ᠵᠤᠬᠢᠶᠠᠭᠴᠢ:
ᠴᠠᠭ:2025-01-03
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠶᠠᠷᠢᠶ᠎ᠠ
︵2024 12 ᠰᠠᠷ᠎ᠠ ᠶᠢᠨ 31 ᠤ ᠡᠳᠦᠷ ︶
ᠰᠢ ᠶᠢᠨ ᠫᠢᠩ
ᠨᠥᠬᠦᠳ ᠠ᠋᠂ ᠨᠠᠶᠢᠵᠠ ᠨᠠᠷ ᠠ᠋᠄
ᠡᠨᠡ ᠡᠳᠦᠷ᠂ ᠪᠢᠳᠡ ᠨᠢᠭᠡ ᠲᠠᠩᠬᠢᠮ ᠳᠤ ᠴᠤᠭᠯᠠᠷᠠᠵᠤ᠂ ᠨᠥᠬᠦᠷᠯᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠤᠯᠤᠰ ᠤᠨ ᠶᠡᠭᠡ ᠶᠠᠪᠤᠳᠠᠯ ᠢ ᠬᠠᠮᠲᠤ ᠪᠠᠷ ᠵᠥᠪᠳᠡᠯᠴᠡᠵᠦ᠂ ᠬᠠᠮᠲᠤ ᠪᠠᠷ ᠬᠠᠭᠤᠴᠢᠨ ᠢᠶᠠᠨ ᠦᠳᠡᠵᠦ ᠰᠢᠨ᠎ᠡ ᠢᠶᠠᠨ ᠤᠭᠲᠤᠵᠤ ᠪᠠᠶᠢᠨ᠎ᠠ᠃
ᠡᠩ ᠲᠡᠷᠢᠭᠦᠨ ᠳᠤ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠠ ᠨᠠᠮ ᠪᠦᠯᠦᠭ ᠤᠨ ᠪᠤᠰᠤ ᠬᠥᠮᠥᠰ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠰᠢᠶᠠᠩᠭᠠᠩ ᠤᠨ ᠠᠬ᠎ᠠ ᠳᠡᠭᠦᠦ ᠨᠠᠷ᠂ ᠣᠣᠮᠧᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ᠂ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠨ ᠡᠯ᠎ᠡ ᠤᠯᠤᠰ ᠤᠨ ᠨᠠᠶᠢᠵᠠ ᠨᠠᠷ ᠲᠤ ᠰᠢᠨ᠎ᠡ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠨ᠎ᠠ ︕
2024 ᠣᠨ ᠪᠣᠯ《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠠᠪᠴᠢᠷᠠᠭᠰᠠᠨ ᠥᠷᠢᠰᠦᠯᠳᠦᠭᠡᠨ ᠤ ᠡᠮᠦᠨ᠎ᠡ᠂ ᠪᠢᠳᠡ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠨ ᠂ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠰᠢᠨ᠎ᠡ ᠠᠯᠬᠤᠭ᠎ᠠ ᠶᠢ ᠠᠯᠬᠤᠪᠠ᠃
ᠨᠢᠭᠡ ᠵᠢᠯ ᠤᠨ ᠲᠤᠷᠰᠢᠬᠢ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠪᠠᠶᠢᠵᠤ᠂ ᠠᠮᠵᠢᠯᠲᠠ ᠪᠦᠲᠦᠮᠵᠢ ᠬᠥᠮᠥᠰ ᠢ ᠵᠣᠷᠢᠭᠵᠢᠭᠤᠯᠤᠨ᠎ᠠ᠃ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠴᠢᠬᠤᠯᠠ ᠠᠬᠢᠴᠠ ᠲᠠᠢ ᠪᠣᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠣᠭᠲᠠᠭᠤᠨ ᠢᠶᠠᠷ ᠬᠥᠭᠵᠢᠵᠦ᠂ ᠵᠢᠱᠢᠯᠲᠡ ᠪᠠᠷ ᠪᠦᠭᠦ ᠵᠢᠯ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ 5% ᠣᠷᠴᠢᠮ ᠨᠡᠮᠡᠭᠳᠡᠵᠦ᠂ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 1.4 ᠲᠦᠮᠡᠨ ᠳ᠋ᠦᠩᠰᠢᠭᠤᠷ ᠵᠢᠩ ᠢ ᠳᠠᠪᠠᠪᠠ᠃ ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ᠃ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠰᠢᠢᠳᠪᠦᠷᠢᠯᠡᠨ ᠠᠷᠢᠯᠭᠠᠬᠤ ᠠᠵᠢᠯ ᠡᠮᠬᠢ ᠵᠢᠷᠤᠮ ᠲᠠᠢ ᠪᠥᠭᠡᠳ ᠪᠦᠲᠦᠮᠵᠢᠲᠡᠶ ᠶᠠᠪᠤᠭᠳᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠥᠭᠡᠳ ᠬᠦᠴᠦᠲᠡᠢ ᠪᠠᠶᠢᠵᠤ᠂ ᠠᠵᠢᠯ ᠣᠯᠭᠤᠯᠲᠠ᠂ ᠪᠠᠷᠠᠭᠠᠨ ᠤ ᠦᠨ᠎ᠡ ᠶᠢᠨ ᠲᠣᠭᠲᠠᠭᠤᠨ ᠢ ᠪᠠᠲᠤᠯᠠᠪᠠ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠣᠶ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ᠂ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ᠂《ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ》ᠦᠢᠯᠡᠳᠦᠯᠭᠡ ᠪᠣᠯᠣᠨ ᠡᠬᠡ ᠤᠯᠤᠰ ᠤᠨ ᠨᠢᠭᠡᠳᠦᠯ ᠤᠨ ᠶᠡᠭᠡ ᠦᠢᠯᠡᠰ ᠯᠠᠪᠳᠠᠭᠤᠨ ᠢᠶᠠᠷ ᠤᠷᠤᠭᠰᠢᠯᠠᠪᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠭᠦᠨᠵᠡᠭᠡᠢ ᠠᠬᠢᠭᠤᠯᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠪᠡ᠃ ᠡᠳᠡᠭᠡᠷ ᠠᠮᠵᠢᠯᠲᠠ ᠪᠦᠲᠦᠮᠵᠢ ᠨᠢ ᠪᠢᠳᠡᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠷᠡᠰ ᠵᠣᠷᠢᠭ ᠪᠠ ᠢᠲᠡᠭᠡᠯ ᠢ ᠨᠡᠩ ᠪᠠᠲᠤᠳᠬᠠᠪᠠ᠃
ᠨᠥᠬᠦᠳ ᠠ᠋ ᠂ ᠨᠠᠶᠢᠵᠠ ᠨᠠᠷ ᠠ᠋︕
ᠨᠢᠭᠡ ᠵᠢᠯ ᠤᠨ ᠲᠤᠷᠰᠢ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯ ᠡᠭᠦᠷᠭᠡ ᠶᠢᠨ ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃
ᠨᠥᠬᠦᠳ ᠠ᠋᠂ ᠨᠠᠶᠢᠵᠠ ᠨᠠᠷ ᠠ᠋︕
2025 ᠣᠨ ᠪᠣᠯ《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠃ ᠪᠢᠳᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠠᠩ ᠢᠳᠡᠪᠬᠢᠲᠡᠢ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ᠃
ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠯᠭ᠎ᠠ ᠪᠠᠨ ᠴᠢᠩᠭᠠᠳᠬᠠᠵᠤ᠂ ᠢᠳᠡᠪᠬᠢᠲᠡᠢ ᠪᠠᠷ ᠵᠠᠰᠠᠭ ᠤᠨ ᠶᠠᠪᠤᠳᠠᠯ ᠢ ᠵᠥᠪᠯᠡᠨ ᠰᠠᠨᠠᠯ ᠰᠠᠨᠠᠭᠤᠯᠭ᠎ᠠ ᠳᠤᠷᠠᠳᠴᠤ᠂ ᠨᠡᠩ ᠥᠷᠭᠡᠨ ᠳᠡᠯᠭᠡᠷᠡᠩᠭᠦᠢ ᠪᠠᠷ ᠬᠥᠮᠥᠰ ᠤᠨ ᠰᠡᠳᠬᠢᠯ ᠢ ᠨᠢᠭᠲᠠᠷᠠᠭᠤᠯᠤᠨ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠤᠨ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ᠃
ᠨᠥᠬᠦᠳ ᠠ᠋᠂ ᠨᠠᠶᠢᠵᠠ ᠨᠠᠷ ᠠ᠋︕
ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ᠂ ᠤᠷᠢᠬᠠᠨ ᠰᠠᠯᠬᠢ ᠨᠠᠷᠠ ᠪᠠᠶᠢᠬᠤ ᠪᠠᠷ ᠪᠠᠷᠠᠬᠤ ᠦᠭᠡᠢ᠂ ᠪᠠᠰᠠ ᠰᠠᠯᠬᠢ ᠪᠣᠷᠣᠭᠠᠨ ᠴᠢᠨᠠᠭᠰᠢᠯᠠᠪᠠᠯ ᠳᠣᠬᠰᠢᠨ ᠳᠠᠪᠠᠯᠭᠠᠨ ᠰᠢᠷᠦᠭᠦᠨ ᠳᠣᠯᠭᠢᠶᠠᠨ ᠳᠤ ᠤᠴᠠᠷᠠᠬᠤ ᠶᠤᠮ᠃ ᠪᠢᠳᠡ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠰᠠᠯᠬᠢ ᠳᠠᠪᠠᠯᠭᠠᠨ ᠢ ᠰᠥᠷᠦᠨ ᠡᠷᠡᠯᠬᠡᠭᠯᠡᠨ ᠤᠷᠤᠭᠰᠢᠯᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠠᠰᠤᠷᠠᠯᠲᠠ ᠦᠭᠡᠢ ᠤᠷᠤᠭᠰᠢ ᠠᠬᠢᠭᠤᠯᠰᠤᠭᠠᠢ︕
ᠲᠠ ᠣᠯᠠᠨ ᠳᠤ ᠪᠠᠶᠠᠷᠯᠠᠯ᠎ᠠ︕