᠠᠢ ᠶᠤᠮ᠃ ᠨᠢᠭᠡᠳᠦᠭᠡᠷ ᠲᠤ᠂ ᠬᠥᠮᠥᠨ ᠠᠮᠠ ᠶᠢᠨ ᠬᠡᠪᠴᠢᠶ᠎ᠡ ᠯᠤᠲᠤ ᠶᠡᠭᠡ ᠣᠳᠣᠬᠢᠴᠢᠯᠠᠯᠲᠠ ᠮᠥᠨ᠃ ᠬᠤᠶᠠᠳᠤᠭᠠᠷ ᠲᠤ᠂ ᠪᠦᠭᠦ ᠠᠷᠠᠳ ᠲᠦᠮᠡᠨ ᠢ ᠬᠠᠮᠲᠤ ᠪᠠᠷ ᠪᠠᠶᠠᠵᠢᠭᠤᠯᠬᠤ ᠣᠳᠣᠬᠢᠴᠢᠯᠠᠯᠲᠠ ᠮᠥᠨ᠃ ᠭᠤᠷᠪᠠᠳᠤᠭᠠᠷ ᠲᠤ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ ᠮᠥᠨ᠃ ᠳᠥᠷᠪᠡᠳᠦᠭᠡᠷ ᠲᠤ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠣᠳᠣᠬᠢᠴᠢᠯᠠᠯᠲᠠ ᠮᠥᠨ᠃ ᠲᠠᠪᠤᠳᠤᠭᠠᠷ ᠲᠤ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠠᠪᠤᠭᠳᠠᠵᠤ ᠳᠡᠶᠢᠯᠭᠦ᠂ ᠯᠠᠪᠳᠠᠭᠤᠨ ᠢᠶᠠᠷ ᠶᠠᠪᠤᠭᠳᠠᠵᠤ ᠳᠡᠶᠢᠯᠭᠦ ᠪᠣᠯ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠤᠷ ᠤᠨ ᠭᠠᠭᠴᠠ ᠵᠥᠪ ᠵᠠᠮ ᠮᠥᠨ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠶᠢ ᠡᠭᠦᠳᠪᠡ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠭᠦᠨ ᠦᠨᠳᠦᠰᠦᠯᠡᠵᠦ᠂ ᠰᠢᠨᠵᠢᠯᠡᠬᠦ ᠤᠬᠠᠭᠠᠨ ᠤ ᠨᠡᠶᠢᠭᠡᠮ ᠵᠢᠷᠤᠮ ᠤᠨ ᠲᠡᠷᠢᠭᠦᠨ ᠤ ᠮᠥᠨ ᠴᠢᠨᠠᠷ ᠢ ᠢᠯᠡᠷᠡᠭᠦᠯᠵᠦ᠂ ᠬᠥᠮᠥᠨ ᠲᠥᠷᠥᠯᠬᠢᠲᠡᠨ ᠤ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢᠶᠠᠷ ᠯᠠᠪᠯᠠᠯᠲᠠ ᠪᠣᠯᠭᠠᠨ ᠲᠡᠭᠦᠨ ᠢ ᠰᠢᠩᠭᠡᠬᠡᠨ ᠠᠪᠴᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢᠨ ᠬᠥᠭᠵᠢᠯᠲᠡ ᠶᠢᠨ ᠴᠢᠭᠯᠡᠯ ᠢ ᠲᠥᠯᠥᠭᠡᠯᠡᠵᠦ᠂ ᠥᠷᠥᠨᠡᠳᠠᠬᠢᠨ ᠤ ᠣᠳᠣᠬᠢᠴᠢᠯᠠᠯᠲᠠ ᠶᠢᠨ ᠵᠠᠭᠪᠤᠷ ᠲᠠᠢ ᠠᠳᠠᠯᠢ ᠦᠭᠡᠢ ᠰᠢᠨ᠎ᠡ ᠵᠢᠷᠤᠭ ᠲᠥᠯᠥᠪ ᠢ ᠢᠯᠡᠷᠡᠭᠦᠯᠦᠭᠰᠡᠨ ᠴᠣ ᠰᠢᠨ᠎ᠡ ᠬᠥᠮᠥᠨ ᠲᠥᠷᠥᠯᠬᠢᠲᠡᠨ ᠤ ᠪᠣᠯᠪᠠᠰᠤᠨ ᠤ ᠭᠡᠯᠪᠡᠷᠢ ᠮᠥᠨ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠪᠦᠭᠦ ᠪᠥᠮᠪᠥᠷᠴᠡᠭ ᠲᠤ ᠨᠢᠭᠡ ᠵᠦᠢᠯ ᠤᠨ ᠴᠣ ᠰᠢᠨ᠎ᠡ ᠣᠳᠣᠬᠢᠴᠢᠯᠠᠯᠲᠠ ᠶᠢᠨ ᠵᠠᠭᠪᠤᠷ ᠢ ᠬᠠᠩᠭᠠᠵᠤ᠂ ᠥᠷᠥᠨᠡᠳᠠᠬᠢᠨ ᠤ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠪᠠ ᠦᠢᠯᠡᠳᠦᠯᠭᠡ ᠠᠴᠠ ᠴᠢᠬᠤᠯᠠ ᠶᠡᠭᠡ ᠳᠠᠪᠠᠯᠲᠠ ᠪᠣᠯᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠲᠤ ᠴᠣ ᠰᠢᠨ᠎ᠡ ᠰᠣᠩᠭᠤᠯᠲᠠ ᠬᠠᠩᠭᠠᠵᠠᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠰᠢᠰᠲ᠋ᠧᠮᠲᠦ ᠢᠨᠵᠧᠨᠧᠷᠢᠩ ᠮᠥᠨ᠂ ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠰᠢᠰᠲ᠋ᠧᠮ ᠲᠠᠢ ᠲᠥᠯᠥᠪᠵᠢᠭᠦᠯᠦᠨ᠂ ᠪᠦᠬᠦᠯᠢ ᠴᠣᠭᠴᠠ ᠪᠠᠷ ᠠᠬᠢᠭᠤᠯᠵᠤ᠂ ᠠᠯᠢ ᠤᠯᠠᠨ ᠴᠢᠬᠤᠯᠠ ᠶᠡᠭᠡ ᠬᠠᠷᠢᠴᠠᠭ᠎ᠠ ᠶᠢ ᠵᠥᠪ ᠰᠢᠢᠳᠪᠦᠷᠢᠯᠡᠬᠦ ᠬᠡᠷᠡᠭᠲᠡᠢ᠃ ᠨᠢᠭᠡ ᠳᠤ᠂ ᠦᠵᠦ ᠲᠥᠯᠥᠪᠯᠡᠭᠡ ᠪᠠ ᠦᠢᠯᠡᠳᠦᠯᠭᠡ ᠶᠢᠨ ᠰᠦᠪᠡᠭᠴᠢᠯᠡᠯᠲᠡ ᠶᠢᠨ ᠬᠠᠷᠢᠴᠠᠭ᠎ᠠ᠂ ᠬᠤᠶᠠᠷ ᠲᠤ᠂ ᠪᠠᠶᠢᠯᠳᠤᠬᠤ ᠪᠣᠳᠣᠯᠭ᠎ᠠ ᠪᠠ ᠠᠷᠭ᠎ᠠ ᠪᠣᠳᠣᠯᠭ᠎ᠠ ᠶᠢᠨ ᠬᠠᠷᠢᠴᠠᠭ᠎ᠠ᠂ ᠭᠤᠷᠪᠠ ᠳᠤ᠂ ᠲᠥᠪ ᠶᠣᠰᠣ ᠶᠢ ᠪᠠᠷᠢᠮᠲᠠᠯᠠᠬᠤ ᠪᠠ ᠰᠢᠨ᠎ᠡ ᠶᠢ ᠡᠭᠦᠳᠬᠦ ᠬᠠᠷᠢᠴᠠᠭ᠎ᠠ᠂ ᠳᠥᠷᠪᠡ ᠳᠤ᠂ ᠦᠷ᠎ᠡ ᠪᠦᠲᠦᠮᠵᠢ ᠪᠠ ᠲᠥᠪ ᠭᠤᠤᠯᠴᠢ ᠶᠢᠨ ᠬᠠᠷᠢᠴᠠᠭ᠎ᠠ᠂ ᠲᠠᠪᠤ ᠳᠤ᠂ ᠠᠮᠢᠵᠢᠷᠠᠯ ᠤᠨ ᠬᠦᠴᠦᠨ ᠪᠠ ᠡᠮᠬᠢ ᠵᠢᠷᠤᠮ ᠤᠨ ᠬᠠᠷᠢᠴᠠᠭ᠎ᠠ᠂ ᠵᠢᠷᠭᠤᠭ᠎ᠠ ᠳᠤ᠂ ᠪᠡᠶ᠎ᠡ ᠪᠠᠨ ᠳᠠᠭᠠᠭᠠᠨ ᠬᠦᠴᠦᠷᠬᠡᠭᠵᠢᠬᠦ ᠪᠠ ᠭᠠᠳᠠᠭᠰᠢ ᠨᠡᠭᠡᠭᠡᠯᠲᠡ ᠬᠢᠬᠦ ᠶᠢᠨ ᠬᠠᠷᠢᠴᠠᠭ᠎ᠠ ᠪᠣᠯᠣᠨ᠎ᠠ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠠᠭᠤᠤ ᠶᠡᠭᠡ ᠲᠡᠮᠡᠴᠡᠯ ᠬᠢᠬᠦ ᠬᠡᠷᠡᠭᠲᠡᠢ᠃ ᠲᠡᠮᠡᠴᠡᠯ ᠢᠶᠠᠷ ᠠᠮᠤᠷ ᠲᠦᠪᠰᠢᠨ ᠢ ᠬᠥᠭᠡᠭᠡᠴᠡᠯᠳᠦᠪᠡᠯ ᠠᠮᠤᠷ ᠲᠦᠪᠰᠢᠨ ᠣᠷᠣᠰᠢᠵᠤ᠂ ᠲᠤᠷᠤᠢ ᠪᠠᠭᠤᠷᠠᠢ ᠪᠠᠷ ᠨᠠᠶᠢᠷ ᠲᠠᠯᠪᠢᠵᠤ ᠠᠮᠤᠷ ᠲᠦᠪᠰᠢᠨ ᠢ ᠬᠥᠭᠡᠭᠡᠴᠡᠯᠳᠦᠪᠡᠯ ᠠᠮᠤᠷ ᠲᠦᠪᠰᠢᠨ ᠮᠥᠭᠦᠨ᠎ᠡ︔ ᠲᠡᠮᠡᠴᠡᠯ ᠢᠶᠠᠷ ᠬᠥᠭᠵᠢᠯᠲᠡ ᠶᠢ ᠡᠷᠢᠯᠬᠢᠯᠡᠪᠡᠯ ᠬᠥᠭᠵᠢᠨ ᠮᠠᠨᠳᠤᠵᠤ᠂ ᠲᠤᠷᠤᠢ ᠪᠠᠭᠤᠷᠠᠢ ᠪᠠᠷ ᠬᠥᠭᠵᠢᠯᠲᠡ ᠶᠢ ᠡᠷᠢᠯᠬᠢᠯᠡᠪᠡᠯ ᠳᠣᠷᠣᠶᠢᠲᠠᠨ ᠪᠠᠭᠤᠷᠠᠨ᠎ᠠ ᠭᠡᠳᠡᠭ ᠢ ᠲᠡᠦᠬᠡ ᠲᠠᠭᠢᠨ ᠳᠠᠪᠲᠠᠨ ᠭᠡᠷᠡᠴᠢᠯᠡᠪᠡ᠃ ᠪᠠᠶᠢᠯᠳᠤᠬᠤ ᠪᠣᠳᠣᠯᠭ᠎ᠠ ᠶᠢᠨ ᠰᠡᠷᠭᠡᠭ ᠪᠠᠶᠢᠳᠠᠯ ᠢᠶᠠᠨ ᠪᠠᠲᠤᠯᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠢᠲᠡᠭᠡᠯ ᠢᠶᠠᠨ ᠪᠠᠲᠤᠯᠠᠵᠤ᠂ ᠲᠡᠮᠡᠴᠡᠯ ᠤᠨ ᠢᠲᠡᠭᠡᠯ ᠵᠣᠷᠢᠭ ᠢᠶᠠᠨ ᠬᠥᠪᠴᠢᠯᠡᠬᠦ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠰᠠᠨᠠᠭᠠᠴᠢᠯᠠᠭᠠᠲᠤ ᠴᠢᠨᠠᠷ ᠢᠶᠠᠨ ᠪᠠᠲᠤᠯᠠᠵᠤ᠂ ᠲᠡᠮᠡᠴᠡᠯ ᠤᠨ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠤᠷᠳᠤ ᠬᠤᠭᠤᠴᠠᠭᠠᠨ ᠤ ᠡᠭᠦᠷᠭᠡ ᠮᠥᠨ᠂ ᠤᠨᠤᠯ ᠤᠨ ᠰᠤᠳᠤᠯᠭᠠᠨ ᠪᠣᠯᠣᠨ ᠦᠢᠯᠡᠳᠦᠯᠭᠡ ᠶᠢᠨ ᠰᠦᠪᠡᠭᠴᠢᠯᠡᠯᠲᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠮᠠᠨ ᠤ ᠲᠠᠨᠢᠯᠲᠠ᠂ ᠲᠦᠷᠦ ᠶᠢᠨ ᠪᠣᠳᠣᠯᠭ᠎ᠠ᠂ ᠠᠷᠭ᠎ᠠ ᠬᠡᠮᠵᠢᠶ᠎ᠡ ᠪᠠᠨ ᠪᠤᠰᠤᠳᠴᠢ ᠵᠢᠮ᠎ᠡ ᠶᠣᠰᠣᠨ ᠳᠤ ᠨᠡᠩ ᠨᠡᠶᠢᠴᠡᠭᠦᠯᠵᠦ᠂ ᠡᠭᠦᠨ ᠤ ᠤᠯᠠᠮ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ《ᠴᠢᠯᠦᠭᠡᠲᠦ ᠸᠠᠩᠲᠤ ᠤᠯᠤᠰ》 ᠲᠤ ᠠᠯᠬᠤᠮ ᠠᠯᠬᠤᠮ ᠢᠶᠠᠷ ᠣᠷᠣᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃