ᠵᠤᠬᠢᠶᠠᠭᠴᠢ:
ᠴᠠᠭ:2025-01-10
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠢ ᠶᠢᠨ ᠫᠢᠩ ᠬᠢᠭᠡᠳ ᠲᠡᠭᠦᠨ ᠦ ᠬᠠᠳᠤᠨ ᠫᠧᠩ ᠯᠢ ᠶᠤᠸᠠᠨ ᠲᠠᠢ ᠪᠠᠨ ᠠᠮᠧᠷᠢᠺᠠ ᠶᠢᠨ ᠸᠠᠰᠢᠩᠲ᠋ᠣᠨ ᠵᠧᠦ ᠶᠢᠨ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠬᠴᠢᠳ ᠤᠨ ᠲᠥᠯᠥᠭᠡᠯᠡᠭᠴᠢ ᠳᠤ ᠰᠢᠨ᠎ᠡ ᠣᠨ ᠤ ᠪᠠᠶᠠᠷ ᠤᠨ ᠺᠠᠷᠲ ᠤᠨ ᠬᠠᠷᠢᠭᠤ ᠪᠡᠯᠡᠭ ᠬᠦᠷᠭᠡᠪᠡ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 1 ᠰᠠᠷ᠎ᠠ ᠶᠢᠨ 2 ᠦᠨ ᠤᠨ ᠴᠠᠭᠢᠯᠭᠠᠨ ᠮᠡᠳᠡᠭᠡ 1 ᠳ᠋ᠦ᠋ᠭᠡᠷ ᠰᠠᠷ᠎ᠠ ᠶᠢᠨ 1 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠢᠭᠡᠳ ᠲᠡᠭᠦᠨ ᠦ ᠬᠠᠲᠤᠨ ᠫᠧᠩ ᠯᠢ ᠶᠤᠸᠠᠨ ᠲᠠᠢ ᠪᠠᠨ ᠠᠮᠧᠷᠢᠺᠠ ᠶᠢᠨ ᠸᠠᠰᠢᠩᠲ᠋ᠣᠨ ᠵᠧᠦ ᠶᠢᠨ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠬᠴᠢᠳ ᠤᠨ ᠲᠥᠯᠥᠭᠡᠯᠡᠭᠴᠢ ᠳᠤ ᠰᠢᠨ᠎ᠡ ᠣᠨ ᠤ ᠪᠠᠶᠠᠷ ᠤᠨ ᠺᠠᠷᠲ ᠬᠠᠷᠢᠭᠤ ᠪᠡᠯᠡᠭᠯᠡᠵᠦ᠂ ᠰᠢᠨ᠎ᠡ ᠵᠢᠯ ᠤᠨ ᠮᠡᠨᠳᠦᠴᠢᠯᠡᠯ ᠳᠡᠪᠰᠢᠭᠦᠯᠵᠦ᠂ 2025 ᠣᠨ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠡᠶᠢᠨ ᠤ ᠪᠠ ᠳᠡᠯᠡᠬᠡᠢ ᠶᠢᠨ ᠹᠠᠱᠢᠰ ᠢ ᠡᠰᠡᠷᠭᠦᠴᠡᠬᠦ ᠲᠡᠶᠢᠨ ᠦ ᠢᠯᠠᠯᠲᠠ ᠶᠢ ᠣᠯᠣᠭᠰᠠᠨ 80 ᠵᠢᠯ ᠤᠨ ᠣᠶ ᠪᠣᠯᠣᠨ᠎ᠠ ᠭᠡᠵᠦ ᠢᠯᠡᠷᠬᠡᠶᠢᠯᠡᠪᠡ᠃ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠬᠤᠭᠤᠴᠠᠭᠠᠨ ᠳᠤ᠂ ᠳᠤᠮᠳᠠᠳᠤ ᠠᠮᠧᠷᠢᠺᠠ ᠬᠠᠮᠲᠤ ᠪᠠᠷ ᠡᠩᠬᠡ ᠲᠠᠶᠢᠪᠤᠩ ᠪᠠ ᠰᠢᠳᠤᠷᠭᠤ ᠶᠣᠰᠣᠨ ᠤ ᠲᠥᠯᠥᠭᠡ ᠪᠠᠶᠢᠯᠳᠤᠵᠤ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠨᠢ ᠴᠢᠰᠤᠲᠤ ᠲᠡᠮᠡᠴᠡᠭᠡᠨ ᠪᠣᠯᠣᠨ ᠲᠠᠶᠢᠨ ᠳᠠᠵᠢᠨ ᠤ ᠰᠢᠯᠭᠠᠯᠲᠠ ᠶᠢ ᠳᠠᠭᠠᠭᠠᠵᠤ᠂ ᠣᠨ ᠶᠠᠪᠤᠬᠤ ᠲᠤᠳᠤᠮ ᠢᠶᠠᠨ ᠡᠷᠬᠢᠮ ᠨᠠᠨᠳᠢᠨ ᠪᠣᠯᠵᠤ ᠰᠢᠨᠡᠳᠦᠭᠰᠡᠨ ᠪᠠᠶᠢᠨ᠎ᠠ᠃ ᠳᠤᠮᠳᠠᠳᠤ ᠠᠮᠧᠷᠢᠺᠠ ᠬᠤᠶᠠᠷ ᠤᠯᠤᠰ ᠤᠨ ᠵᠠᠯᠠᠭᠤᠴᠤᠳ ᠪᠠᠭᠠᠴᠤᠳ《ᠢᠷᠡᠭᠡᠳᠦᠢ ᠶᠢᠨ 5 ᠵᠢᠯ ᠳᠤ ᠠᠮᠧᠷᠢᠺᠠ ᠶᠢᠨ 5 ᠲᠦᠮᠡᠨ ᠵᠠᠯᠠᠭᠤᠴᠤᠳ ᠪᠠᠭᠠᠴᠤᠳ ᠢ ᠳᠤᠮᠳᠠᠳᠤ ᠤᠯᠤᠰ ᠲᠤ ᠤᠷᠢᠵᠤ ᠰᠣᠯᠢᠯᠴᠠᠭ᠎ᠠ ᠦᠷᠨᠢᠭᠦᠯᠦᠨ ᠰᠤᠷᠤᠯᠴᠠᠭᠤᠯᠬᠤ》ᠰᠠᠨᠠᠭᠠᠴᠢᠯᠠᠭ᠎ᠠ ᠳᠤ ᠦᠷᠭᠦᠯᠵᠢᠯᠡᠨ ᠢᠳᠡᠪᠬᠢᠲᠡᠢ ᠣᠷᠤᠯᠴᠠᠭᠤᠯᠵᠤ᠂ ᠰᠣᠯᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠨ᠂ ᠣᠶᠢᠯᠠᠭᠠᠯᠴᠠᠭ᠎ᠠ ᠪᠠᠨ ᠨᠡᠩ ᠨᠡᠮᠡᠭᠳᠡᠭᠦᠯᠵᠦ᠂ ᠤᠯᠠᠮᠵᠢᠯᠠᠯᠲᠤ ᠨᠥᠬᠦᠷᠯᠡᠯ ᠢᠶᠠᠨ ᠵᠠᠯᠭᠠᠮᠵᠢᠯᠠᠨ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠶᠢ ᠠᠬᠢᠭᠤᠯᠬᠤ᠂ ᠳᠡᠯᠡᠬᠡᠢ ᠶᠢᠨ ᠡᠩᠬᠡ ᠲᠠᠶᠢᠪᠤᠩ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
ᠡᠮᠦᠨᠡᠬᠡᠨ᠂ ᠠᠮᠧᠷᠢᠺᠠ ᠶᠢᠨ ᠸᠠᠰᠢᠩᠲ᠋ᠣᠨ ᠵᠧᠦ ᠶᠢᠨ ᠠᠮᠧᠷᠢᠺᠠ ᠳᠤᠮᠳᠠᠳᠤ ᠶᠢᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠨᠡᠶᠢᠭᠡᠮᠯᠢᠭ ᠪᠣᠯᠣᠨ ᠯᠢᠨᠺᠧᠨ ᠳᠤᠮᠳᠠᠳᠤ ᠰᠤᠷᠭᠠᠭᠤᠯᠢ ᠂ ᠪᠡᠶ᠎ᠡ ᠶᠢᠨ ᠲᠠᠮᠢᠷ ᠤᠨ ᠲᠠᠯᠠᠪᠠᠢ ᠳᠤᠮᠳᠠᠳᠤ ᠰᠤᠷᠭᠠᠭᠤᠯᠢ ᠶᠢᠨ《ᠢᠷᠡᠭᠡᠳᠦᠢ ᠶᠢᠨ 5 ᠵᠢᠯ ᠳᠤ ᠠᠮᠧᠷᠢᠺᠠ ᠶᠢᠨ 5 ᠲᠦᠮᠡᠨ ᠵᠠᠯᠠᠭᠤᠴᠤᠳ ᠪᠠᠭᠠᠴᠤᠳ ᠢ ᠲᠤᠮᠳᠠᠳᠤ ᠤᠯᠤᠰ ᠲᠤ ᠤᠷᠢᠵᠤ ᠰᠣᠯᠢᠯᠴᠠᠭ᠎ᠠ ᠦᠷᠨᠢᠭᠦᠯᠦᠨ ᠰᠤᠷᠤᠯᠴᠠᠭᠤᠯᠬᠤ》ᠰᠠᠨᠠᠭᠠᠴᠢᠯᠠᠭ᠎ᠠ ᠳᠤ ᠣᠷᠣᠯᠴᠠᠬᠤ ᠪᠠᠷ ᠳᠤᠮᠳᠠᠳᠤ ᠤᠯᠤᠰ ᠲᠤ ᠠᠶᠢᠯᠴᠢᠯᠠᠷ᠎ᠠ ᠢᠷᠡᠭᠰᠡᠨ ᠪᠠᠭᠰᠢ ᠰᠤᠷᠤᠬᠴᠢᠳ ᠤᠨ ᠲᠥᠯᠥᠭᠡᠯᠡᠭᠴᠢ ᠨᠠᠷ ᠲᠡᠷᠢᠭᠦᠯᠡᠭᠴᠢ ᠰᠢ ᠶᠢᠨ ᠫᠢᠩ ᠬᠢᠭᠡᠳ ᠲᠡᠭᠦᠨ ᠦ ᠬᠠᠲᠤᠨ ᠪᠣᠯᠣᠨ ᠳᠤᠮᠳᠠᠳᠤ ᠤᠯᠤᠰ ᠤᠨ ᠪᠦᠭᠦ ᠠᠷᠠᠳ ᠲᠦᠮᠡᠨ ᠳᠤ ᠰᠢᠨ᠎ᠡ ᠣᠨ ᠤ ᠪᠠᠶᠠᠷ ᠤᠨ ᠺᠠᠷᠲ ᠬᠦᠷᠭᠡᠵᠦ᠂ 100 ᠭᠠᠷᠤᠢ ᠪᠠᠭᠰᠢ ᠪᠣᠯᠣᠨ ᠬᠠᠮᠲᠤ ᠰᠤᠷᠤᠯᠭᠠᠲᠠᠨ ᠡᠨᠡ ᠬᠦ ᠪᠠᠶᠠᠷ ᠤᠨ ᠺᠠᠷᠲ ᠳᠡᠭᠡᠷ᠎ᠡ ᠭᠠᠷ ᠤᠨ ᠦᠰᠦᠭ ᠵᠢᠷᠤᠵᠠᠢ᠃ ᠪᠠᠭᠰᠢ ᠰᠤᠷᠤᠬᠴᠢᠳ ᠪᠠᠶᠠᠷ ᠤᠨ ᠺᠠᠷᠲ ᠳᠡᠭᠡᠷ᠎ᠡ ᠪᠠᠨ᠄《ᠶᠠᠫᠤᠨ ᠢ ᠡᠰᠡᠷᠭᠦᠴᠡᠬᠦ ᠲᠠᠶᠢᠨ ᠤ ᠢᠯᠠᠯᠲᠠ ᠶᠢ ᠣᠯᠣᠭᠰᠠᠨ 80 ᠵᠢᠯ ᠤᠨ ᠤᠢ ᠶᠢ ᠳᠤᠷᠠᠰᠬᠠᠶ᠎ᠠ᠂ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠶᠢ ᠣᠯᠣᠭᠰᠠᠨ 80 ᠵᠢᠯ ᠤᠨ ᠤᠢ ᠶᠢ ᠳᠤᠷᠠᠰᠬᠠᠶ᠎ᠠ᠃ ᠰᠢᠨ᠎ᠡ ᠣᠨ ᠢᠶᠠᠨ ᠪᠠᠶᠠᠷᠯᠠᠨ ᠤᠭᠲᠤᠶ᠎ᠠ᠂ ᠡᠩᠬᠡ ᠲᠠᠶᠢᠪᠤᠩ ᠮᠠᠨᠳᠤᠲᠤᠭᠠᠢ᠂ ᠳᠤᠮᠳᠠᠳᠤ ᠠᠮᠧᠷᠢᠺᠠ ᠶᠢᠨ ᠨᠥᠬᠦᠷᠯᠡᠯ ᠥᠨᠢᠳᠡ ᠮᠥᠩᠬᠡᠷᠡᠲᠦᠭᠡᠢ ︕》ᠭᠡᠵᠦ ᠬᠢᠲᠠᠳ ᠭᠡᠯᠡ ᠪᠠᠷ ᠪᠢᠴᠢᠭᠰᠡᠨ ᠪᠠᠶᠢᠨ᠎ᠠ᠃