ᠵᠤᠬᠢᠶᠠᠭᠴᠢ:
ᠴᠠᠭ:2025-01-03
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠢ ᠶᠢᠨ ᠫᠢᠩ ᠪᠦᠭᠦ ᠤᠯᠤᠰ ᠤᠨ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠢᠶᠠᠷ ᠬᠥᠬᠢᠭᠦᠯᠦᠭᠳᠡᠨ ᠰᠠᠶᠢᠰᠢᠶᠠᠭᠳᠠᠭᠰᠠᠨ ᠲᠥᠯᠥᠭᠡᠯᠡᠭᠴᠢᠳ ᠲᠠᠢ ᠠᠭᠤᠯᠵᠠᠪᠠ ᠼᠠᠢ ᠴᠢ ᠳ᠋ᠢᠩ ᠰᠢᠤᠸᠠᠢ ᠰᠢᠶᠠᠩ ᠠᠭᠤᠯᠵᠠᠯᠲᠠ ᠳᠤ ᠣᠷᠣᠯᠴᠠᠵᠠᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2024 12 ᠰᠠᠷ᠎ᠠ ᠶᠢᠨ 31 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 31 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠦᠭᠦ ᠤᠯᠤᠰ ᠤᠨ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠢᠶᠠᠷ ᠬᠥᠬᠢᠭᠦᠯᠦᠭᠳᠡᠨ ᠰᠠᠶᠢᠰᠢᠶᠠᠭᠳᠠᠭᠰᠠᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠲᠡᠳᠡᠨᠤᠰ ᠲᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠲᠡᠳᠡᠨ ᠤ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠥᠷᠥ ᠶᠢᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠦᠷᠭᠦᠯᠵᠢᠯᠡᠨ ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢ ᠬᠦᠰᠡᠪᠡ᠃
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠠᠭᠤᠯᠵᠠᠯᠲᠠ ᠳᠤ ᠣᠷᠣᠯᠴᠠᠪᠠ᠃
ᠦᠳᠡ ᠶᠢᠨ ᠡᠮᠦᠨᠡᠬᠢ 11 ᠴᠠᠭ 30 ᠲᠤ᠂ ᠰᠢ ᠶᠢᠨ ᠫᠢᠩ ᠨᠠᠷ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠬᠦᠷᠴᠦ ᠢᠷᠡᠬᠦ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠰᠢ ᠶᠢᠨ ᠫᠢᠩ ᠨᠠᠷ ᠲᠥᠯᠥᠭᠡᠯᠡᠭᠴᠢᠳ ᠲᠠᠢ ᠳᠣᠲᠣᠨᠣ ᠪᠠᠷ ᠭᠠᠷ ᠠᠳᠬᠤᠵᠤ᠂ ᠪᠠᠶᠢᠨ ᠳᠠᠭᠢᠨ ᠶᠠᠷᠢᠯᠴᠠᠵᠤ ᠪᠠᠶᠢᠭᠰᠠᠨ ᠪᠥᠭᠡᠳ ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠭᠠᠨ ᠵᠢᠶᠧ ᠠᠭᠤᠯᠵᠠᠯᠲᠠ ᠳᠤ ᠣᠷᠣᠯᠴᠠᠬᠰᠠᠨ ᠪᠥᠭᠡᠳ 30 ᠤ ᠦᠳᠡ ᠶᠢᠨ ᠡᠮᠦᠨ᠎ᠡ ᠬᠤᠷᠠᠯᠳᠤᠭᠰᠠᠨ ᠪᠦᠭᠦ ᠤᠯᠤᠰ ᠤᠨ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠵᠠᠢ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠠᠬᠠᠮᠠᠳ ᠺᠠᠳ᠋ᠷ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂《ᠬᠤᠶᠠᠷ ᠢ ᠲᠣᠭᠲᠠᠭᠠᠭᠰᠠᠨ》 ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠤ ᠠᠬᠠᠮᠠᠳ ᠺᠠᠳ᠋ᠷ ᠤᠨ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ ᠭᠡᠵᠦ ᠢᠯᠡᠳᠬᠡᠪᠡ᠃
ᠶᠡᠭᠡ ᠬᠤᠷᠠᠯ ᠠᠴᠠ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ 150 ᠲᠡᠷᠢᠭᠦᠨ ᠤ ᠬᠠᠮᠲᠤ ᠪᠣᠯᠣᠨ 450 ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃ ᠱᠠᠩᠬᠠᠢ ᠬᠤᠳᠠ ᠶᠢᠨ ᠶᠠᠩ ᠫᠦ᠋ ᠲᠣᠭᠤᠷᠢᠭ ᠤᠨ《ᠯᠣᠣ ᠶᠠᠩ ᠱᠤ᠋ ᠤᠬᠠᠭᠤᠯᠤᠨ ᠲᠠᠶᠢᠯᠪᠤᠷᠢᠯᠠᠬᠤ ᠠᠩᠭᠢ》 ᠶᠢᠨ ᠪᠦᠯᠭᠦᠮ ᠤᠨ ᠬᠠᠷᠢᠭᠤᠴᠠᠯᠭᠠᠲᠠᠨ ᠨᠢ ᠯᠠᠢ ᠳ᠋ᠢ᠂ ᠱᠠᠨᠰᠢ ᠮᠤᠵᠢ ᠶᠢᠨ ᠲᠡᠮᠡᠭᠡᠲᠦ ᠬᠤᠳᠠ ᠶᠢᠨ ᠵᠢᠶᠠ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠠᠵᠢᠯ ᠠᠴᠠ ᠪᠠᠨ ᠠᠮᠠᠷᠠᠭᠰᠠᠨ ᠺᠠᠳ᠋ᠷ ᠯᠦ ᠱᠧᠩ ᠮᠧᠢ᠂ ᠬᠤᠪᠢᠯᠭᠠᠨ ᠣᠩᠭᠤᠴᠠ ᠨᠡᠷᠡᠮᠵᠢᠳᠤ ᠨᠢᠰᠬᠦ ᠣᠩᠭᠤᠴᠠ ᠶᠢᠨ ᠠᠩᠬᠠᠳᠠᠭᠴᠢ ᠶᠡᠷᠦᠩᠬᠡᠢ ᠲᠥᠯᠥᠪᠯᠡᠭᠴᠢ ᠴᠢ ᠹᠠ ᠷᠧᠨ ᠲᠤᠰ ᠲᠤᠰ ᠶᠡᠭᠡ ᠬᠤᠷᠠᠯ ᠳᠡᠭᠡᠷ᠎ᠡ ᠦᠭᠡ ᠬᠡᠯᠡᠪᠡ᠃
ᠾᠧ ᠸᠧᠢ ᠳ᠋ᠦᠩ᠂ ᠱᠧᠨ ᠢ ᠴᠢᠨ ᠠᠭᠤᠯᠵᠠᠯᠲᠠ ᠳᠤ ᠣᠷᠣᠯᠴᠠᠵᠤ᠂ ᠵᠢᠶᠠᠩ ᠰᠢᠨ ᡁᠢ ᠠᠭᠤᠯᠵᠠᠯᠲᠠ ᠳᠤ ᠣᠷᠣᠯᠴᠠᠬᠰᠠᠨ ᠪᠥᠭᠡᠳ ᠶᠡᠭᠡ ᠬᠤᠷᠠᠯ ᠢ ᠡᠷᠭᠢᠯᠡᠪᠡ᠃