ᠵᠤᠬᠢᠶᠠᠭᠴᠢ:
ᠴᠠᠭ:2025-01-24
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠥᠲᠥᠯᠪᠦᠷᠢ︵2024 ︱ 2035 ᠣᠨ︶︾ ᠶᠢ ᠳᠠᠷᠤᠮᠠᠯᠯᠠᠨ ᠲᠠᠷᠬᠠᠭᠠᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 1 ᠰᠠᠷ᠎ᠠ ᠶᠢᠨ 19 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠤᠨ᠎ᠠ
ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ《ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠥᠲᠥᠯᠪᠦᠷᠢ︵2024 ︱2035 ᠣᠨ︶》︵ᠳᠣᠷᠣᠭᠰᠢ《ᠬᠥᠲᠥᠯᠪᠦᠷᠢ》ᠭᠡᠵᠦ ᠲᠣᠪᠴᠢᠯᠠᠨ᠎ᠠ ︶ ᠶᠢ ᠳᠠᠷᠤᠮᠠᠯᠯᠠᠨ ᠲᠠᠷᠬᠠᠭᠠᠵᠤ᠂ 2035 ᠣᠨ ᠪᠤᠯᠬᠤ ᠳᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ ᠪᠦᠲᠦᠭᠡᠬᠦ ᠬᠠᠷᠠᠯᠲᠠ ᠳᠤ ᠬᠠᠨᠳᠤᠭᠤᠯᠤᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠬᠤ ᠲᠤᠬᠠᠢ ᠪᠦᠭᠦ ᠲᠠᠯ᠎ᠠ ᠶᠢᠨ ᠰᠢᠰᠲ᠋ᠧᠮ ᠲᠠᠢ ᠪᠠᠶᠢᠷᠢᠯᠠᠭᠤᠯᠤᠯᠲᠠ ᠬᠢᠪᠡ᠃
《ᠬᠥᠲᠥᠯᠪᠦᠷᠢ》 ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠭᠦ ᠲᠠᠯ᠎ᠠ ᠪᠠᠷ ᠂ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠭᠢᠯᠡᠭᠦ ᠴᠢᠭᠯᠡᠯ ᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠤᠯᠤᠰ ᠲᠥᠷᠥ ᠶᠢᠨ ᠰᠢᠨᠵᠢ ᠴᠢᠨᠠᠷ᠂ ᠠᠷᠠᠳᠴᠢ ᠰᠢᠨᠵᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠰᠢᠨᠵᠢ ᠴᠢᠨᠠᠷ ᠢ ᠪᠦᠭᠦ ᠲᠠᠯ᠎ᠠ ᠪᠠᠷ ᠡᠵᠡᠮᠰᠢᠵᠦ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠠᠮ ᠤᠨ ᠲᠥᠯᠥᠭᠡ ᠬᠥᠮᠥᠨ ᠬᠥᠮᠥᠵᠢᠭᠦᠯᠵᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠪᠦᠭᠦ ᠲᠠᠯ᠎ᠠ ᠪᠠᠷ ᠦᠢᠯᠡᠴᠢᠯᠡᠵᠦ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠵᠦ ᠰᠤᠷᠭᠠᠨ ᠬᠥᠮᠦᠵᠢᠯ ᠡᠷᠭᠢᠯᠡᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠲᠣᠭᠲᠠᠯᠴᠠᠭ᠎ᠠ ᠶᠢ ᠲᠦᠷᠭᠡᠨ ᠪᠠᠶᠢᠭᠤᠯᠵᠤ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠵᠦ᠂ ᠬᠦᠴᠦᠷᠬᠡᠭ ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠬᠦᠴᠦᠨ᠂ ᠴᠢᠳᠠᠪᠤᠷᠢᠲᠠᠨ ᠤ ᠥᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠬᠦᠴᠦᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠴᠦᠨ᠂ ᠨᠡᠶᠢᠭᠡᠮ ᠤᠨ ᠬᠠᠮᠵᠢᠯᠴᠠᠬᠤ ᠬᠦᠴᠦᠨ᠂ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠲᠠᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
《ᠬᠥᠲᠥᠯᠪᠦᠷᠢ》 ᠳᠤ᠂ ᠰᠤᠷᠭᠠᠨ ᠬᠥᠮᠦᠵᠢᠯ ᠤᠨ ᠦᠢᠯᠡᠰ ᠲᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠡᠷᠬᠡ ᠲᠡᠭᠰᠢ ᠶᠢ ᠠᠬᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ ᠶᠢ ᠳᠣᠪᠤᠶᠢᠯᠭᠠᠵᠤ᠂ ᠪᠠᠶᠢᠯᠳᠤᠬᠤ ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠬᠥᠭᠵᠢᠯᠲᠡ ᠶᠢ ᠲᠤᠯᠭᠠᠭᠤᠷᠢᠯᠠᠬᠤ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠮᠵᠢᠯᠴᠠᠨ ᠠᠭᠤᠰᠤᠯᠴᠠᠬᠤ ᠶᠢ ᠭᠦᠨᠵᠡᠭᠡᠶᠢᠷᠡᠭᠦᠯᠵᠦ᠂ ᠪᠡᠶ᠎ᠡ ᠪᠠᠨ ᠳᠠᠭᠠᠭᠠᠵᠤ ᠥᠪᠡᠷ ᠢ ᠪᠠᠨ ᠢᠲᠡᠭᠡᠬᠦ᠂ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ ᠶᠢ ᠪᠠᠷᠢᠮᠲᠠᠯᠠᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠯᠭᠠᠭᠤᠷᠢᠯᠠᠬᠤ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ᠂ ᠮᠡᠳᠡᠯᠭᠡ ᠶᠢᠨ ᠰᠤᠷᠤᠯᠴᠠᠯᠭ᠎ᠠ ᠪᠠ ᠪᠦᠭᠦ ᠲᠠᠯ᠎ᠠ ᠶᠢᠨ ᠬᠥᠭᠵᠢᠯᠲᠡ᠂ ᠴᠢᠳᠠᠪᠤᠷᠢᠲᠠᠨ ᠬᠥᠮᠥᠵᠢᠭᠦᠯᠬᠦ ᠪᠠ ᠨᠡᠶᠢᠭᠡᠮ ᠤᠨ ᠬᠡᠷᠡᠭᠴᠡᠭᠡ ᠶᠢ ᠬᠠᠩᠭᠠᠬᠤ᠂ ᠵᠢᠷᠤᠮᠵᠢᠯ ᠲᠠᠢ ᠡᠮᠬᠢ ᠵᠢᠷᠤᠮ ᠲᠠᠢ ᠪᠠ ᠠᠮᠢᠵᠢᠷᠠᠯ ᠤᠨ ᠬᠦᠴᠦᠨ ᠢ ᠬᠥᠭᠵᠢᠭᠡᠬᠦ᠂ ᠳᠤᠮᠳᠠᠳᠤ ᠤᠯᠤᠰ ᠤᠨ ᠡᠬᠡ ᠭᠠᠵᠠᠷ ᠲᠤ ᠦᠨᠳᠦᠰᠦᠯᠡᠬᠦ ᠪᠠ ᠣᠯᠠᠨ ᠤᠯᠤᠰ ᠤᠨ ᠲᠤᠷᠰᠢᠯᠭ᠎ᠠ ᠪᠠᠷ ᠲᠣᠯᠢ ᠪᠤᠯᠭᠠᠬᠤ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠦᠨᠳᠦᠰᠦ ᠶᠢ ᠪᠠᠬᠢᠵᠢᠭᠦᠯᠦᠨ ᠰᠦᠭ ᠰᠦᠨᠡᠰᠦ ᠶᠢ ᠱᠤᠭᠤᠬᠤ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠲᠣᠭᠲᠠᠯᠴᠠᠭ᠎ᠠ ᠶᠢ ᠪᠦᠭᠦ ᠲᠠᠯ᠎ᠠ ᠪᠠᠷ ᠪᠠᠶᠢᠭᠤᠯᠵᠤ᠂ ᠲᠥᠪ ᠭᠤᠣᠯᠴᠢ ᠴᠢᠨᠠᠷ ᠰᠠᠶᠢᠲᠠᠢ ᠰᠠᠭᠤᠷᠢ ᠰᠤᠷᠭᠠᠨ ᠬᠥᠮᠦᠵᠢᠯ ᠤᠨ ᠲᠣᠭᠲᠠᠯᠴᠠᠭ᠎ᠠ᠂ ᠥᠪᠡᠷ ᠢ ᠪᠠᠨ ᠬᠦᠴᠦᠷᠬᠡᠭᠵᠢᠭᠦᠯᠬᠦ ᠭᠠᠷᠮᠠᠭᠠᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠣᠭᠲᠠᠯᠴᠠᠭ᠎ᠠ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠣᠭᠲᠠᠯᠴᠠᠭ᠎ᠠ᠂ ᠲᠦᠭᠡᠮᠡᠯ ᠬᠦᠷᠲᠡᠭᠡᠬᠦ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠲᠣᠭᠲᠠᠯᠴᠠᠭ᠎ᠠ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠲᠣᠭᠲᠠᠯᠴᠠᠭ᠎ᠠ᠂ ᠬᠡᠪ ᠴᠢᠨᠠᠷ ᠰᠢᠯᠢᠳᠡᠭ ᠰᠠᠶᠢᠨ ᠪᠠᠭᠰᠢ ᠶᠢᠨ ᠡᠩᠨᠡᠭᠡᠨ ᠤ ᠲᠣᠭᠲᠠᠯᠴᠠᠭ᠎ᠠ᠂ ᠨᠡᠭᠡᠭᠡᠯᠲᠡ ᠬᠢᠵᠦ ᠬᠠᠷᠢᠯᠴᠠᠨ ᠲᠣᠯᠢ ᠪᠤᠯᠭᠠᠬᠰᠠᠨ ᠣᠯᠠᠨ ᠤᠯᠤᠰ ᠤᠨ ᠬᠠᠮᠲᠤᠷᠠᠯᠴᠠᠭᠠᠨ ᠤ ᠲᠣᠭᠲᠠᠯᠴᠠᠭ᠎ᠠ ᠶᠢ ᠪᠦᠭᠦ ᠲᠠᠯ᠎ᠠ ᠪᠠᠷ ᠪᠠᠶᠢᠭᠤᠯᠵᠤ᠂ ᠶᠡᠭᠡ ᠠᠴᠠ ᠬᠦᠴᠦᠷᠬᠡᠭ ᠪᠤᠯᠬᠤ ᠰᠢᠰᠲ᠋ᠧᠮ ᠲᠠᠢ ᠥᠭᠡᠳᠡᠯᠡᠯᠲᠡ ᠳᠠᠪᠰᠢᠯᠳᠠ ᠶᠢ ᠪᠡᠶᠡᠯᠡᠭᠦᠯᠬᠦ ᠬᠡᠷᠡᠭᠲᠡᠢ ᠭᠡᠵᠦ ᠳᠤᠷᠠᠳᠪᠠ᠃
《ᠬᠥᠲᠥᠯᠪᠦᠷᠢ》 ᠳᠤ 2027 ᠣᠨ ᠪᠠ 2035 ᠣᠨ ᠪᠤᠯᠲᠠᠯᠠᠭᠢ ᠭᠤᠣᠯ ᠬᠠᠷᠠᠯᠲᠠ ᠶᠢ ᠲᠣᠳᠣᠷᠬᠠᠶᠢᠯᠠᠵᠤ᠂ 9 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠄ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠰᠢᠨ᠎ᠡ ᠪᠠᠶᠢᠷᠢᠰᠢᠯ ᠢ ᠪᠤᠢ ᠪᠤᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠥᠨ ᠭᠦᠮᠥᠵᠢᠭᠦᠯᠦᠨᠡ︔ ᠰᠠᠭᠤᠷᠢ ᠰᠤᠷᠭᠠᠨ ᠬᠥᠮᠦᠵᠢᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠠᠷᠠᠳ ᠢᠷᠭᠡᠳ ᠤᠨ ᠬᠡᠪ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠪᠠᠭᠢᠵᠢᠭᠦᠯᠦᠨ᠎ᠡ︔ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠬᠥᠲᠥᠯᠥᠨ ᠳᠠᠭᠠᠭᠤᠯᠬᠤ ᠬᠦᠴᠦᠨ ᠢ ᠪᠠᠶᠢᠭᠤᠯᠤᠨ᠎ᠠ︔ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠪᠣᠶᠢᠵᠢᠭᠤᠯᠤᠨ ᠪᠤᠵᠠᠭᠠᠶᠢᠷᠠᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠬᠦᠴᠦᠲᠡᠢ ᠲᠤᠯᠭᠠᠭᠤᠷᠢᠯᠠᠨ᠎ᠠ︔ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠣᠭᠲᠠᠯᠴᠠᠭ᠎ᠠ ᠶᠢ ᠲᠦᠷᠭᠡᠨ ᠪᠠᠶᠢᠭᠤᠯᠵᠤ᠂ ᠲᠣᠮᠣ ᠤᠯᠤᠰ ᠤᠨ ᠤᠷᠠᠨ ᠲᠠᠷᠬᠠᠨ᠂ ᠤᠷ᠎ᠠ ᠮᠡᠷᠭᠡᠵᠢᠯᠲᠦ ᠳᠠᠷᠬᠠᠨ᠂ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ ᠢ ᠭᠦᠮᠥᠵᠢᠭᠦᠯᠦᠨᠡ︔ ᠰᠤᠷᠤᠯᠴᠠᠬᠤ ᠭᠡᠯᠪᠡᠷᠢ ᠶᠢᠨ ᠨᠡᠶᠢᠭᠡᠮ ᠢ ᠪᠠᠶᠢᠭᠤᠯᠵᠤ᠂ ᠰᠤᠷᠭᠠᠨ ᠬᠥᠮᠦᠵᠢᠯ ᠤᠨ ᠲᠣᠭᠠᠴᠢᠯᠠᠯᠲᠠ ᠪᠠᠷ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠤᠯᠭᠠᠨ᠎ᠠ︔ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠰᠠᠭᠤᠷᠢ ᠶᠢ ᠪᠠᠲᠤᠳᠬᠠᠨ᠎ᠠ︔ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠭᠵᠢᠭᠡᠨ᠎ᠡ︔ ᠰᠤᠷᠭᠠᠨ ᠬᠥᠮᠦᠵᠢᠯ ᠤᠨ ᠭᠠᠳᠠᠭᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠶᠢ ᠲᠡᠭᠦᠯᠳᠡᠷᠵᠢᠭᠦᠯᠵᠦ᠂ ᠪᠦᠭᠦ ᠪᠥᠮᠪᠥᠷᠴᠡᠭ ᠤᠨ ᠨᠥᠯᠥᠭᠡᠯᠡᠬᠦ ᠬᠦᠴᠦᠨ ᠪᠦᠬᠦᠢ ᠴᠢᠬᠤᠯᠠ ᠰᠤᠷᠭᠠᠨ ᠬᠥᠮᠦᠵᠢᠯ ᠤᠨ ᠲᠥᠪ ᠢ ᠪᠠᠶᠢᠭᠤᠯᠤᠨ᠎ᠠ᠃
《ᠬᠥᠲᠥᠯᠪᠦᠷᠢ》 ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠡᠷᠬᠡᠪᠰᠢ ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠬᠤ᠂ ᠨᠠᠮ ᠵᠠᠰᠠᠭ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠰᠤᠷᠭᠠᠨ ᠬᠥᠮᠦᠵᠢᠯ ᠤᠨ ᠤᠳᠤᠷᠢᠳᠬᠤ ᠪᠠᠶᠢᠭᠤᠯᠤᠯ ᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠤᠯᠤᠰ ᠲᠦᠷᠦ ᠶᠢᠨ ᠠᠮᠤᠷ ᠲᠦᠪᠰᠢᠨ ᠬᠢᠭᠡᠳ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠢ᠃ ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠪᠦᠬᠦᠯᠢ ᠴᠣᠭᠴᠠ ᠪᠠᠷ ᠠᠬᠢᠭᠤᠯᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠰᠢᠯᠭᠠᠵᠤ ᠦᠨᠡᠯᠡᠬᠦ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠪᠦᠭᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠤᠯᠭᠠᠵᠤ᠂ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠭᠰᠠᠨ ᠬᠥᠮᠥᠨ ᠬᠥᠮᠥᠵᠢᠭᠦᠯᠬᠦ ᠲᠣᠭᠲᠠᠴᠠ ᠶᠢ ᠪᠦᠷᠢᠨᠰᠢᠭᠦᠯᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠦᠴᠦᠷᠬᠡᠭ ᠶᠡᠭᠡ ᠨᠡᠶᠢᠯᠡᠯ ᠬᠦᠴᠦᠨ ᠢ ᠪᠣᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃