ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠶᠢᠬᠤ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠯᠢ ᠴᠢᠶᠠᠩ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠵᠤ ᠯᠢ ᠰᠢ ᠬᠤᠷᠠᠯ ᠢ ᠡᠷᠭᠢᠯᠡᠪᠡ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 1 ᠰᠠᠷ᠎ᠠ ᠶᠢᠨ 6 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠡᠳᠦᠷ ᠦᠨ ᠦᠳᠡ ᠶᠢᠨ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠠᠴᠠ ᠨᠠᠭᠠᠰᠢ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠬᠤ ᠡᠷᠴᠢᠮ ᠤᠷᠢᠳ ᠡᠮᠦᠨ᠎ᠡ ᠪᠠᠶᠢᠭ᠎ᠠ ᠦᠭᠡᠢ ᠴᠢᠩᠭᠠᠷᠠᠵᠤ᠂ ᠦᠷ᠎ᠡ ᠪᠦᠲᠦᠮᠵᠢ ᠨᠢ ᠤᠯᠠᠨ ᠤ ᠠᠩᠬᠠᠷᠤᠯ ᠢ ᠲᠠᠲᠠᠭᠰᠠᠨ ᠪᠠᠶᠢᠨ᠎ᠠ᠃ ᠢᠯᠵᠢᠷᠡᠯ ᠢ ᠡᠰᠡᠷᠭᠦᠴᠡᠬᠦ ᠠᠵᠢᠯ ᠡᠭᠦᠷᠢᠳᠡ ᠵᠣᠭᠰᠣᠰᠢ ᠦᠭᠡᠢ ᠪᠠᠶᠢᠬᠤ ᠡᠷᠡᠰ ᠪᠠᠲᠤ ᠪᠠᠷᠢᠮᠲᠠᠯᠠᠯ ᠢ ᠢᠮᠠᠭᠲᠠ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠪᠠ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠨᠢᠭᠡ ᠠᠯᠬᠤᠮ ᠴᠤ ᠵᠣᠭᠰᠣᠯ ᠦᠭᠡᠢ᠂ ᠬᠠᠭᠠᠰ ᠠᠯᠬᠤᠮ ᠴᠤ ᠤᠬᠤᠷᠢᠬᠤ ᠦᠭᠡᠢ ᠪᠠᠶᠢᠵᠤ᠂ ᠢᠯᠵᠢᠷᠡᠬᠦ ᠠᠴᠠ ᠵᠢᠷᠦᠬᠡᠰᠢᠶᠡᠬᠦ᠂ ᠢᠯᠵᠢᠷᠡᠵᠦ ᠪᠤᠯᠬᠤ ᠦᠭᠡᠢ᠂ ᠢᠯᠵᠢᠷᠡᠬᠦ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠡᠨᠡ ᠬᠦ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠯᠢ ᠰᠢ ᠬᠤᠷᠠᠯ ᠢ ᠡᠷᠭᠢᠯᠡᠪᠡ᠃
ᠰᠢ ᠶᠢᠨ ᠫᠢᠩ᠂ 2024 ᠣᠨ ᠳᠤ᠂ ᠨᠠᠮ ᠤᠨ ᠲᠥᠪ ᠬᠤᠷᠢᠶ᠎ᠠ ᠠᠴᠠ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠢᠮᠠᠭᠲᠠ ᠂ ᠰᠢᠨ᠎ᠡ ᠠᠬᠢᠴᠠ ᠪᠠ ᠦᠷ᠎ᠡ ᠪᠦᠲᠦᠮᠵᠢ ᠣᠯᠪᠠ᠃ ᠪᠦᠭᠦ ᠨᠠᠮ ᠢᠶᠠᠷ ᠢᠶᠠᠨ ᠥᠪᠡᠷ ᠪᠡᠶ᠎ᠡ ᠶᠢᠨ ᠬᠤᠪᠢᠰᠬᠠᠯ ᠬᠢᠬᠦ ᠡᠨᠡ ᠬᠦ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠲᠠᠨᠢᠯᠲᠠ ᠨᠢ ᠨᠡᠩ ᠰᠡᠷᠭᠡᠭ ᠪᠣᠯᠵᠤ᠂ ᠦᠢᠯᠡ ᠠᠵᠢᠯᠯᠠᠭ᠎ᠠ ᠨᠢ ᠨᠡᠩ ᠡᠷᠡᠰ ᠪᠠᠲᠤ ᠪᠤᠯᠪᠠ︔ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠭᠦ ᠨᠠᠮ ᠤᠨ ᠨᠥᠬᠦᠳ ᠤᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢᠯᠡᠳᠲᠡ ᠴᠢᠩᠭᠠᠷᠠᠪᠠ︔ ᠢᠯᠵᠢᠷᠡᠯ ᠢ ᠡᠰᠡᠷᠭᠦᠴᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠪᠠ︔ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠤ ᠲᠤᠰᠬᠠᠯ ᠴᠢᠩᠭ᠎ᠠ ᠠᠯᠢ ᠤᠯᠠᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠪᠡ︔ ᠳᠦᠷᠢᠮ ᠢᠶᠠᠷ ᠨᠠᠮ ᠢ ᠵᠠᠰᠠᠬᠤ᠂ ᠲᠣᠭᠲᠠᠭᠠᠯ ᠢᠶᠠᠷ ᠨᠠᠮ ᠢ ᠵᠠᠰᠠᠬᠤ ᠶᠢ ᠭᠦᠨᠵᠡᠭᠡᠶᠢᠷᠡᠭᠦᠯᠵᠦ᠂ ᠨᠠᠮ ᠠᠴᠠ ᠢᠯᠵᠢᠷᠡᠯ ᠢ ᠡᠰᠡᠷᠭᠦᠴᠡᠬᠦ ᠲᠡᠮᠡᠴᠡᠯ ᠢ ᠤᠳᠤᠷᠢᠳᠬᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠢᠯᠵᠢᠷᠡᠯ ᠪᠣᠯ ᠮᠠᠨ ᠤ ᠨᠠᠮ ᠳᠤ ᠲᠤᠯᠭᠠᠷᠠᠵᠤ ᠪᠠᠶᠢᠭ᠎ᠠ ᠬᠠᠮᠤᠭ ᠤᠨ ᠶᠡᠭᠡ ᠰᠦᠷᠳᠡᠭᠦᠯᠦᠯ ᠮᠥᠨ᠂ ᠢᠯᠵᠢᠷᠡᠯ ᠢ ᠡᠰᠡᠷᠭᠦᠴᠡᠬᠦ ᠪᠣᠯ ᠬᠠᠮᠤᠭ ᠤᠨ ᠲᠤᠶᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠪᠣᠯᠣᠨ᠎ᠠ᠃ ᠰᠢᠨ᠎ᠡ ᠴᠠᠭ ᠦᠶ᠎ᠡ ᠳᠤ ᠣᠷᠣᠵᠤ᠂ ᠨᠠᠮ ᠤᠨ ᠳᠣᠲᠣᠭᠠᠳᠤ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠲᠣᠪᠣᠶᠢᠮ᠎ᠠ ᠠᠰᠠᠭᠤᠳᠠᠯ ᠤᠨ ᠡᠮᠦᠨ᠎ᠡ᠂ ᠪᠢᠳᠡ ᠢᠯᠵᠢᠷᠡᠭᠰᠠᠳ ᠪᠠᠶᠢᠪᠠᠯ ᠯᠠᠪᠲᠠᠢ ᠡᠰᠡᠷᠭᠦᠴᠡᠬᠦ᠂ ᠱᠠᠮᠰᠢᠭᠰᠠᠳ ᠪᠠᠶᠢᠪᠠᠯ ᠯᠠᠪᠲᠠᠢ ᠠᠷᠢᠯᠭᠠᠬᠤ ᠶᠢ ᠪᠠᠷᠢᠮᠲᠠᠯᠠᠵᠤ᠂ ᠺᠠᠳ᠋ᠷ ᠤᠨ ᠡᠩᠨᠡᠭᠡ ᠶᠢ ᠲᠠᠰᠤᠷᠠᠯᠳᠠ ᠦᠭᠡᠢ ᠴᠡᠪᠡᠷᠰᠢᠭᠦᠯᠵᠦ᠂ ᠨᠠᠮ ᠤᠨ ᠳᠦᠷᠢ ᠲᠥᠷᠬᠦ ᠶᠢ ᠬᠠᠮᠠᠭᠠᠯᠠᠨ᠂ ᠬᠤᠪᠢᠰᠬᠠᠯᠲᠤ ᠲᠦᠷᠦ ᠭᠦᠷᠦᠨ ᠢ ᠪᠠᠬᠢᠵᠢᠭᠦᠯᠵᠦ᠂ ᠨᠠᠮ ᠤᠨ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠢ᠂ ᠰᠤᠷᠲᠠᠯ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠲᠡᠦᠬᠡᠨ ᠰᠠᠨᠠᠭᠠᠴᠢᠯᠠᠭᠠᠲᠤ ᠡᠷᠬᠡ ᠶᠢ ᠣᠯᠵᠤ᠂ ᠨᠠᠮ ᠠᠴᠠ ᠪᠦᠭᠦ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠬᠠᠮᠲᠤ ᠪᠠᠷ ᠲᠡᠮᠡᠴᠡᠬᠦ ᠲᠡᠦᠬᠡᠨ ᠰᠠᠨᠠᠭᠠᠴᠢᠯᠠᠭᠠᠲᠤ ᠡᠷᠬᠡ ᠶᠢ ᠣᠯᠪᠠ ᠭᠡᠵᠦ ᠴᠢᠬᠤᠯᠠᠴᠢᠯᠠᠪᠠ᠃
ᠰᠢ ᠶᠢᠨ ᠫᠢᠩ᠂ ᠣᠳᠣᠬᠠᠨ ᠤ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠃ ᠢᠯᠵᠢᠷᠡᠯ ᠤᠨ ᠦᠯᠡᠳᠡᠭᠳᠡᠯ ᠬᠡᠮᠵᠢᠶ᠎ᠡ ᠶᠢ ᠬᠠᠷᠠᠬᠠᠨ ᠠᠷᠢᠯᠭᠠᠭᠠᠳᠤᠢ ᠪᠠᠶᠢᠵᠤ᠂ ᠨᠡᠮᠡᠭᠳᠡᠯ ᠤᠨ ᠬᠡᠮᠵᠢᠶ᠎ᠡ ᠪᠠᠰᠠ ᠦᠷᠭᠦᠯᠵᠢᠯᠡᠨ ᠡᠭᠦᠰᠴᠦ᠂ ᠢᠯᠵᠢᠷᠡᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠬᠤ ᠡᠭᠦᠷᠭᠡ ᠮᠥᠨ ᠯᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠨ᠎ᠠ᠃ ᠢᠯᠵᠢᠷᠡᠯ ᠢ ᠡᠰᠡᠷᠭᠦᠴᠡᠬᠦ ᠲᠡᠮᠡᠴᠡᠯ ᠢ ᠲᠠᠨᠢᠬᠤ ᠳᠤ ᠵᠠᠪᠠᠯ ᠲᠡᠦᠬᠡᠨ ᠬᠠᠷᠠᠴᠠ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠲᠠᠢ ᠪᠠᠶᠢᠵᠤ᠂ ᠨᠠᠮ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠶᠢ ᠪᠣᠳᠣᠯᠬᠢᠯᠠᠬᠤ ᠬᠡᠷᠡᠭᠲᠡᠢ᠃ ᠢᠯᠵᠢᠷᠡᠯ ᠢ ᠡᠰᠡᠷᠭᠦᠴᠡᠬᠦ ᠲᠡᠮᠡᠴᠡᠯ ᠨᠢ ᠡᠷᠬᠡᠪᠰᠢ ᠡᠷᠡᠰ ᠭᠤᠶᠢᠪᠢᠰᠢ ᠦᠭᠡᠢ ᠪᠠᠶᠢᠵᠤ᠂ ᠶᠠᠮᠠᠷᠪᠠ ᠡᠷᠡᠭᠡᠯᠵᠡᠬᠦ ᠭᠤᠶᠢᠪᠢᠯᠵᠠᠬᠤ᠂ ᠰᠤᠯᠠᠷᠠᠬᠤ ᠢᠯᠳᠠᠷ ᠬᠠᠶᠠᠬᠤ ᠪᠤᠶᠤ ᠳᠤᠲᠠᠭᠤ ᠲᠣᠷᠭᠤᠨ ᠵᠣᠬᠰᠣᠬᠤ ᠨᠢ ᠴᠥᠮ ᠨᠤᠷᠠᠭᠠᠯᠲᠠ ᠶᠢᠨ ᠴᠢᠨᠠᠷᠲᠠᠢ ᠠᠯᠳᠠᠭ᠎ᠠ ᠭᠠᠷᠭᠠᠬᠤ ᠪᠣᠯᠣᠨ᠎ᠠ᠃ ᠡᠯ᠎ᠡ ᠵᠦᠢᠯ ᠤᠨ ᠪᠤᠷᠤᠭᠤ ᠲᠠᠨᠢᠯᠲᠠ ᠶᠢ ᠡᠷᠡᠰ ᠲᠣᠳᠣᠷᠬᠠᠶᠢᠯᠠᠵᠤ᠂ ᠦᠵᠡᠯ ᠰᠠᠨᠠᠭᠠᠨ ᠤ ᠲᠥᠭᠡᠷᠢᠭᠳᠡᠯ ᠢ ᠠᠷᠢᠯᠭᠠᠨ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠡᠷᠡᠰ ᠵᠣᠷᠢᠭ ᠪᠠ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠡᠷᠬᠡᠪᠰᠢ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠶᠢᠬᠤ ᠪᠠᠷᠢᠮᠵᠢᠶ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢ ᠪᠠᠷᠢᠮᠲᠠᠯᠠᠵᠤ᠂ ᠨᠡᠩ ᠶᠡᠭᠡ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠨᠠᠮ ᠤᠨ ᠢᠮᠠᠭᠲᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠬᠤ᠂ ᠣᠨᠣᠪᠴᠢᠲᠠᠢ ᠪᠤᠯᠭᠠᠬᠤ᠂ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠡᠷᠬᠡᠪᠰᠢ ᠬᠡᠯᠡᠭᠰᠡᠨ ᠳᠡᠭᠡᠨ ᠭᠦᠷᠲᠡᠯ᠎ᠡ ᠬᠢᠬᠦ ᠬᠡᠷᠡᠭᠲᠡᠢ᠃ ᠦᠵᠡᠯ ᠰᠠᠨᠠᠭᠠᠨ ᠤ ᠲᠠᠯ᠎ᠠ ᠪᠠᠷ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢᠨ ᠲᠤᠬᠠᠢ ᠬᠠᠷᠠᠯᠲᠠ ᠪᠠᠶᠢᠷᠢ ᠲᠣᠭᠲᠠᠭᠠᠯᠲᠠ ᠪᠠ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠨᠢᠭᠡᠳᠦᠯᠲᠡᠢ᠂ ᠴᠢᠭᠯᠡᠯ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠣᠨ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂《ᠲᠤᠯᠤᠭᠠᠨ ᠪᠠᠶᠢᠬᠤ》 ᠶᠢ ᠤᠬᠳᠤ ᠵᠥᠪᠰᠢᠶᠡᠷᠡᠬᠦ ᠦᠭᠡᠢ᠂ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠳᠦᠯᠲᠡᠢ ᠪᠠᠶᠢᠬᠤ᠂ ᠵᠠᠷᠯᠢᠭ ᠴᠠᠭᠠᠵᠠ ᠶᠢ ᠲᠠᠭᠠᠬᠤ ᠶᠢ ᠪᠠᠲᠤᠯᠠᠬᠤ ᠬᠡᠷᠡᠭᠲᠡᠢ᠃ ᠦᠢᠯᠡ ᠠᠵᠢᠯᠯᠠᠭ᠎ᠠ ᠶᠢᠨ ᠲᠠᠯ᠎ᠠ ᠪᠠᠷ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠯᠤᠰ ᠲᠦᠷᠦ ᠶᠢᠨ ᠬᠢᠨᠠᠯᠲᠠ ᠲᠠᠯᠪᠢᠬᠤ ᠭᠤᠣᠯᠳᠠᠯᠭ᠎ᠠ ᠪᠤᠯᠭᠠᠵᠤ᠂ ᠬᠦᠴᠦ ᠪᠠᠨ ᠬᠠᠮᠲᠤᠳᠬᠠᠨ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠨᠢᠭᠡ ᠵᠦᠢᠯ ᠤᠨ ᠪᠠᠶᠢᠩᠭᠤ ᠶᠢᠨ ᠴᠢᠨᠠᠷᠲᠠᠢ ᠠᠵᠢᠯ ᠪᠣᠯᠣᠨ᠎ᠠ᠂ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠪᠤᠰᠤᠳ ᠢᠶᠠᠷ ᠱᠠᠭᠠᠷᠳᠠᠭᠤᠯᠬᠤ ᠶᠢ ᠪᠡᠶ᠎ᠡ ᠪᠠᠨ ᠪᠠᠷᠢᠬᠤ ᠪᠤᠯᠭᠠᠵᠤ᠂ ᠳᠣᠲᠣᠷ᠎ᠠ ᠪᠠᠨ ᠰᠠᠭᠤᠭᠳᠠᠭᠤᠯᠵᠤ ᠡᠳᠦᠷ ᠳᠤᠲᠤᠮ ᠤᠨ ᠠᠮᠢᠳᠤᠷᠠᠯ ᠳᠠᠭᠠᠨ ᠬᠡᠷᠡᠭᠯᠡᠵᠦ ᠳᠠᠳᠤᠭᠰᠠᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠪᠠᠶᠢᠩᠭᠤᠵᠢᠭᠰᠠᠨ ᠤᠷᠲᠤ ᠬᠤᠭᠤᠴᠠᠭᠠᠨ ᠤ ᠪᠦᠲᠦᠮᠵᠢᠲᠡᠶ ᠰᠠᠬᠢᠯᠭ᠎ᠠ ᠪᠠᠲᠤ ᠶᠢᠨ ᠬᠥᠮᠦᠵᠢᠯ ᠤᠨ ᠲᠣᠭᠲᠠᠴᠠ ᠶᠢ ᠪᠠᠶᠢᠭᠤᠯᠵᠤ᠂ ᠰᠠᠬᠢᠯᠭ᠎ᠠ ᠪᠠᠲᠤ ᠶᠢᠨ ᠬᠥᠮᠦᠵᠢᠯ ᠢ ᠺᠠᠳ᠋ᠷ ᠤᠨ ᠦᠰᠦᠨ ᠪᠣᠶᠢᠵᠢᠬᠤ ᠪᠦᠭᠦ ᠦᠶᠡᠯᠡᠯ ᠳᠤ ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠦᠭᠦ ᠶᠠᠪᠤᠴᠠ ᠳᠤ ᠠᠭᠤᠰᠬᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂《ᠲᠦᠷᠪᠡᠨ ᠵᠦᠢᠯ ᠤᠨ ᠭᠡᠯᠪᠡᠷᠢ ᠪᠠᠶᠢᠳᠠᠯ》 ᠢ ᠵᠥᠪ ᠣᠨᠣᠪᠴᠢᠲᠠᠢ ᠬᠡᠷᠡᠭᠯᠡᠨ᠂ ᠦᠨᠡᠨ ᠠᠴᠠ ᠵᠥᠪ ᠢ ᠡᠷᠢᠵᠦ᠂ ᠬᠢᠯᠢᠰᠳᠡᠭᠦᠯᠬᠦ ᠦᠭᠡᠢ ᠪᠠᠰᠠ ᠳᠤᠷ᠎ᠠ ᠪᠠᠷ ᠨᠢ ᠲᠠᠯᠪᠢᠬᠤ ᠦᠭᠡᠢ᠂ ᠡᠷᠲᠡ ᠠᠴᠠ ᠠᠳᠬᠤᠵᠤ᠂ ᠪᠠᠭ᠎ᠠ ᠳᠡᠭᠡᠷ᠎ᠡ ᠨᠢ ᠰᠡᠷᠭᠡᠶᠢᠯᠡᠵᠦ᠂ ᠴᠢᠩᠭ᠎ᠠ ᠬᠠᠮᠢᠶᠠᠷᠤᠨ ᠬᠢᠨᠠᠬᠤ ᠪᠠ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢ ᠨᠢᠭᠡᠳᠬᠡᠵᠦ᠂ ᠺᠠᠳ᠋ᠷᠴᠤᠳ ᠢ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠠᠵᠢᠯ ᠬᠢᠵᠦ ᠦᠢᠯᠡᠰ ᠪᠣᠰᠬᠠᠬᠤ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠰᠤᠷᠲᠠᠯ ᠢᠯᠵᠢᠷᠡᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠠᠵᠢᠯ ᠢ ᠭᠦᠨᠵᠡᠭᠡᠢ ᠠᠬᠢᠭᠤᠯᠬᠤ ᠬᠡᠷᠡᠭᠲᠡᠢ᠃ ᠤᠬᠲᠤ ᠠᠭᠤᠴᠢᠯᠠᠬᠤ ᠦᠭᠡᠢ ᠪᠠᠶᠢᠬᠤ ᠶᠢ ᠢᠮᠠᠭᠲᠠ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠢ ᠲᠡᠮᠦᠷ ᠶᠣᠰᠣ᠂ ᠬᠠᠲᠠᠭᠤ ᠪᠠᠷᠢᠮᠵᠢᠶ᠎ᠠ ᠪᠤᠯᠭᠠᠵᠤ᠂ ᠥᠰᠢᠯᠳᠦᠨ ᠰᠠᠬᠢᠯᠭ᠎ᠠ ᠪᠠᠲᠤ ᠶᠢ ᠵᠥᠷᠢᠴᠡᠭᠰᠡᠨ᠂ ᠳᠠᠯᠳᠠᠭᠤᠷ ᠣᠨᠳᠣᠣᠰᠢᠭᠰᠠᠨ《ᠲᠦᠷᠪᠡᠨ ᠰᠤᠷᠲᠠᠯ》 ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠠᠮ ᠤᠨ ᠭᠡᠰᠢᠭᠦᠨ᠂ ᠺᠠᠳ᠋ᠷᠴᠤᠳ ᠤᠨ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ ᠡᠷᠡᠰ ᠡᠰᠡᠷᠭᠦᠴᠡᠬᠦ ᠶᠢ ᠱᠠᠯᠠᠪᠳᠠᠭᠤᠯᠵᠤ᠂ ᠡᠷᠬᠡ ᠶᠢᠨ ᠲᠤᠬᠠᠢ ᠵᠥᠪ ᠦᠵᠡᠯᠲᠡ᠂ ᠠᠯᠪᠠᠨ ᠠᠮᠵᠢᠯᠲᠠ ᠶᠢᠨ ᠲᠤᠬᠠᠢ ᠵᠥᠪ ᠦᠵᠡᠯᠲᠡ᠂ ᠠᠵᠢᠯ ᠦᠢᠯᠡᠰ ᠤᠨ ᠲᠤᠬᠠᠢ ᠵᠥᠪ ᠦᠵᠡᠯᠲᠡ ᠶᠢ ᠪᠠᠲᠤ ᠪᠤᠢ ᠪᠤᠯᠭᠠᠬᠤ ᠬᠡᠷᠡᠭᠲᠡᠢ᠃ ᠢᠯᠵᠢᠷᠡᠯ ᠢ ᠡᠰᠡᠷᠭᠦᠴᠡᠬᠦ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠭᠤᠣᠯᠳᠠᠯᠭ᠎ᠠ ᠲᠠᠢ ᠠᠰᠠᠭᠤᠳᠠᠯ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠡᠲᠡᠭᠡᠳ ᠢ ᠭᠤᠣᠯᠳᠠᠯᠭ᠎ᠠ ᠲᠠᠢ ᠠᠳᠬᠤᠵᠤ᠂ ᠬᠡᠭᠡᠯᠢ ᠢᠳᠡᠵᠦ ᠬᠠᠭ᠋ᠤᠤᠯᠢ ᠲᠦᠯᠬᠢᠬᠦ ᠶᠢ ᠬᠠᠮᠲᠤ ᠳᠤᠨᠢ ᠪᠠᠶᠢᠴᠠᠭᠠᠬᠤ ᠠᠵᠢᠯ ᠢ ᠬᠦᠴᠦᠯᠡᠨ ᠭᠦᠨᠵᠡᠭᠡᠶᠢᠷᠡᠭᠦᠯᠵᠦ᠂ ᠰᠢᠰᠲ᠋ᠧᠮ ᠤᠨ ᠴᠢᠨᠠᠷᠲᠠᠢ ᠢᠯᠵᠢᠷᠡᠯ ᠤᠨ ᠠᠶᠤᠯ ᠲᠦᠭᠰᠢᠭᠦᠷᠢ ᠭᠡᠮ ᠰᠣᠭᠤᠭ ᠢ ᠡᠷᠡᠰ ᠠᠷᠢᠯᠭᠠᠬᠤ ᠬᠡᠷᠡᠭᠲᠡᠢ᠃ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ ᠵᠠᠰᠠᠯᠲᠠ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ ᠡᠷᠬᠡ ᠶᠢᠨ ᠲᠣᠬᠢᠷᠠᠭᠤᠯᠤᠯᠲᠠ ᠶᠢᠨ ᠠᠵᠢᠯᠯᠠᠭᠠᠨ ᠤ ᠬᠢᠵᠠᠭᠠᠷᠯᠠᠯ ᠪᠠ ᠬᠢᠨᠠᠯᠲᠠ ᠲᠠᠯᠪᠢᠬᠤ ᠲᠣᠭᠲᠠᠴᠠ ᠶᠢ ᠠᠬᠢᠭᠤᠯᠤᠨ ᠲᠡᠭᠦᠯᠳᠡᠷᠵᠢᠭᠦᠯᠵᠦ᠂ ᠰᠢᠨ᠎ᠡ ᠮᠠᠶ᠋ᠢᠭ ᠤᠨ ᠢᠯᠵᠢᠷᠡᠯ ᠪᠠ ᠲᠠᠯᠳᠠ ᠢᠯᠵᠢᠷᠡᠯ ᠢ ᠰᠡᠷᠭᠡᠶᠢᠯᠡᠨ ᠵᠠᠰᠠᠬᠤ ᠪᠦᠲᠦᠮᠵᠢᠲᠡᠢ ᠠᠷᠭ᠎ᠠ ᠶᠢ ᠪᠠᠶᠠᠯᠢᠭᠵᠢᠭᠤᠯᠬᠤ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂《ᠬᠠᠮᠲᠤ ᠪᠠᠷ ᠪᠠᠶᠢᠴᠠᠭᠠᠬᠤ》 ᠪᠠᠷ ᠰᠤᠷᠲᠠᠯ ᠢᠯᠵᠢᠷᠡᠯ ᠰᠣᠯᠪᠢᠴᠠᠭᠰᠠᠨ ᠠᠰᠠᠭᠤᠳᠠᠯ ᠢ ᠴᠢᠩᠭ᠎ᠠ ᠰᠢᠢᠳᠬᠡᠵᠦ᠂《ᠬᠠᠮᠲᠤ ᠪᠠᠷ ᠵᠠᠰᠠᠬᠤ》ᠪᠠᠷ ᠰᠤᠷᠲᠠᠯ ᠢᠯᠵᠢᠷᠡᠯ ᠤᠨ ᠨᠡᠶᠢᠲᠡᠴᠢ ᠴᠢᠨᠠᠷ ᠤᠨ ᠦᠨᠳᠦᠰᠦ ᠰᠤᠷᠪᠤᠯᠵᠢ ᠶᠢ ᠠᠷᠢᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠬᠤᠷᠢᠶ᠎ᠠ ᠰᠠᠨᠠᠭᠠᠴᠢᠯᠠᠭ᠎ᠠ ᠠᠴᠠ ᠪᠠᠨ ᠠᠳᠬᠤᠵᠤ᠂ ᠰᠠᠨᠠᠭᠠᠴᠢᠯᠠᠭ᠎ᠠ ᠠᠴᠠ ᠪᠠᠨ ᠬᠠᠮᠢᠶᠠᠷᠴᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠤᠰᠬᠠᠢ ᠬᠠᠷᠢᠭᠤᠴᠠᠯᠭ᠎ᠠ ᠶᠢᠨ ᠬᠢᠨᠠᠯᠲᠠ ᠶᠢ ᠰᠠᠶᠢᠲᠤᠷ ᠭᠦᠢᠴᠡᠳᠬᠡᠵᠦ᠂ ᠭᠤᠣᠯ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠣᠯ ᠠᠵᠢᠯ ᠢᠶᠠᠨ ᠰᠠᠶᠢᠲᠤᠷ ᠬᠢᠵᠦ᠂ ᠡᠯ᠎ᠡ ᠬᠠᠷᠢᠭᠤᠴᠠᠯᠭ᠎ᠠ ᠶᠢᠨ ᠭᠤᠣᠯ ᠴᠣᠭᠴᠠ ᠴᠥᠮ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠯᠭᠠᠨ ᠦᠨᠡᠯᠡᠬᠦ ᠲᠣᠭᠲᠠᠴᠠ ᠶᠢ ᠰᠢᠯᠢᠳᠡᠭᠵᠢᠭᠦᠯᠵᠦ᠂ ᠲᠤᠰᠢᠶᠠᠯ ᠳᠠᠭᠠᠨ ᠤᠰᠤᠯᠳᠤᠵᠤ ᠬᠠᠷᠢᠭᠤᠴᠠᠯᠭ᠎ᠠ ᠪᠠᠨ ᠠᠯᠳᠠᠭᠰᠠᠳ ᠠᠴᠠ ᠣᠨᠣᠴᠠᠲᠠᠢ ᠰᠢᠨᠵᠢᠯᠡᠬᠦ ᠤᠬᠠᠭᠠᠨᠴᠢ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠲᠤ ᠲᠡᠶᠢᠰᠢ ᠦᠷᠭᠦᠯᠵᠢᠯᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠢᠯᠠᠩᠭᠤᠶ᠎ᠠ ᠬᠤᠲᠠ ᠰᠢᠶᠠᠨ ᠤ ᠨᠠᠮ ᠤᠨ ᠬᠤᠷᠢᠶ᠎ᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠴᠢᠬᠤᠯᠠ ᠡᠭᠦᠷᠭᠡ ᠪᠣᠯᠭᠠᠨ ᠪᠠᠶᠢᠩᠭᠤᠵᠢᠭᠤᠯᠤᠨ ᠠᠳᠬᠤᠵᠤ᠂ ᠠᠷᠠᠳ ᠤᠯᠠᠨ ᠳᠤ ᠪᠠᠶᠠᠷᠲᠤ ᠲᠥᠷᠥᠭᠳᠡᠯ ᠥᠭᠬᠦ ᠬᠡᠷᠡᠭᠲᠡᠢ᠃ ᠦᠨᠳᠦᠰᠦᠨ ᠱᠠᠲᠤᠨ ᠤ ᠬᠢᠨᠠᠯᠲᠠ ᠲᠠᠯᠪᠢᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠶᠢ ᠦᠨᠳᠦᠰᠦᠨ ᠱᠠᠲᠤᠨ ᠤ ᠴᠠᠭᠳᠠᠨ ᠪᠠᠶᠢᠴᠠᠭᠠᠬᠤ ᠲᠠᠢ ᠤᠶᠠᠯᠳᠤᠭᠤᠯᠵᠤ᠂ ᠡᠯ᠎ᠡ ᠲᠠᠯ᠎ᠠ ᠶᠢᠨ ᠬᠢᠨᠠᠯᠲᠠ ᠲᠠᠢ ᠨᠢᠭᠡᠳᠦᠯᠲᠡᠢ ᠲᠥᠯᠥᠪᠯᠡᠬᠦ ᠬᠡᠷᠡᠭᠲᠡᠢ᠃ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠨᠠᠶᠢᠳᠠᠪᠤᠷᠢᠵᠢᠭᠤᠯᠬᠤ ᠶᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠤᠯᠭᠠᠵᠤ᠂ ᠥᠷᠭᠡᠨ ᠤᠯᠠᠨ ᠦᠨᠳᠦᠰᠦᠨ ᠱᠠᠲᠤᠨ ᠤ ᠺᠠᠳ᠋ᠷᠴᠤᠳ ᠲᠤ ᠨᠠᠶᠢᠳᠠᠪᠤᠷᠢᠵᠢᠭᠤᠯᠤᠯᠲᠠ ᠶᠢ ᠠᠳᠬᠤᠬᠤ ᠨᠡᠩ ᠤᠯᠠᠨ ᠤᠶᠤᠨ ᠴᠢᠳᠠᠯ ᠲᠠᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠠᠬᠢᠭᠤᠯᠬᠤ ᠴᠢᠬᠤᠯᠠ ᠬᠦᠴᠦᠨ ᠮᠥᠨ᠂ ᠨᠠᠮ ᠪᠣᠯᠣᠨ ᠠᠷᠠᠳ ᠲᠦᠮᠡᠨ ᠡᠨᠡ ᠬᠦ ᠡᠩᠨᠡᠭᠡ ᠳᠤ ᠢᠲᠡᠭᠡᠯ ᠭᠦᠢᠴᠡᠳ᠂ ᠬᠦᠰᠡᠯ ᠡᠷᠡᠮᠡᠯᠵᠡᠯ ᠢᠶᠠᠷ ᠳᠦᠭᠦᠷᠡᠩ ᠪᠠᠶᠢᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠬᠡ ᠣᠯᠭᠤᠬᠤ ᠪᠠ ᠡᠷᠬᠡ ᠡᠵᠡᠮᠳᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠡᠷᠬᠡ ᠶᠢ ᠳᠦᠷᠢᠮ ᠤᠨ ᠰᠢᠩᠭᠡᠯᠢᠭ ᠲᠤ ᠬᠤᠷᠢᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠷᠦᠮᠵᠢᠯᠲᠡ ᠬᠠᠤᠯᠢᠵᠢᠯᠲᠠ ᠵᠢᠩᠬᠢᠨᠢᠴᠢᠯᠡᠯᠲᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠢᠶᠠᠷ ᠴᠡᠭᠴᠡᠯᠡᠬᠦ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ ᠶᠢ ᠪᠠᠷᠢᠮᠲᠠᠯᠠᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ᠂ ᠵᠣᠷᠢᠭᠲᠠᠢ ᠴᠢᠳᠠᠮᠠᠭᠠᠢ ᠲᠡᠮᠡᠴᠡᠳᠡᠭ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠯᠢ ᠰᠢ ᠬᠤᠷᠠᠯ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ᠂ ᠥᠩᠭᠡᠷᠡᠭᠰᠡᠨ ᠨᠢᠭᠡ ᠵᠢᠯ ᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠠᠯᠤᠰ ᠭᠡᠳᠤ ᠶᠢᠨ ᠲᠡᠦᠬᠡ ᠶᠢᠨ ᠬᠠᠷᠠᠴᠠ ᠪᠠᠷ ᠢᠯᠵᠢᠷᠡᠯ ᠢ ᠡᠰᠡᠷᠭᠦᠴᠡᠬᠦ ᠲᠡᠮᠡᠴᠡᠯ ᠤᠨ ᠦᠨᠳᠦᠰᠦᠨ ᠵᠢᠮ᠎ᠡ ᠶᠣᠰᠣ ᠶᠢ ᠭᠦᠨᠵᠡᠭᠡᠢ ᠡᠵᠡᠮᠳᠡᠵᠦ᠂ ᠣᠳᠣᠬᠠᠨ ᠤ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠢ ᠭᠦᠨᠵᠡᠭᠡᠢ ᠵᠠᠳᠠᠯᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ ᠥᠭᠴᠡᠢ᠃ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠦᠵᠡᠯ ᠰᠠᠨᠠᠭ᠎ᠠ ᠭᠦᠨ ᠭᠦᠨᠵᠡᠭᠡᠢ᠂ ᠠᠰᠠᠭᠤᠳᠠᠯ ᠳᠤ ᠰᠢᠭᠤᠳ ᠬᠠᠨᠳᠤᠵᠤ᠂ ᠬᠥᠮᠥᠰ ᠢ ᠰᠡᠩᠬᠡᠷᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠴᠢᠬᠤᠯᠠ ᠵᠢᠷᠤᠮᠯᠠᠯ ᠬᠠᠩᠭᠠᠵᠠᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂《ᠬᠤᠶᠠᠷ ᠢ ᠲᠣᠭᠲᠠᠭᠠᠭᠰᠠᠨ》 ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂《ᠲᠦᠷᠪᠡᠨ ᠤᠬᠠᠮᠰᠠᠷ》 ᠢᠶᠠᠨ ᠴᠢᠩᠭᠠᠳᠬᠠᠵᠤ᠂《ᠲᠦᠷᠪᠡᠨ ᠢᠲᠡᠭᠡᠯ》 ᠢᠶᠠᠨ ᠪᠠᠲᠤᠳᠬᠠᠵᠤ᠂《ᠬᠤᠶᠠᠷ ᠢ ᠬᠠᠮᠠᠭᠠᠯᠠᠬᠤ》 ᠶᠢ ᠪᠡᠶᠡᠯᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠵᠣᠷᠢᠭᠲᠠᠢ ᠪᠠᠷ ᠲᠡᠮᠡᠴᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠢᠯᠵᠢᠷᠠᠬᠤ ᠠᠴᠠ ᠵᠢᠷᠦᠬᠡᠰᠢᠶᠡᠬᠦ᠂ ᠢᠯᠵᠢᠷᠡᠵᠦ ᠪᠤᠯᠬᠤ ᠦᠭᠡᠢ᠂ ᠢᠯᠵᠢᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ᠃
ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠭᠦᠮ ᠤᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ ᠤᠲᠠᠰᠤᠲᠤ ᠬᠤᠷᠠᠯ ᠤᠨ ᠭᠡᠯᠪᠡᠷᠢ ᠪᠠᠷ ᠶᠠᠪᠤᠭᠳᠠᠵᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠢᠴᠢ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃
ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ 1 ᠰᠠᠷ᠎ᠠ ᠶᠢᠨ 6 ᠤ ᠡᠳᠦᠷ ᠪᠡᠭᠡᠵᠢᠩ ᠳᠤ ᠡᠬᠢᠯᠡᠪᠡ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠢ ᠡᠷᠭᠢᠯᠡᠪᠡ᠃ 6 ᠤ ᠡᠳᠦᠷ ᠦᠨ ᠦᠳᠡ ᠶᠢᠨ ᠬᠤᠶᠢᠨ᠎ᠠ ᠯᠢ ᠰᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ《ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ》ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃