ᠵᠤᠬᠢᠶᠠᠭᠴᠢ:
ᠴᠠᠭ:2025-01-03
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠳᠤᠮᠳᠠᠳᠤ ᠤᠷᠤᠰ ᠬᠤᠶᠠᠷ ᠤᠯᠤᠰ ᠤᠨ ᠲᠡᠷᠢᠭᠦᠨ ᠬᠠᠷᠢᠯᠴᠠᠨ ᠰᠢᠨ᠎ᠡ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ ᠳᠤᠮᠳᠠᠳᠤ ᠤᠷᠤᠰ ᠬᠤᠶᠠᠷ ᠤᠯᠤᠰ ᠤᠨ ᠶᠡᠷᠦᠩᠬᠡᠢ ᠰᠠᠶᠢᠳ ᠬᠠᠷᠢᠯᠴᠠᠨ ᠰᠢᠨ᠎ᠡ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠠᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2024 12 ᠰᠠᠷ᠎ᠠ ᠶᠢᠨ 31 ᠤ ᠴᠠᠭᠢᠯᠭᠠᠨ ᠮᠡᠳᠡᠭᠡ 2024 ᠣᠨ ᠤ 12 ᠰᠠᠷ᠎ᠠ ᠶᠢᠨ 31 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠤᠷᠤᠰ ᠤᠨ ᠶᠡᠷᠦᠩᠬᠡᠶᠢᠯᠡᠭᠴᠢ ᠫᠦᠲ᠋ᠢᠨ ᠬᠠᠷᠢᠯᠴᠠᠨ ᠰᠢᠨ᠎ᠡ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ᠃
ᠰᠢ ᠶᠢᠨ ᠫᠢᠩ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠶᠡᠷᠦᠩᠬᠡᠶᠢᠯᠡᠭᠴᠢ ᠫᠦᠲ᠋ᠢᠨ ᠪᠣᠯᠣᠨ ᠤᠷᠤᠰ ᠤᠨ ᠠᠷᠠᠳ ᠲᠦᠮᠡᠨ ᠳᠤ ᠴᠢᠩ ᠰᠡᠳᠬᠢᠯ ᠤᠨ ᠪᠠᠶᠠᠷ ᠬᠦᠷᠭᠡᠵᠦ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠰᠢ ᠶᠢᠨ ᠫᠢᠩ᠂ 2024 ᠣᠨ ᠪᠣᠯ ᠳᠤᠮᠳᠠᠳᠤ ᠣᠷᠣᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠪᠣᠯᠣᠨ᠎ᠠ᠂ ᠬᠤᠶᠠᠷ ᠤᠯᠤᠰ ᠤᠨ ᠬᠠᠷᠢᠯᠴᠠᠭᠠᠨ ᠤ ᠴᠢᠬᠤᠯᠠ ᠰᠢᠨ᠎ᠡ ᠬᠥᠰᠢᠶ᠎ᠡ ᠲᠡᠮᠳᠡᠭ ᠮᠥᠨ᠃ 75 ᠵᠢᠯ ᠤᠨ ᠰᠠᠯᠬᠢ ᠪᠣᠷᠣᠭᠠᠨ ᠢ ᠥᠩᠭᠡᠷᠡᠭᠡᠭᠡᠳ᠂ ᠳᠤᠮᠳᠠᠳᠤ ᠤᠷᠤᠰ ᠤᠨ ᠬᠠᠷᠢᠯᠴᠠᠭ᠎ᠠ ᠤᠯᠠᠮ ᠪᠣᠯᠪᠠᠰᠤᠷᠠᠩᠭᠤᠢ ᠪᠣᠯᠵᠤ ᠲᠣᠭᠲᠠᠪᠤᠷᠢᠵᠢᠪᠠ᠃ ᠲᠦᠷᠭᠡᠰᠦᠨ ᠬᠤᠪᠢᠷᠠᠵᠤ ᠪᠠᠶᠢᠭ᠎ᠠ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠪᠣᠯᠣᠨ ᠤᠷᠪᠠᠭᠠᠨ ᠬᠥᠷᠪᠡᠭᠡᠨ ᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ᠂ ᠳᠤᠮᠳᠠᠳᠤ ᠤᠷᠤᠰ ᠬᠤᠶᠠᠷ ᠤᠯᠤᠰ ᠢᠮᠠᠭᠲᠠ ᠬᠤᠯᠪᠤᠭ᠎ᠠ ᠦᠯᠦ ᠪᠠᠶᠢᠭᠤᠯᠬᠤ᠂ ᠦᠯᠦ ᠡᠰᠡᠷᠭᠦᠴᠡᠯᠳᠦᠬᠦ᠂ ᠭᠤᠷᠪᠠᠳᠠᠭᠴᠢ ᠡᠲᠡᠭᠡᠳ ᠲᠤ ᠦᠯᠦ ᠴᠢᠭᠯᠡᠭᠦᠯᠬᠦ ᠵᠥᠪ ᠵᠠᠮ ᠢᠶᠠᠷ ᠭᠠᠷ ᠬᠤᠯᠪᠣᠯᠴᠠᠨ ᠤᠷᠤᠭᠰᠢᠯᠠᠭᠰᠠᠭᠠᠷ ᠢᠷᠡᠵᠠᠢ᠃ ᠥᠩᠭᠡᠷᠡᠭᠰᠡᠨ ᠨᠢᠭᠡ ᠵᠢᠯ ᠳᠤ᠂ ᠪᠢᠳᠡ ᠪᠡᠭᠡᠵᠢᠩ᠂ ᠠᠰᠲ᠋ᠠᠨᠠ ᠪᠣᠯᠣᠨ ᠺᠠᠽᠠᠨ ᠳᠤ ᠭᠤᠷᠪᠠ ᠤᠳᠠᠭ᠎ᠠ ᠠᠭᠤᠯᠵᠠᠵᠤ᠂ ᠤᠲᠠᠰᠤ᠂ ᠵᠠᠬᠢᠳᠠᠯ ᠵᠡᠷᠭᠡ ᠤᠯᠠᠨ ᠵᠦᠢᠯ ᠤᠨ ᠠᠷᠭ᠎ᠠ ᠭᠡᠯᠪᠡᠷᠢ ᠪᠠᠷ ᠣᠯᠣᠯᠴᠠᠭ᠎ᠠ ᠪᠠᠨ ᠪᠠᠲᠤᠯᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠪᠣᠯᠣᠨ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠣᠭᠤᠷᠢᠨ ᠳᠤ ᠦᠨᠡᠨᠴᠢ ᠪᠠᠷ ᠰᠠᠨᠠᠯ ᠢᠶᠠᠨ ᠰᠣᠯᠢᠯᠴᠠᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠵᠠᠢ᠃ ᠪᠢᠳᠡᠨ ᠤ ᠪᠠᠶᠢᠯᠳᠤᠬᠤ ᠪᠣᠳᠣᠯᠭ᠎ᠠ ᠶᠢᠨ ᠳᠠᠭᠠᠭᠤᠯᠭ᠎ᠠ ᠳᠣᠣᠷ᠎ᠠ᠂ ᠳᠤᠮᠳᠠᠳᠤ ᠤᠷᠤᠰ ᠤᠨ ᠤᠯᠤᠰ ᠲᠦᠷᠦ ᠶᠢᠨ ᠢᠲᠡᠭᠡᠯᠴᠡᠭᠡ ᠪᠣᠯᠣᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠲᠠᠰᠤᠷᠠᠯᠲᠠ ᠦᠭᠡᠢ ᠨᠡᠩ ᠥᠨᠳᠥᠷ ᠲᠦᠪᠰᠢᠨ ᠳᠤ ᠬᠦᠷᠴᠦ᠂ ᠬᠤᠶᠠᠷ ᠤᠯᠤᠰ ᠤᠨ ᠵᠡᠭᠦᠨ ᠱᠤᠭᠤᠮ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠪᠦᠭᠦ ᠱᠤᠭᠤᠮ ᠢᠶᠠᠷ ᠨᠡᠪᠲᠡᠷᠡᠵᠦ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠨᠡᠩ ᠤᠯᠠᠨ ᠦᠵᠡᠭᠳᠡᠬᠦᠶᠢᠴᠡ ᠦᠷ᠎ᠡ ᠪᠦᠲᠦᠭᠡᠯ ᠢ ᠬᠤᠷᠠᠮᠳᠤᠭᠤᠯᠵᠠᠢ︔ ᠳᠤᠮᠳᠠᠳᠤ ᠤᠷᠤᠰ ᠤᠨ ᠰᠣᠶᠣᠯ ᠤᠨ ᠣᠨ ᠤᠷᠤᠭᠰᠢᠲᠠᠢ ᠡᠬᠢᠯᠡᠵᠦ᠂ ᠬᠤᠶᠠᠷ ᠤᠯᠤᠰ ᠤᠨ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠠᠷᠠᠳ ᠤᠨ ᠰᠡᠳᠬᠢᠯ ᠤᠨ ᠬᠤᠯᠪᠣᠭᠠᠰᠤ ᠶᠢ ᠤᠯᠠᠮ ᠨᠢᠭᠡ ᠠᠯᠬᠤᠮ ᠴᠢᠩᠭᠠᠷᠠᠭᠤᠯᠪᠠ︔ ᠬᠤᠶᠠᠷ ᠲᠠᠯ᠎ᠠ ᠪᠠᠷ ᠢᠶᠠᠨ ᠨᠦᠭᠦᠭᠡ ᠡᠲᠡᠭᠡᠳ ᠤᠨ ᠢᠶᠠᠨ ᠠᠯᠳᠠᠨ ᠲᠣᠭᠤᠰᠭ᠋᠎ᠠ ᠤᠯᠤᠰ ᠤᠳ ᠤᠨ ᠲᠣᠭᠲᠠᠴᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠤ ᠲᠡᠷᠢᠭᠦᠯᠡᠭᠴᠢ ᠤᠯᠤᠰ ᠤᠨ ᠠᠵᠢᠯ ᠡᠭᠦᠷᠭᠡᠯᠡᠬᠦ ᠶᠢ ᠬᠠᠷᠢᠯᠴᠠᠨ ᠳᠡᠮᠵᠢᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠤᠳᠠᠯ ᠦᠭᠡᠢ ᠬᠦᠷᠴᠦ ᠢᠷᠡᠬᠦ 2025 ᠣᠨ ᠪᠣᠯ ᠳᠤᠮᠳᠠᠳᠤ ᠤᠯᠤᠰ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ ᠳᠡᠯᠡᠬᠡᠢ ᠶᠢᠨ ᠹᠠᠱᠢᠰ ᠢ ᠡᠰᠡᠷᠭᠦᠴᠡᠬᠦ ᠲᠡᠶᠢᠨ ᠤ ᠢᠯᠠᠯᠲᠠ ᠣᠯᠣᠭᠰᠠᠨ 80 ᠵᠢᠯ ᠤᠨ ᠣᠶ ᠮᠥᠨ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠤᠯᠤᠰ ᠴᠥᠮ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠶᠢᠨ ᠦᠢᠯᠡᠰ ᠢ ᠠᠬᠢᠭᠤᠯᠤᠨ᠎ᠠ᠃ ᠳᠤᠮᠳᠠᠳᠤ ᠤᠷᠤᠰ ᠤᠨ ᠡᠯ᠎ᠡ ᠬᠦᠷᠢᠶᠡᠨ ᠤ ᠬᠠᠮᠲᠤᠷᠠᠯᠴᠠᠭ᠎ᠠ ᠴᠤ ᠰᠢᠨ᠎ᠡ ᠬᠥᠭᠵᠢᠯᠲᠡ ᠶᠢᠨ ᠠᠵᠠ ᠲᠣᠭᠢᠶᠠᠯ ᠢ ᠳᠠᠰᠤᠷᠠᠯᠳᠠ ᠦᠭᠡᠢ ᠤᠭᠲᠤᠨ ᠠᠪᠴᠢᠷᠠᠬᠤ ᠶᠢ ᠢᠲᠡᠭᠡᠵᠦ ᠪᠠᠶᠢᠨ᠎ᠠ᠃ ᠪᠢ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠦᠷᠭᠦᠯᠵᠢᠯᠡᠨ ᠨᠢᠭᠲᠠ ᠶᠠᠪᠤᠯᠴᠠᠵᠤ᠂ ᠳᠤᠮᠳᠠᠳᠤ ᠤᠷᠤᠰ ᠤᠨ ᠬᠠᠮᠲᠤᠷᠠᠯᠴᠠᠭᠠᠨ ᠤ ᠶᠡᠭᠡ ᠴᠢᠭᠯᠡᠯ ᠢ ᠪᠠᠲᠤ ᠡᠵᠡᠮᠳᠡᠵᠦ᠂ ᠥᠨᠢ ᠡᠭᠦᠷᠢᠳᠡ ᠶᠢᠨ ᠡᠶᠡᠯᠳᠡᠭ ᠬᠥᠷᠰᠢ ᠶᠢᠨ ᠨᠥᠬᠦᠷᠯᠡᠯ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ᠂ ᠬᠠᠷᠢᠯᠴᠠᠨ ᠠᠰᠢᠭᠲᠠᠢ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠰᠢᠨ᠎ᠡ ᠴᠠᠭ ᠦᠶ᠎ᠡ ᠶᠢᠨ ᠳᠤᠮᠳᠠᠳᠤ ᠤᠷᠤᠰ ᠤᠨ ᠬᠠᠷᠢᠯᠴᠠᠭ᠎ᠠ ᠶᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠥᠭᠵᠢᠯ ᠮᠠᠨᠳᠤᠯ ᠪᠠ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠳᠤᠮᠳᠠᠳᠤ ᠤᠷᠤᠰ ᠤᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠳᠤ ᠰᠢᠨ᠎ᠡ ᠴᠢᠬᠤᠯᠠ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃
ᠶᠡᠷᠦᠩᠬᠡᠶᠢᠯᠡᠭᠴᠢ ᠫᠦᠲ᠋ᠢᠨ ᠲᠡᠷᠢᠭᠦᠯᠡᠭᠴᠢ ᠰᠢ ᠶᠢᠨ ᠫᠢᠩ ᠳᠤ ᠰᠢᠨ᠎ᠡ ᠣᠨ ᠪᠣᠯᠣᠨ ᠴᠠᠭᠠᠨ ᠰᠠᠷ᠎ᠠ ᠶᠢᠨ ᠴᠢᠩ ᠰᠡᠳᠬᠢᠯ ᠤᠨ ᠵᠥᠩᠨᠡᠯ ᠳᠡᠪᠰᠢᠭᠦᠯᠵᠦ᠂ ᠳᠤᠮᠳᠠᠳᠤ ᠤᠯᠤᠰ ᠤᠨ ᠠᠷᠠᠳ ᠲᠦᠮᠡᠨ ᠤ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠵᠥᠩᠨᠡᠪᠡ᠃ ᠫᠦᠲ᠋ᠢᠨ᠂ ᠤᠳᠠᠯ ᠦᠭᠡᠢ ᠥᠩᠭᠡᠷᠡᠬᠦ ᠨᠢᠭᠡ ᠵᠢᠯ ᠳᠤ ᠣᠷᠣᠰ ᠳᠤᠮᠳᠠᠳᠤ ᠬᠤᠶᠠᠷ ᠤᠯᠤᠰ ᠬᠠᠮᠲᠤ ᠪᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠠ ᠣᠷᠣᠰ ᠳᠤᠮᠳᠠᠳᠤ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢ ᠦᠪᠡᠳᠡᠭᠰᠢ ᠶᠡᠭᠡ ᠪᠠᠷ ᠪᠡᠯᠭᠡᠯᠡᠪᠡ᠃ ᠪᠢᠳᠡ ᠭᠤᠷᠪᠠ ᠤᠳᠠᠭ᠎ᠠ ᠠᠮᠵᠢᠯᠲᠠ ᠲᠠᠢ ᠠᠭᠤᠯᠵᠠᠯᠲᠠ ᠬᠢᠵᠦ᠂ ᠤᠷᠤᠰ ᠳᠤᠮᠳᠠᠳᠤ ᠶᠢᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠰᠢᠨ᠎ᠡ ᠬᠥᠭᠵᠢᠯᠲᠡ ᠶᠢᠨ ᠠᠮᠵᠢᠯᠲᠠ ᠣᠯᠬᠤ ᠶᠢ ᠬᠥᠲᠥᠯᠥᠨ ᠳᠠᠭᠠᠭᠤᠯᠪᠠ᠃ ᠬᠤᠶᠠᠷ ᠲᠠᠯ᠎ᠠ ᠶᠢᠨ ᠠᠵᠤ ᠠᠬᠤᠢ ᠠᠷᠠᠯᠵᠢᠶ᠎ᠠ᠂ ᠡᠨᠧᠷᠭᠢ᠂ ᠵᠠᠮ ᠬᠠᠷᠢᠯᠴᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠡᠮᠬᠢ ᠵᠢᠷᠤᠮ ᠲᠠᠢ ᠠᠬᠢᠪᠠ᠃ ᠤᠷᠤᠰ ᠳᠤᠮᠳᠠᠳᠤ ᠶᠢᠨ ᠰᠣᠶᠣᠯ ᠤᠨ ᠣᠨ ᠤ ᠤᠷᠤᠭᠰᠢᠲᠠᠢ ᠡᠬᠢᠯᠡᠭᠰᠡᠨ ᠨᠢ ᠬᠤᠶᠠᠷ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠥᠷᠭᠡᠳᠬᠡᠬᠦ ᠳᠤ ᠨᠡᠩ ᠤᠯᠠᠨ ᠰᠢᠨ᠎ᠡ ᠠᠵᠠ ᠲᠣᠭᠢᠶᠠᠯ ᠣᠯᠭᠤᠵᠠᠢ᠃ ᠰᠢᠨ᠎ᠡ ᠨᠢᠭᠡ ᠵᠢᠯ ᠢ ᠪᠠᠷᠠᠯᠠᠬᠤᠶ᠎ᠠ᠂ ᠪᠢ ᠳᠤᠷᠠᠲᠠᠶ᠎ᠠ ᠰᠢ ᠶᠢᠨ ᠫᠢᠩ ᠲᠡᠷᠢᠭᠦᠯᠡᠭᠴᠢ ᠲᠠᠢ ᠦᠷᠭᠦᠯᠵᠢᠯᠡᠨ ᠨᠢᠭᠲᠠ ᠠᠵᠢᠯ ᠤᠨ ᠬᠠᠷᠢᠯᠴᠠᠭ᠎ᠠ ᠪᠠᠨ ᠪᠠᠲᠤᠯᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠵᠢᠴᠢ ᠡᠯ᠎ᠡ ᠬᠦᠷᠢᠶᠡᠨ ᠤ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠬᠥᠭᠵᠢᠬᠦ ᠶᠢ ᠬᠠᠮᠲᠤ ᠪᠠᠷ ᠠᠬᠢᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠠᠯᠳᠠᠨ ᠲᠣᠭᠤᠰᠭ᠋᠎ᠠ ᠤᠯᠤᠰ ᠤᠳ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯ᠎ᠠ ᠶᠢᠨ ᠲᠠᠪᠴᠠᠩ ᠳᠤ ᠬᠤᠶᠠᠷ ᠤᠯᠤᠰ ᠤᠨ ᠵᠣᠬᠢᠴᠠᠭᠤᠯᠭ᠎ᠠ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠡᠨᠡ ᠨᠢ ᠬᠤᠶᠠᠷ ᠤᠯᠤᠰ ᠤᠨ ᠠᠷᠠᠳ ᠲᠦᠮᠡᠨ ᠤ ᠠᠰᠢᠭ ᠲᠤᠰᠠ ᠳᠤ ᠪᠦᠷᠢᠮᠦᠰᠦᠨ ᠨᠡᠶᠢᠴᠡᠬᠦ ᠪᠠᠷ ᠪᠠᠷᠠᠬᠤ ᠦᠭᠡᠢ ᠪᠠᠰᠠ ᠳᠡᠯᠡᠬᠡᠢ ᠶᠢᠨ ᠪᠠ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠳᠤ ᠠᠰᠢᠭᠲᠠᠢ ᠶᠤᠮ ᠭᠡᠵᠦ ᠢᠯᠡᠳᠬᠡᠪᠡ᠃
ᠲᠤᠰ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠣᠯᠣᠨ ᠣᠷᠣᠰ ᠤᠨ ᠶᠡᠷᠦᠩᠬᠡᠢ ᠰᠠᠶᠢᠳ ᠮᠢᠱᠦ᠋ᠰᠺᠢᠨ ᠬᠠᠷᠢᠯᠴᠠᠨ ᠰᠢᠨ᠎ᠡ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠲᠡᠷᠢᠭᠦᠯᠡᠭᠴᠢ ᠰᠢ ᠶᠢᠨ ᠫᠢᠩ ᠪᠣᠯᠣᠨ ᠶᠡᠷᠦᠩᠬᠡᠶᠢᠯᠡᠭᠴᠢ ᠫᠦᠲ᠋ᠢᠨ ᠤ ᠪᠠᠶᠢᠯᠳᠤᠬᠤ ᠪᠣᠳᠣᠯᠭ᠎ᠠ ᠶᠢᠨ ᠳᠠᠭᠠᠭᠤᠯᠭ᠎ᠠ ᠳᠣᠣᠷ᠎ᠠ᠂ ᠳᠤᠮᠳᠠᠳᠤ ᠤᠷᠤᠰ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠪᠠ᠃ ᠳᠤᠮᠳᠠᠳᠤ ᠤᠯᠤᠰ ᠳᠤᠷᠠᠲᠠᠶ᠎ᠠ ᠤᠷᠤᠰ ᠤᠨ ᠬᠢᠨ ᠲᠠᠢ ᠬᠠᠮᠲᠤ ᠪᠠᠷ ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠪᠠᠷ ᠦᠨᠳᠦᠰᠦᠨ ᠵᠢᠷᠤᠮᠯᠠᠯ ᠪᠤᠯᠭᠠᠵᠤ᠂ ᠳᠤᠮᠳᠠᠳᠤ ᠤᠷᠤᠰ ᠤᠨ ᠬᠠᠷᠢᠯᠴᠠᠭ᠎ᠠ ᠪᠣᠯᠣᠨ ᠡᠯ᠎ᠡ ᠬᠦᠷᠢᠶᠡᠨ ᠤ ᠬᠠᠮᠲᠤᠷᠠᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠳᠬᠡᠪᠡ᠃ ᠮᠢᠱᠦ᠋ᠰᠺᠢᠨ᠂ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠬᠡᠮᠵᠢᠶᠡᠨ ᠤ ᠢᠲᠡᠭᠡᠯᠴᠡᠭᠡ ᠲᠠᠢ ᠪᠦᠲᠦᠭᠡᠯᠴᠢ ᠴᠢᠨᠠᠷᠲᠠᠢ ᠰᠣᠯᠢᠯᠴᠠᠭ᠎ᠠ ᠪᠠᠨ ᠦᠷᠭᠦᠯᠵᠢᠯᠡᠨ ᠪᠠᠲᠤᠯᠠᠨ᠎ᠠ᠂ ᠬᠤᠶᠠᠷ ᠲᠠᠯ᠎ᠠ ᠶᠢᠨ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠨᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠨᠡᠩ ᠥᠨᠳᠥᠷ ᠲᠦᠪᠰᠢᠨ ᠳᠤ ᠬᠦᠷᠬᠦ ᠶᠢ ᠠᠬᠢᠭᠤᠯᠬᠤ ᠳᠤ ᠠᠰᠢᠭᠲᠠᠢ ᠭᠡᠳᠡᠭ ᠢ ᠢᠲᠡᠭᠡᠵᠦ ᠪᠠᠶᠢᠨ᠎ᠠ ᠭᠡᠵᠦ ᠢᠯᠡᠳᠬᠡᠪᠡ᠃