ᠵᠤᠬᠢᠶᠠᠭᠴᠢ:
ᠴᠠᠭ:2025-01-03
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠰᠢᠨ᠎ᠡ ᠴᠠᠶᠢᠯᠠᠯᠭ᠎ᠠ ᠬᠢᠪᠡ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠯᠢ ᠴᠢᠶᠠᠩ ᠵᠣᠣ ᠯᠧ ᠵᠢᠢ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ ᠳᠤ ᠣᠷᠣᠯᠴᠠᠵᠤ ᠸᠠᠩ ᠬᠤ᠋ ᠨᠢᠩ ᠴᠠᠶᠢᠯᠠᠯᠭ᠎ᠠ ᠶᠢ ᠡᠷᠭᠢᠯᠡᠵᠡᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2024 12 ᠰᠠᠷ᠎ᠠ ᠶᠢᠨ 31 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠦᠭᠦ ᠤᠯᠤᠰ ᠤᠨ ᠬᠤᠷᠢᠶ᠎ᠠ 2024 ᠣᠨ ᠤ 12 ᠰᠠᠷ᠎ᠠ ᠶᠢᠨ 31 ᠤ ᠡᠳᠦᠷ ᠦᠨ ᠦᠳᠡ ᠶᠢᠨ ᠡᠮᠦᠨ᠎ᠡ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠶᠣᠰᠣᠯᠠᠯ ᠤᠨ ᠲᠠᠩᠬᠢᠮ ᠳᠤ ᠰᠢᠨ᠎ᠡ ᠴᠠᠶᠢᠯᠠᠯᠭ᠎ᠠ ᠬᠢᠪᠡ᠃ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠵᠢᠴᠢ ᠨᠡᠶᠢᠰᠯᠡᠯ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠤᠨ ᠲᠥᠯᠥᠭᠡᠯᠡᠭᠴᠢ ᠲᠠᠢ ᠨᠢᠭᠡ ᠲᠠᠩᠬᠢᠮ ᠳᠤ ᠴᠤᠭᠯᠠᠷᠠᠵᠤ᠂ 2025 ᠣᠨ ᠢ ᠬᠠᠮᠲᠤ ᠪᠠᠷ ᠤᠭᠲᠤᠪᠠ᠃
12 ᠰᠠᠷ᠎ᠠ ᠶᠢᠨ 31 ᠤ ᠡᠳᠦᠷ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠪᠡᠭᠡᠵᠢᠩ ᠳᠤ ᠰᠢᠨ᠎ᠡ ᠴᠠᠶᠢᠯᠠᠯᠭ᠎ᠠ ᠬᠢᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠠᠶᠢᠯᠠᠯᠭ᠎ᠠ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ᠂ ᠤᠷᠢᠬᠠᠨ ᠰᠠᠯᠬᠢ ᠨᠠᠷᠠ ᠪᠠᠶᠢᠬᠤ ᠪᠠᠷ ᠪᠠᠷᠠᠬᠤ ᠦᠭᠡᠢ᠂ ᠪᠠᠰᠠ ᠰᠠᠯᠬᠢ ᠪᠣᠷᠣᠭᠠᠨ ᠴᠢᠨᠠᠭᠰᠢᠯᠠᠪᠠᠯ ᠳᠣᠬᠰᠢᠨ ᠳᠠᠪᠠᠯᠭᠠᠨ ᠰᠢᠷᠦᠭᠦᠨ ᠳᠣᠯᠭᠢᠶᠠᠨ ᠳᠤ ᠤᠴᠠᠷᠠᠬᠤ ᠶᠤᠮ᠃ ᠪᠢᠳᠡ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠰᠠᠯᠬᠢ ᠳᠠᠪᠠᠯᠭᠠᠨ ᠢ ᠰᠥᠷᠦᠨ ᠡᠷᠡᠯᠬᠡᠭᠯᠡᠨ ᠤᠷᠤᠭᠰᠢᠯᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠲᠠᠰᠤᠷᠠᠯᠲᠠ ᠦᠭᠡᠢ ᠤᠷᠤᠭᠰᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
ᠰᠢ ᠶᠢᠨ ᠫᠢᠩ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠰᠢᠶᠠᠩᠭᠠᠩ ᠤᠨ ᠠᠬ᠎ᠠ ᠳᠡᠭᠦᠦ ᠨᠠᠷ᠂ ᠣᠣᠮᠧᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ ᠪᠣᠯᠣᠨ ᠭᠠᠳᠠᠭᠠᠳᠤ ᠳᠤ ᠪᠠᠶᠢᠭ᠎ᠠ ᠬᠠᠷᠢᠶᠠᠲᠤ ᠠᠬ᠎ᠠ ᠳᠡᠭᠦᠦ ᠨᠠᠷ᠂ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ ᠪᠠᠶᠢᠭ᠎ᠠ ᠡᠯ᠎ᠡ ᠤᠯᠤᠰ ᠤᠨ ᠨᠠᠶᠢᠵᠠ ᠨᠠᠷ ᠲᠤ ᠰᠢᠨ᠎ᠡ ᠣᠨ ᠤ ᠰᠠᠶᠢᠨ ᠰᠠᠶᠢᠬᠠᠨ ᠵᠥᠩᠨᠡᠯ ᠳᠡᠪᠰᠢᠭᠦᠯᠪᠡ︕
ᠰᠢ ᠶᠢᠨ ᠫᠢᠩ᠂ 2024 ᠣᠨ ᠪᠣᠯ《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠠᠪᠴᠢᠷᠠᠭᠰᠠᠨ ᠥᠷᠢᠰᠦᠯᠳᠦᠭᠡᠨ ᠤ ᠡᠮᠦᠨ᠎ᠡ᠂ ᠪᠢᠳᠡ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠨ᠂ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠯᠠᠪᠳᠠᠭᠤᠨ ᠪᠠᠲᠤᠲᠠᠢ ᠠᠯᠬᠤᠭ᠎ᠠ ᠶᠢ ᠠᠯᠬᠤᠪᠠ᠃ ᠨᠢᠭᠡ ᠵᠢᠯ ᠤᠨ ᠲᠤᠷᠰᠢᠬᠢ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠪᠠᠶᠢᠵᠤ᠂ ᠠᠮᠵᠢᠯᠲᠠ ᠪᠦᠲᠦᠮᠵᠢ ᠨᠢ ᠬᠥᠮᠥᠰ ᠢ ᠵᠣᠷᠢᠭᠵᠢᠭᠤᠯᠵᠤ᠂ ᠪᠢᠳᠡᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠡᠷᠡᠰ ᠵᠣᠷᠢᠭ ᠪᠠ ᠢᠲᠡᠭᠡᠯ ᠢ ᠨᠡᠩ ᠪᠠᠲᠤᠳᠬᠠᠵᠠᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠨᠢᠭᠡ ᠵᠢᠯ ᠤᠨ ᠲᠤᠷᠰᠢ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯ ᠡᠭᠦᠷᠭᠡ ᠶᠢᠨ ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠵᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ 2025 ᠣᠨ ᠪᠣᠯ《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠃ ᠪᠢᠳᠡ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠠᠩ ᠢᠳᠡᠪᠬᠢᠲᠡᠢ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠢᠳᠡᠪᠬᠢᠲᠡᠢ ᠪᠠᠷ ᠵᠠᠰᠠᠭ ᠤᠨ ᠶᠠᠪᠤᠳᠠᠯ ᠢ ᠵᠥᠪᠯᠡᠨ ᠰᠠᠨᠠᠯ ᠰᠠᠨᠠᠭᠤᠯᠭ᠎ᠠ ᠳᠤᠷᠠᠳᠴᠤ᠂ ᠨᠡᠩ ᠥᠷᠭᠡᠨ ᠳᠡᠯᠭᠡᠷ ᠢᠶᠠᠷ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠴᠠᠶᠢᠯᠠᠯᠭ᠎ᠠ ᠶᠢ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠡᠷᠭᠢᠯᠡᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠪᠦᠯᠬᠦᠮᠳᠡᠨ ᠲᠡᠮᠡᠴᠡᠵᠦ᠂ 2025 ᠣᠨ ᠤ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠬᠦ ᠶᠢᠨ ᠲᠥᠯᠥᠭᠡ ᠥᠷᠭᠡᠨ ᠢᠶᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠬᠤᠤ ᠮᠢᠩ ᠤᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠢ ᠲᠥᠯᠥᠭᠡᠯᠡᠨ ᠶᠠᠷᠢᠶ᠎ᠠ ᠲᠠᠯᠪᠢᠵᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠪᠦᠯᠬᠦᠮᠳᠡᠨ ᠲᠡᠮᠡᠴᠡᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠬᠠᠷᠠᠯᠲᠠ ᠲᠡᠶᠢᠰᠢ ᠡᠷᠡᠰ ᠭᠤᠶᠢᠪᠢᠰᠢ ᠦᠭᠡᠢ ᠡᠷᠡᠯᠬᠡᠭᠯᠡᠨ ᠤᠷᠤᠭᠰᠢᠯᠠᠨ᠎ᠠ ᠭᠡᠵᠦ ᠢᠯᠡᠳᠬᠡᠪᠡ᠃
ᠴᠠᠶᠢᠯᠠᠯᠭ᠎ᠠ ᠳᠡᠭᠡᠷ᠎ᠡ᠂ ᠰᠢ ᠶᠢᠨ ᠫᠢᠩ ᠨᠠᠷ ᠡᠯ᠎ᠡ ᠡᠲᠡᠭᠡᠳ ᠤᠨ ᠬᠥᠮᠥᠰ ᠤᠨ ᠳᠤᠮᠳᠠ ᠬᠦᠷᠴᠦ᠂ ᠤᠯᠠᠨ ᠲᠠᠢ ᠳᠣᠲᠣᠨᠣ ᠪᠠᠷ ᠭᠠᠷ ᠠᠳᠬᠤᠵᠤ᠂ ᠬᠠᠷᠢᠯᠴᠠᠨ ᠮᠡᠨᠳᠦᠴᠢᠯᠡᠪᠡ᠃ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠤᠳᠬ᠎ᠠ ᠤᠷᠠᠯᠢᠭ ᠤᠨ ᠠᠵᠢᠯᠲᠠᠳ ᠭᠤᠶᠢᠳᠠ ᠰᠠᠶᠢᠬᠠᠨ ᠲᠣᠬᠯᠠᠯᠲᠠ ᠭᠠᠷᠭᠠᠪᠠ᠃ ᠬᠠᠮᠤᠭ ᠤᠨ ᠰᠡᠭᠦᠯ ᠳᠤ᠂ ᠪᠦᠭᠦᠳᠡᠭᠡᠷ ᠢᠶᠠᠨ ᠪᠣᠰᠴᠤ ᠵᠣᠭᠰᠣᠨ《ᠪᠦᠯᠬᠦᠮᠳᠡᠯ ᠪᠣᠯ ᠬᠦᠴᠦᠨ ᠮᠥᠨ》ᠭᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠵᠠᠭᠠᠪᠠ᠃ ᠬᠤᠷᠠᠯ ᠤᠨ ᠲᠠᠯᠠᠪᠠᠢ ᠳᠤ ᠪᠠᠶᠠᠷ ᠪᠠᠶᠠᠰᠬᠤᠯᠠᠩᠲᠤ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃
ᠪᠡᠭᠡᠵᠢᠩ ᠳᠤ ᠪᠠᠶᠢᠭ᠎ᠠ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠡᠰᠡᠭ ᠤᠳᠤᠷᠢᠳᠬᠤ ᠨᠥᠬᠦᠳ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠭᠰᠠᠨ ᠪᠡᠭᠡᠵᠢᠩ ᠳᠤ ᠪᠠᠶᠢᠭ᠎ᠠ ᠠᠬᠠᠮᠠᠳ ᠨᠥᠬᠦᠳ ᠴᠠᠶᠢᠯᠠᠯᠭ᠎ᠠ ᠳᠤ ᠣᠷᠣᠯᠴᠠᠵᠠᠢ᠃