ᠵᠤᠬᠢᠶᠠᠭᠴᠢ:
ᠴᠠᠭ:2025-01-10
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠢ ᠶᠢᠨ ᠫᠢᠩ ᠪᠣᠯᠣᠨ ᠡᠺᠦ᠋ᠸᠠᠳᠣᠷ ᠤᠨ ᠶᠡᠷᠦᠩᠬᠡᠶᠢᠯᠡᠭᠴᠢ ᠨᠦᠸᠸᠶᠠ ᠳᠤᠮᠳᠠᠳᠤ ᠡᠺᠦ᠋ᠸᠠᠳᠣᠷ ᠤᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 1 ᠰᠠᠷ᠎ᠠ ᠶᠢᠨ 2 ᠤᠨ ᠤᠨ ᠴᠠᠭᠢᠯᠭᠠᠨ ᠮᠡᠳᠡᠭᠡ 1 ᠳ᠋ᠦ᠋ᠭᠡᠷ ᠰᠠᠷ᠎ᠠ ᠶᠢᠨ 2 ᠤᠨ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠡᠺᠦ᠋ᠸᠠᠳᠣᠷ ᠤᠨ ᠶᠡᠷᠦᠩᠬᠡᠶᠢᠯᠡᠭᠴᠢ ᠨᠦᠸᠸᠶᠠ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠶᠢ ᠪᠡᠯᠭᠡᠯᠡᠪᠡ᠃
ᠰᠢ ᠶᠢᠨ ᠫᠢᠩ᠂ ᠳᠤᠮᠳᠠᠳᠤ ᠤᠯᠤᠰ ᠪᠣᠯᠣᠨ ᠡᠺᠦ᠋ᠸᠠᠳᠣᠷ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠃ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠲᠤᠷᠰᠢ᠂ ᠳᠤᠮᠳᠠᠳᠤ ᠡᠺᠦ᠋ᠸᠠᠳᠣᠷ ᠤᠨ ᠬᠠᠷᠢᠯᠴᠠᠭ᠎ᠠ ᠢᠮᠠᠭᠲᠠ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃ ᠣᠶᠢᠷ᠎ᠠ ᠶᠢᠨ ᠵᠢᠯ ᠠᠴᠠ᠂ ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠡᠳᠦᠷ ᠢᠷᠡᠬᠦᠶ᠎ᠡ ᠪᠠᠬᠢᠵᠢᠵᠦ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠳᠤᠮᠳᠠᠳᠤ ᠡᠺᠦ᠋ᠸᠠᠳᠣᠷ ᠤᠨ ᠨᠥᠬᠦᠷᠯᠡᠯ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠪᠠ᠃ ᠢᠯᠠᠩᠭᠤᠶ᠎ᠠ ᠳᠤᠮᠳᠠᠳᠤ ᠡᠺᠦ᠋ᠸᠠᠳᠣᠷ ᠤᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠲᠤ ᠤᠷᠤᠭᠰᠢᠲᠠᠢ ᠭᠠᠷ ᠤᠨ ᠦᠰᠦᠭ ᠵᠢᠷᠤᠭᠰᠠᠨ ᠪᠥᠭᠡᠳ ᠬᠦᠴᠦᠨ ᠲᠠᠢ ᠪᠣᠯᠤᠭᠰᠠᠨ ᠨᠢ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠬᠦᠴᠦᠲᠡᠢ ᠠᠬᠢᠭᠤᠯᠵᠤ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ᠪᠢ ᠳᠤᠮᠳᠠᠳᠤ ᠡᠺᠦ᠋ᠸᠠᠳᠣᠷ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠡᠺᠦ᠋ᠸᠠᠳᠣᠷ ᠤᠨ ᠬᠠᠷᠢᠯᠴᠠᠭ᠎ᠠ ᠶᠢᠨ ᠲᠠᠭᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃
ᠨᠦᠸᠸᠶᠠ᠂ ᠡᠺᠦ᠋ᠸᠠᠳᠣᠷ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 45 ᠵᠢᠯ ᠤᠨ ᠤᠢ ᠪᠣᠯ ᠠᠯᠤᠰ ᠭᠡᠳᠤ ᠶᠢᠨ ᠠᠴᠢ ᠬᠤᠯᠪᠣᠭᠳᠠᠯ ᠲᠠᠢ ᠬᠥᠰᠢᠶ᠎ᠡ ᠲᠡᠮᠳᠡᠭ ᠪᠣᠯᠣᠨ᠎ᠠ᠃ 45 ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠪᠠ ᠢᠲᠡᠭᠡᠯᠴᠡᠬᠦ ᠰᠠᠭᠤᠷᠢᠨ ᠳᠡᠭᠡᠷ᠎ᠡ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠡᠺᠦ᠋ᠸᠠᠳᠣᠷ《ᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭ᠎ᠠ ᠳᠤ ᠣᠷᠣᠯᠴᠠᠬᠰᠠᠨ ᠪᠠ ᠡᠺᠦ᠋ᠸᠠᠳᠣᠷ ᠳᠤᠮᠳᠠᠳᠤ ᠶᠢᠨ ᠴᠢᠯᠦᠭᠡᠲᠦ ᠠᠷᠠᠯᠵᠢᠶᠠᠨ ᠤ ᠬᠡᠯᠡᠯᠴᠡᠭᠡᠷ ᠬᠦᠴᠦᠨ ᠲᠠᠢ ᠪᠣᠯᠵᠤ᠂ ᠬᠤᠶᠠᠷ ᠤᠯᠤᠰ ᠤᠨ ᠠᠷᠠᠳ ᠲᠦᠮᠡᠨ ᠤ ᠠᠵᠠ ᠵᠢᠷᠭᠠᠯ ᠢ ᠬᠦᠴᠦᠲᠡᠢ ᠨᠡᠮᠡᠭᠳᠡᠭᠦᠯᠪᠡ᠃ ᠡᠺᠦ᠋ᠸᠠᠳᠣᠷ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠦᠷᠭᠦᠯᠵᠢᠯᠡᠨ ᠨᠢᠭᠲᠠ ᠬᠠᠮᠵᠢᠯᠴᠠᠵᠤ᠂ ᠨᠥᠬᠦᠷᠯᠡᠯ᠂ ᠶᠠᠷᠢᠯᠴᠠᠭ᠎ᠠ ᠪᠣᠯᠣᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠢᠷᠡᠭᠡᠳᠦᠢ ᠶᠢ ᠪᠠᠶᠢᠭᠤᠯᠤᠨ᠎ᠠ ᠭᠡᠵᠦ ᠢᠯᠡᠳᠬᠡᠪᠡ᠃