ᠵᠤᠬᠢᠶᠠᠭᠴᠢ:
ᠴᠠᠭ:2025-01-03
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠠᠢ
2024 12 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠠᠢ᠃
ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶ᠎ᠠ ᠪᠣᠯᠣᠨ ᠣᠣᠮᠧᠨ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠲᠣᠰ ᠪᠡᠶ᠎ᠡ ᠶᠢᠨ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠭᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠤᠳᠠᠯᠳᠤᠭᠠᠨ ᠤ ᠰᠠᠨᠰᠠᠷ ᠤᠨ ᠠᠶᠠᠯᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠠᠵᠤ ᠦᠢᠯᠡᠰ ᠤᠨ ᠲᠦᠷᠭᠡᠨ ᠬᠥᠭᠵᠢᠯᠲᠡ ᠪᠠᠷ ᠠᠵᠤ ᠦᠢᠯᠡᠰ ᠤᠨ ᠪᠦᠲᠦᠴᠡ ᠶᠢᠨ ᠦᠷᠭᠦᠯᠵᠢᠯᠡᠨ ᠰᠢᠯᠢᠳᠡᠭᠵᠢᠬᠦ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠪᠠ ᠬᠥᠭᠵᠢᠯᠲᠡ ᠶᠢᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠣᠷᠣᠨ ᠨᠤᠲᠤᠭ ᠤᠨ ᠬᠠᠤᠯᠢ ᠲᠣᠭᠲᠠᠭᠠᠯᠲᠠ ᠶᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠣᠣᠮᠧᠨ ᠤ ᠨᠡᠭᠡᠭᠡᠯᠲᠡᠲᠤ ᠬᠥᠭᠵᠢᠯᠲᠡ ᠶᠢᠨ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠠᠳᠠᠭᠠᠳᠤ ᠨᠡᠭᠡᠭᠡᠯᠲᠡ ᠶᠢ ᠪᠦᠭᠦ ᠲᠠᠯ᠎ᠠ ᠪᠠᠷ ᠲᠥᠯᠥᠪᠵᠢᠭᠦᠯᠦᠨ ᠠᠬᠢᠭᠤᠯᠵᠤ᠂《ᠰᠢᠨ᠎ᠡ ᠡᠨᠧᠷᠭᠢ ᠶᠢᠨ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯᠴᠢ ᠴᠡᠨᠡᠭ ᠤᠨ ᠦᠢᠯᠡᠳᠬᠦᠨ》᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠪᠠ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠶᠡᠭᠡ ᠶᠠᠪᠤᠳᠠᠯ ᠪᠣᠯᠭᠠᠨ ᠠᠳᠬᠤᠬᠤ ᠶᠢ ᠪᠠᠷᠢᠮᠲᠠᠯᠠᠵᠤ᠂ ᠬᠢᠲᠠᠳ︵ᠮᠣᠩᠭᠤᠯ︶ᠡᠮ ᠡᠮᠨᠡᠯᠭᠡ ᠶᠢᠨ ᠬᠥᠭᠵᠢᠯᠲᠡ ᠶᠢᠨ ᠰᠢᠨ᠎ᠡ ᠠᠯᠬᠤᠭ᠎ᠠ ᠪᠠᠷ ᠠᠯᠬᠤᠬᠤ ᠶᠢ ᠠᠬᠢᠭᠤᠯᠬᠤ ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠨ ᠶᠡᠭᠡ ᠳᠡᠭᠡᠳᠦ ᠰᠤᠷᠭᠠᠭᠤᠯᠢ ᠪᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠠᠩ ᠣᠯᠠᠨ ᠬᠡᠷᠡᠭᠯᠡᠭᠡᠨ ᠤ ᠭᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠤᠭᠰᠠᠨ ᠪᠥᠭᠡᠳ ᠬᠤᠶᠠᠷ ᠬᠤᠷᠠᠯ ᠢ ᠰᠠᠶᠢᠲᠤᠷ ᠬᠤᠷᠠᠯᠳᠤᠭᠤᠯᠬᠤ ᠲᠤᠬᠠᠢ ᠱᠠᠭᠠᠷᠳᠠᠯᠭ᠎ᠠ ᠳᠤᠷᠠᠳᠴᠠᠢ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ 2024 ᠣᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠭᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠢ ᠳᠤᠨᠢ ᠵᠠᠳᠠᠯᠤᠨ ᠰᠤᠳᠤᠯᠤᠨ ᠮᠠᠭᠠᠳᠯᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠬᠡ ᠤᠯᠤᠰ ᠤᠨ《ᠤᠮᠠᠷᠠᠲᠤ ᠶᠡᠭᠡ ᠬᠠᠭᠠᠯᠭ᠎ᠠ》᠂ ᠨᠡᠶᠢᠰᠯᠡᠯ ᠤᠨ《ᠬᠠᠮᠠᠭᠠᠯᠠᠯᠲᠠ ᠶᠢᠨ ᠭᠤᠣᠯ》 ᠢ ᠪᠦᠭᠦ ᠬᠦᠴᠦᠨ ᠢᠶᠠᠷ ᠢᠶᠠᠨ ᠰᠠᠶᠢᠲᠤᠷ ᠰᠠᠬᠢᠬᠤ ᠬᠡᠷᠡᠭᠲᠡᠢ᠃ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠤᠯᠭᠠᠵᠤ᠂ ᠤᠯᠤᠰ ᠲᠦᠷᠦ ᠶᠢᠨ ᠰᠡᠷᠭᠡᠭ ᠴᠢᠨᠠᠷ ᠢᠶᠠᠨ ᠴᠢᠩᠭᠠᠳᠬᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠬᠦᠴᠦᠲᠡᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ᠃ ᠠᠮᠤᠷ ᠢ ᠬᠠᠮᠠᠭᠠᠯᠠᠬᠤ ᠬᠠᠮᠢᠶᠠᠷᠤᠯᠲᠠ ᠪᠠ ᠨᠡᠶᠢᠭᠡᠮ ᠤᠨ ᠵᠠᠰᠠᠯᠲᠠ ᠶᠢ ᠦᠨᠡᠨ ᠬᠦ ᠰᠠᠶᠢᠲᠤᠷ ᠠᠳᠬᠤᠵᠤ᠂ ᠤᠯᠤᠰ ᠲᠦᠷᠦ ᠬᠠᠤᠯᠢ ᠴᠠᠭᠠᠵᠠ ᠶᠢᠨ ᠨᠢᠭᠡᠴᠢ ᠶᠢᠨ ᠬᠤᠭᠤᠷᠣᠨᠳᠣᠭᠢ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠂ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠵᠥᠷᠢᠴᠡᠯ ᠢ ᠡᠬᠢ ᠡᠭᠦᠰᠦᠯ ᠠᠴᠠ ᠨᠢ ᠰᠢᠢᠳᠪᠦᠷᠢᠯᠡᠨ ᠠᠷᠢᠯᠭᠠᠬᠤ ᠶᠢ ᠴᠢᠩᠭᠠᠳᠬᠠᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯᠯᠠᠭ᠎ᠠ ᠶᠢ ᠵᠢᠷᠤᠮᠵᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ᠃
ᠬᠤᠷᠠᠯ ᠠᠴᠠ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 《ᠠᠷᠠᠳ ᠲᠦᠮᠡᠨ ᠬᠠᠨᠤᠮᠵᠢᠳᠠᠢ ᠠᠯᠪᠠᠲᠠᠨ》ᠪᠠ《ᠠᠷᠠᠳ ᠲᠦᠮᠡᠨ ᠬᠠᠨᠤᠮᠵᠢᠳᠠᠢ ᠠᠯᠪᠠᠲᠠᠨ ᠤ ᠬᠠᠮᠲᠤ》 ᠶᠢ ᠰᠢᠯᠭᠠᠷᠠᠭᠤᠯᠤᠨ ᠬᠥᠬᠢᠭᠦᠯᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠦᠭᠦ ᠨᠡᠶᠢᠭᠡᠮ ᠳᠤ ᠦᠯᠢᠭᠡᠷ ᠳᠠᠭᠤᠷᠢᠶᠠᠯ ᠠᠴᠠ ᠲᠠᠭᠠᠨ ᠰᠤᠷᠤᠯᠴᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠭᠦᠨ ᠵᠤᠵᠠᠭᠠᠨ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃