ᠵᠤᠬᠢᠶᠠᠭᠴᠢ:
ᠴᠠᠭ:2025-01-24
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠢ ᠲᠣᠬᠤᠨᠢᠭᠤᠯᠬᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠬᠯᠠᠯᠲᠠ ᠡᠷᠭᠢᠯᠡᠪᠡ ᠰᠢ ᠶᠢᠨ ᠫᠢᠩ ᠪᠦᠭᠦ ᠴᠡᠷᠢᠭ ᠤᠨ ᠠᠬᠠᠮᠠᠳ ᠨᠥᠬᠦᠳ ᠲᠤ ᠴᠠᠭᠠᠨ ᠰᠠᠷ᠎ᠠ ᠶᠢᠨ ᠮᠡᠨᠳᠦᠴᠢᠯᠡᠯ ᠬᠦᠷᠭᠡᠵᠡᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 1 ᠰᠠᠷ᠎ᠠ ᠶᠢᠨ 18 ᠤ ᠴᠠᠭᠢᠯᠭᠠᠨ ᠮᠡᠳᠡᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ 17 ᠤ ᠡᠳᠦᠷ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠢ ᠲᠣᠬᠤᠨᠢᠭᠤᠯᠬᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠬᠯᠠᠯᠲᠠ ᠡᠷᠭᠢᠯᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠣᠬᠯᠠᠯᠲᠠ ᠶᠢ ᠰᠣᠨᠢᠷᠬᠠᠵᠤ᠂ ᠠᠳᠡ ᠪᠠᠶᠢᠭ᠎ᠠ ᠴᠡᠷᠢᠭ ᠠᠩᠭᠢ ᠶᠢᠨ ᠠᠬᠠᠮᠠᠳ ᠨᠥᠬᠦᠳ᠂ ᠪᠦᠭᠦ ᠴᠡᠷᠢᠭ ᠤᠨ ᠠᠵᠢᠯ ᠠᠴᠠ ᠪᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃
ᠴᠠᠭᠠᠨ ᠰᠠᠷ᠎ᠠ ᠣᠶᠢᠷᠠᠳᠬᠤᠶ᠎ᠠ᠂ ᠨᠡᠶᠢᠰᠯᠡᠯ ᠪᠡᠭᠡᠵᠢᠩ ᠳᠤ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠪᠢᠯᠬᠠᠵᠤ᠂ ᠳᠤᠮᠳᠠᠳᠤ ᠤᠯᠤᠰ ᠤᠨ ᠲᠢᠶᠠᠲᠷ ᠲᠤ ᠥᠩᠭᠡᠲᠦ ᠳ᠋ᠧᠩ ᠳᠤᠸᠠᠯᠠᠨ᠂ ᠣᠨᠴᠠ ᠶᠢᠨ ᠬᠠᠯᠠᠭᠤᠨ ᠳᠣᠲᠣᠨᠣ ᠪᠠᠶᠢᠵᠤ᠂ ᠰᠢᠨ᠎ᠡ ᠳᠤᠮᠳᠠᠳᠤ ᠤᠯᠤᠰ ᠢ ᠪᠠᠶᠢᠭᠤᠯᠬᠤ᠂ ᠬᠠᠮᠠᠭᠠᠯᠠᠬᠤ᠂ ᠪᠦᠲᠦᠭᠡᠨ ᠪᠠᠶᠢᠭᠤᠯᠬᠤ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠨᠢᠭᠡ ᠲᠠᠩᠬᠢᠮ ᠳᠤ ᠴᠤᠭᠯᠠᠷᠠᠵᠤ᠂ ᠬᠠᠮᠲᠤ ᠪᠠᠷ ᠴᠠᠭᠠᠨ ᠰᠠᠷ᠎ᠠ ᠶᠢ ᠤᠭᠲᠤᠪᠠ᠃
ᠦᠳᠡ ᠶᠢᠨ ᠬᠤᠶᠢᠨᠠᠬᠢ 4 ᠴᠠᠭ ᠤᠨ ᠦᠶ᠎ᠡ ᠪᠠᠷ᠂ ᠰᠢ ᠶᠢᠨ ᠫᠢᠩ ᠠᠬᠠᠮᠠᠳ ᠨᠥᠬᠦᠳ ᠤᠨ ᠳᠤᠮᠳᠠ ᠬᠦᠷᠬᠦ ᠳᠤ ᠳᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠳᠠᠰᠢᠪᠠ᠃ ᠰᠢ ᠶᠢᠨ ᠫᠢᠩ ᠤᠯᠠᠨ ᠲᠠᠢ ᠳᠣᠲᠣᠨᠣ ᠪᠠᠷ ᠭᠠᠷ ᠠᠳᠬᠤᠵᠤ᠂ ᠬᠠᠷᠢᠯᠴᠠᠨ ᠮᠡᠨᠳᠦᠴᠢᠯᠡᠵᠦ᠂ ᠲᠡᠳᠡᠨ ᠤ ᠪᠡᠶ᠎ᠡ ᠮᠠᠬᠠᠪᠤᠳ ᠪᠣᠯᠣᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠥᠩᠭᠡᠷᠡᠭᠰᠡᠨ ᠨᠢᠭᠡ ᠵᠢᠯ ᠤᠨ ᠲᠤᠷᠰᠢᠬᠢ ᠨᠠᠮ᠂ ᠤᠯᠤᠰ ᠪᠣᠯᠣᠨ ᠴᠡᠷᠢᠭ ᠠᠩᠭᠢ ᠶᠢᠨ ᠦᠢᠯᠡᠰ ᠤᠨ ᠶᠠᠪᠤᠵᠤ ᠢᠷᠡᠭᠰᠡᠨ ᠶᠡᠷᠦ ᠪᠤᠰᠤ ᠶᠢᠨ ᠥᠩᠭᠡᠷᠡᠯᠲᠡ᠂ ᠣᠯᠣᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠬᠠᠮᠲᠤ ᠪᠠᠷ ᠡᠷᠭᠢᠴᠡᠭᠦᠯᠪᠡ᠃ ᠠᠬᠠᠮᠠᠳ ᠨᠥᠬᠦᠳ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠂ 《ᠬᠤᠶᠠᠷ ᠢ ᠲᠣᠭᠲᠠᠭᠠᠭᠰᠠᠨ》 ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠵᠦ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠬᠠᠷᠢᠭᠤᠴᠠᠬᠤ ᠳᠦᠷᠢᠮ ᠢ ᠂ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠥᠷᠥ ᠶᠢᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠪᠦᠯᠬᠦᠮᠳᠡᠨ ᠲᠡᠮᠡᠴᠡᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠶᠢᠨ ᠲᠥᠯᠥᠭᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠢᠳᠡᠪᠬᠢᠲᠡᠢ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃
《ᠬᠦᠴᠦᠷᠬᠡᠭ ᠤᠯᠤᠰ ᠤᠨ ᠰᠡᠷᠭᠦᠨ ᠮᠠᠨᠳᠤᠯᠲᠠ ᠶᠢᠨ ᠠᠯᠬᠤᠭ᠎ᠠ ᠭᠠᠵᠠᠷ ᠳᠡᠯᠡᠬᠡᠢ ᠶᠢ ᠳᠣᠩᠰᠣᠯᠭᠠᠵᠤ᠂ ᠡᠷᠡᠮᠡᠬᠡᠶᠢᠯᠡᠨ ᠤᠷᠤᠭᠰᠢᠯᠠᠵᠤ ᠪᠣᠭᠤᠮᠲᠠ ᠰᠢᠪᠲᠤᠯᠬᠤ ᠡᠩᠨᠡᠭᠡᠨ ᠤ ᠲᠤᠭ ᠥᠨᠳᠥᠷ ᠲᠤ ᠨᠠᠮᠢᠷᠠᠨ᠎ᠠ ᠁》 ᠪᠠᠶᠠᠷ ᠪᠠᠶᠠᠰᠤᠯᠳᠤ ᠳᠠᠭᠤᠤ ᠪᠥᠵᠢᠭ《ᠮᠢᠨᠤ ᠪᠠᠶᠢᠯᠳᠤᠭᠠᠨ ᠤ ᠪᠠᠶᠢᠷᠢ ᠮᠢᠨᠤ ᠣᠨ ᠵᠢᠯ》ᠭᠡᠬᠦ ᠪᠠᠷ ᠲᠣᠬᠯᠠᠯᠲᠠ ᠬᠥᠰᠢᠭᠡ ᠶᠢ ᠰᠡᠬᠦᠯ᠎ᠡ᠃ ᠲᠣᠬᠯᠠᠯᠲᠠ ᠨᠢ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠠᠩᠭᠢ ᠶᠢᠨ ᠴᠡᠷᠢᠭ ᠲᠤ ᠦᠢᠯᠡᠴᠢᠯᠡᠬᠦ ᠭᠡᠯᠪᠡᠷᠢ ᠪᠠᠷ ᠴᠡᠷᠢᠭ ᠢ ᠬᠦᠴᠦᠷᠬᠡᠭᠵᠢᠭᠦᠯᠬᠦ ᠭᠠᠯ ᠬᠠᠯᠠᠭᠤᠨ ᠦᠢᠯᠡᠳᠦᠯᠭᠡ ᠶᠢ ᠢᠯᠡᠷᠡᠭᠦᠯᠵᠦ᠂ ᠨᠠᠮ ᠳᠠᠭᠠᠨ ᠦᠨᠡᠨᠴᠢ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠬᠤ ᠤᠳᠬ᠎ᠠ ᠠᠭᠤᠯᠤᠭᠳᠠᠬᠤᠨ ᠢ ᠂ ᠰᠢᠨ᠎ᠡ ᠴᠠᠭ ᠦᠶ᠎ᠡ ᠶᠢᠨ ᠠᠷᠠᠳ ᠤᠨ ᠴᠡᠷᠢᠭ ᠠᠩᠭᠢ ᠶᠢᠨ ᠰᠢᠨ᠎ᠡ ᠰᠤᠷᠲᠠᠯ ᠲᠥᠪ ᠰᠤᠷᠲᠠᠯ ᠢ ᠲᠣᠪᠤᠶᠢᠯᠭᠠᠨ ᠲᠤᠰᠬᠠᠵᠠᠢ᠃ 《ᠨᠢᠭᠡᠳᠦᠨ ᠳᠠᠭᠠᠶ᠎ᠠ》ᠭᠡᠬᠦ ᠨᠠᠶᠢᠷᠠᠯ ᠳᠠᠭᠤᠤ ᠨᠢ ᠥᠷᠭᠡᠨ ᠤᠯᠠᠨ ᠳᠠᠷᠤᠭ᠎ᠠ ᠪᠠᠶᠢᠯᠳᠤᠭᠴᠢᠳ ᠤᠨ ᠰᠢᠨ᠎ᠡ ᠴᠠᠭ ᠦᠶ᠎ᠡ ᠶᠢᠨ ᠤᠯᠤᠰ ᠲᠦᠷᠦ ᠪᠠᠷ ᠴᠡᠷᠢᠭ ᠪᠠᠶᠢᠭᠤᠯᠬᠤ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠲᠤᠤᠱᠯᠠᠭᠤᠯᠬᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠬᠠᠮᠲᠤ ᠶᠢᠨ ᠰᠡᠳᠬᠢᠯ ᠤᠨ ᠳᠠᠭᠤᠨ ᠢ ᠪᠢᠯᠬᠠᠮ᠎ᠠ ᠢᠯᠡᠳᠬᠡᠵᠡᠢ᠃《ᠪᠠᠶᠢᠯᠳᠤᠨ᠎ᠠ ᠭᠡᠪᠡᠯ ᠪᠠᠶᠢᠯᠳᠤᠨ᠎ᠠ》《ᠢᠯᠠᠭᠤᠭᠰᠠᠨ ᠪᠠᠶᠢᠯᠳᠤᠭᠠᠨ ᠤ ᠢᠷᠠᠭᠤ ᠠᠯᠳᠠᠷ》ᠳᠠᠭᠤᠤ ᠪᠥᠵᠢᠭ ᠬᠥᠭᠵᠢᠮ ᠤᠨ ᠲᠤᠬᠯᠠᠯᠲᠠ ᠨᠢ ᠪᠣᠳᠠᠲᠤ ᠪᠠᠶᠢᠯᠳᠤᠭᠠᠨ ᠪᠣᠳᠠᠲᠤ ᠰᠣᠷᠢᠯᠲᠠ ᠶᠢᠨ ᠴᠡᠷᠢᠭ ᠤᠨ ᠠᠬᠤᠢ ᠪᠠᠶᠢᠳᠠᠯ ᠢ ᠠᠮᠢᠳᠤᠯᠢᠭ ᠢᠶᠠᠷ ᠲᠤᠰᠬᠠᠵᠤ᠂ ᠳᠠᠷᠤᠭ᠎ᠠ ᠪᠠᠶᠢᠯᠳᠤᠭᠴᠢᠳ ᠤᠨ ᠡᠷᠡᠯᠬᠡᠭ ᠪᠠᠭᠠᠲᠤᠷᠯᠢᠭ ᠬᠠᠳᠠᠨ ᠵᠣᠷᠢᠭ ᠪᠠ ᠪᠠᠶᠢᠯᠳᠤᠬᠤ ᠪᠠᠷ ᠴᠠᠭ ᠢᠮᠠᠭᠲᠠ ᠪᠡᠯᠡᠬᠡᠨ ᠪᠠᠶᠢᠬᠤ᠂ ᠪᠠᠶᠢᠯᠳᠤᠭᠠᠨ ᠳᠤ ᠢᠯᠠᠯᠲᠠ ᠣᠯᠵᠤ ᠴᠢᠳᠠᠬᠤ ᠳᠠᠶᠢᠴᠢᠨ ᠳᠦᠷᠢ ᠪᠠᠶᠢᠳᠠᠯ ᠢ ᠢᠯᠡᠷᠡᠭᠦᠯᠪᠡ᠃《ᠬᠢᠯᠢ ᠶᠢᠨ ᠪᠠᠶᠢᠯᠳᠤᠭᠠᠨ ᠤ ᠳᠠᠭᠤᠤ》ᠲᠣᠭᠯᠠᠯᠳᠤ ᠳᠠᠭᠤᠯᠠᠯ ᠨᠢ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠤᠨ ᠬᠢᠯᠢ ᠶᠢᠨ ᠬᠠᠮᠠᠭᠠᠯᠠᠯᠲᠠ ᠶᠢᠨ ᠡᠮᠦᠨ᠎ᠡ ᠹᠷᠣᠨᠲ ᠲᠤ ᠦᠨᠳᠦᠰᠦᠯᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠬᠦ ᠬᠠᠶᠢᠷ᠎ᠠ ᠰᠡᠳᠬᠢᠯᠭᠡ ᠶᠢ ᠤᠶᠠᠩᠭᠠᠯᠠᠪᠠ᠃ 《ᠨᠠᠮ ᠤᠨ ᠥᠬᠢᠨ》《ᠢ ᠮᠧᠩ ᠤᠨ ᠮᠠᠭᠲᠠᠭᠠᠯ》 ᠤᠨ ᠰᠣᠩᠭᠤᠮᠠᠯ ᠪᠠᠳᠠᠭ ᠪᠣᠯᠣᠨ《ᠶᠠᠫᠤᠨ ᠢ ᠡᠰᠡᠷᠭᠦᠴᠡᠬᠦ ᠴᠡᠷᠢᠭ ᠤᠨ ᠶᠠᠪᠤᠳᠠᠯ ᠤᠯᠤᠰ ᠲᠦᠷᠦ ᠶᠢᠨ ᠶᠡᠭᠡ ᠰᠤᠷᠭᠠᠭᠤᠯᠢ ᠶᠢᠨ ᠳᠠᠭᠤᠤ》《ᠲᠠᠷᠳᠠᠩ ᠵᠠᠮ ᠢᠶᠠᠷ ᠪᠢᠳᠠ ᠠᠯᠬᠤᠬᠤ ᠳᠤ》ᠵᠡᠷᠭᠡ ᠰᠣᠩᠭᠤᠳᠠᠭ ᠳᠠᠭᠤᠤ ᠶᠢ ᠬᠤᠯᠪᠣᠨ ᠳᠠᠭᠤᠯᠠᠵᠤ᠂ ᠭᠠᠶᠢᠬᠠᠮᠰᠢᠭᠲᠤ ᠣᠨ ᠰᠠᠷ᠎ᠠ ᠶᠢ ᠲᠠᠭᠢᠨ ᠡᠷᠭᠢᠴᠡᠭᠦᠯᠵᠦ᠂ ᠲᠡᠮᠡᠴᠡᠯ ᠤᠨ ᠣᠮᠤᠭ ᠵᠣᠷᠢᠭ ᠢ ᠬᠥᠭᠵᠢᠭᠡᠪᠡ᠃《ᠬᠤᠪᠴᠠᠰᠤ ᠤᠬᠢᠶᠠᠬᠤ ᠳᠠᠭᠤᠤ ᠶᠢ ᠲᠠᠭᠢᠨ ᠳᠠᠭᠤᠯᠠᠶ᠎ᠠ》ᠦᠵᠡᠭᠳᠡᠯᠲᠦ ᠳᠠᠭᠤᠤ ᠪᠥᠵᠢᠭ ᠨᠢ ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ ᠰᠡᠳᠬᠢᠯᠭᠡ᠂ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢᠶᠠᠨ ᠬᠦᠴᠦᠷᠬᠡᠭᠵᠢᠭᠦᠯᠵᠦ ᠰᠡᠷᠭᠡᠶᠢᠯᠡᠯᠲᠡ ᠪᠠᠨ ᠪᠠᠬᠢᠵᠢᠭᠦᠯᠦᠭᠰᠡᠨ ᠰᠡᠳᠬᠢᠯ ᠬᠥᠳᠡᠯᠭᠡᠮ᠎ᠡ ᠦᠵᠡᠭᠳᠡᠯ ᠢ ᠲᠣᠭᠯᠠᠨ ᠬᠠᠷᠠᠭᠤᠯᠵᠠᠢ᠃《ᠣᠣᠷ ᠴᠢᠨᠠᠷ》ᠣᠬᠤᠷ ᠵᠦᠴᠦᠭᠡ᠂《ᠭᠠᠩ ᠫᠤᠤ ᠶᠢ ᠴᠢᠨᠢ ᠳᠤᠰᠤᠭᠰᠠᠨ ᠨᠢ》ᠪᠠᠭ᠎ᠠ ᠨᠠᠶᠢᠷᠠᠯ ᠳᠠᠭᠤᠤ ᠨᠢ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠪᠠᠶᠢᠯᠳᠤᠭᠠᠨ ᠤ ᠦᠯᠢᠭᠡᠷ ᠪᠣᠯᠣᠨ ᠵᠠᠯᠠᠭᠤ ᠳᠠᠷᠤᠭ᠎ᠠ ᠪᠠᠶᠢᠯᠳᠤᠭᠴᠢ ᠶᠢᠨ ᠴᠡᠷᠢᠭ ᠢ ᠬᠦᠴᠦᠷᠬᠡᠭᠵᠢᠭᠦᠯᠦᠭᠰᠡᠨ ᠦᠯᠢᠭᠡᠷ ᠢ ᠶᠠᠷᠢᠵᠤ᠂ ᠠᠷᠠᠳ ᠤᠨ ᠴᠡᠷᠢᠭ ᠠᠩᠭᠢ ᠶᠢᠨ ᠬᠤᠪᠢᠰᠬᠠᠯ ᠤᠨ ᠭᠧᠨ ᠢ ᠤᠯᠠᠮᠵᠢᠯᠠᠬᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠪᠠᠲᠤ ᠴᠢᠩᠭ᠎ᠠ ᠢᠲᠡᠭᠡᠯ ᠵᠣᠷᠢᠭ ᠢ ᠬᠠᠷᠠᠭᠤᠯᠪᠠ᠃《ᠢᠷᠠᠭᠤ ᠠᠯᠳᠠᠷᠲᠠᠢ ᠪᠠᠷ ᠤᠷᠤᠭᠰᠢᠯᠠᠨ᠎ᠠ》ᠬᠤᠯᠢᠮᠠᠭ ᠨᠠᠶᠢᠷᠠᠯ ᠳᠠᠭᠤᠤ ᠨᠢ ᠰᠦᠷ ᠵᠢᠪᠬᠤᠯᠠᠩᠲᠤ ᠭᠦᠭ ᠠᠶᠠᠰ ᠢᠶᠠᠷ ᠲᠣᠬᠯᠠᠯᠲᠠ ᠶᠢᠨ ᠠᠭᠤᠷ ᠠᠮᠢᠰᠬᠤᠯ ᠢ ᠤᠷᠭᠢᠯ ᠬᠦᠷᠭᠡᠵᠦ᠂ ᠪᠦᠭᠦ ᠬᠦᠴᠦᠨ ᠢᠶᠠᠷ ᠢᠶᠠᠨ ᠴᠢᠷᠮᠠᠶᠢᠪᠠᠯ ᠯᠠᠪᠲᠠᠢ ᠠᠮᠵᠢᠯᠲᠠ ᠣᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠥᠯᠥᠭᠡ ᠡᠷᠡᠯᠬᠡᠭᠯᠡᠨ ᠲᠡᠮᠡᠴᠡᠬᠦ᠂ ᠴᠡᠷᠢᠭ ᠢ ᠬᠦᠴᠦᠷᠬᠡᠭᠵᠢᠭᠦᠯᠵᠦ ᠲᠡᠷᠢᠭᠦᠨ ᠳᠤ ᠣᠷᠣᠬᠤ ᠪᠠᠷ ᠡᠷᠡᠮᠡᠬᠡᠶᠢᠯᠡᠨ ᠤᠷᠤᠭᠰᠢᠯᠠᠬᠤ ᠢᠲᠡᠭᠡᠯ ᠵᠣᠷᠢᠭ ᠢ ᠢᠯᠡᠷᠡᠭᠦᠯᠪᠡ᠃ ᠪᠦᠭᠦ᠋ᠢᠯᠡ ᠲᠣᠬᠯᠠᠯᠲᠠ ᠨᠢ ᠳᠥᠭᠦᠮ ᠠᠪᠰᠠᠷᠬᠠᠨ ᠡᠭᠡᠯ ᠪᠣᠷᠣᠭᠵᠢᠭᠤᠨ᠂ ᠴᠡᠷᠢᠭ ᠪᠠᠶᠢᠯᠳᠤᠭᠠᠨ ᠤ ᠦᠨᠦᠷ ᠠᠮᠲᠠ ᠥᠳᠬᠡᠨ ᠪᠠᠶᠢᠵᠤ᠂ ᠴᠡᠷᠢᠭ ᠢ ᠬᠦᠴᠦᠷᠬᠡᠭᠵᠢᠭᠦᠯᠬᠦ ᠰᠣᠶᠣᠯ ᠤᠨ ᠡᠷᠡᠯᠬᠡᠭᠯᠡᠨ ᠪᠠᠶᠢᠯᠳᠤᠵᠤ ᠢᠯᠠᠯᠲᠠ ᠣᠯᠬᠤ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠠᠤᠭ᠎ᠠ ᠶᠡᠭᠡ ᠠᠭᠤᠷ ᠠᠮᠢᠰᠬᠤᠯ ᠢ ᠢᠯᠡᠷᠡᠭᠦᠯᠪᠡ᠃
ᠵᠠᠩ ᠶᠢᠦ ᠰᠢᠶᠠ᠂ ᠾᠧ ᠸᠧᠢ ᠳ᠋ᠦᠩ᠂ ᠯᠢᠦ ᠵᠧᠨ ᠯᠢ᠂ ᠵᠠᠩ ᠱᠧᠩ ᠮᠢᠨ ᠬᠠᠮᠲᠤ ᠪᠠᠷ ᠲᠤᠬᠯᠠᠯᠲᠠ ᠶᠢ ᠰᠣᠨᠢᠷᠬᠠᠵᠠᠢ᠃
ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠴᠡᠷᠢᠭ ᠠᠩᠭᠢ ᠶᠢᠨ ᠪᠡᠭᠡᠵᠢᠩ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠶᠢᠨ ᠤᠳᠤᠷᠢᠳᠤᠯᠭ᠎ᠠ ᠪᠣᠯᠣᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠪᠠᠰᠠ ᠲᠣᠬᠯᠠᠯᠲᠠ ᠶᠢ ᠰᠣᠨᠢᠷᠬᠠᠵᠠᠢ᠃