ᠵᠤᠬᠢᠶᠠᠭᠴᠢ:
ᠴᠠᠭ:2025-01-24
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠢ ᠶᠢᠨ ᠫᠢᠩ ᠪᠣᠯᠣᠨ ᠮᠤᠨᠠᠺᠦ ᠶᠢᠨ ᠲᠡᠷᠢᠭᠦᠨ ᠠᠯᠪᠧᠢ ᠬᠤᠶᠠᠳᠤᠭᠠᠷ ᠴᠢᠨ ᠸᠠᠩ ᠳᠤᠮᠳᠠᠳᠤ ᠮᠤᠨᠠᠺᠦ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 1 ᠰᠠᠷ᠎ᠠ ᠶᠢᠨ 16 ᠤ ᠴᠠᠭᠢᠯᠭᠠᠨ ᠮᠡᠳᠡᠭᠡ 1 ᠰᠠᠷ᠎ᠠ ᠶᠢᠨ 16 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠮᠤᠨᠠᠺᠤ ᠶᠢᠨ ᠲᠡᠷᠢᠭᠦᠨ ᠠᠯᠪᠸᠢ ᠬᠤᠶᠠᠳᠤᠭᠠᠷ ᠴᠢᠨ ᠸᠠᠩ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠶᠢ ᠪᠡᠯᠭᠡᠯᠡᠪᠡ᠃
ᠰᠢ ᠶᠢᠨ ᠫᠢᠩ᠂ ᠳᠤᠮᠳᠠᠳᠤ ᠮᠤᠨᠠᠺᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠲᠦᠷᠭᠡᠨ ᠬᠥᠭᠵᠢᠪᠡ᠃ ᠬᠤᠶᠠᠷ ᠲᠠᠯ᠎ᠠ ᠪᠠᠷ ᠢᠶᠠᠨ ᠦᠨᠡᠨᠴᠢ ᠨᠥᠭᠦᠷᠰᠡᠭ᠂ ᠡᠷᠬᠡ ᠲᠡᠭᠰᠢ ᠪᠠᠷ ᠬᠠᠨᠳᠤᠯᠴᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠢᠲᠡᠭᠡᠯᠴᠡᠭᠡ ᠪᠣᠯᠣᠨ ᠤᠯᠠᠮᠵᠢᠯᠠᠯᠲᠤ ᠨᠥᠬᠦᠷᠯᠡᠯ ᠦᠷᠭᠦᠯᠵᠢᠯᠡᠨ ᠭᠦᠨᠵᠡᠭᠡᠶᠢᠷᠡᠵᠦ᠂ ᠴᠢᠮᠡᠭᠡ ᠬᠤᠯᠪᠤᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠪᠡᠶ᠎ᠡ ᠶᠢᠨ ᠲᠠᠮᠢᠷ᠂ ᠤᠷᠠᠯᠢᠭ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠥᠪᠡᠷᠮᠢᠴᠡ ᠣᠨᠴᠠᠯᠢᠭ ᠲᠠᠢ᠂ ᠪᠠᠶᠠᠯᠢᠭ ᠦᠷ᠎ᠡ ᠪᠦᠲᠦᠭᠡᠯ ᠣᠯᠵᠤ᠂ ᠠᠳᠠᠯᠢ ᠪᠤᠰᠤ ᠨᠤᠲᠤᠭ ᠳᠡᠪᠢᠰᠬᠡᠷ ᠲᠠᠢ᠂ ᠠᠳᠠᠯᠢ ᠪᠤᠰᠤ ᠲᠡᠦᠬᠡ ᠰᠣᠶᠣᠯ ᠲᠠᠢ᠂ ᠠᠳᠠᠯᠢ ᠪᠤᠰᠤ ᠨᠡᠶᠢᠭᠡᠮ ᠤᠨ ᠪᠠᠶᠢᠭᠤᠯᠤᠯ ᠲᠠᠢ ᠤᠯᠤᠰ ᠤᠨ ᠨᠥᠭᠦᠷᠰᠡᠭ ᠢᠶᠠᠷ ᠶᠠᠪᠤᠯᠴᠠᠵᠤ᠂ ᠬᠠᠮᠲᠤ ᠪᠠᠷ ᠬᠥᠭᠵᠢᠭᠰᠡᠨ ᠬᠡᠪ ᠳᠠᠭᠤᠷᠢᠶᠠᠯ ᠪᠣᠯᠵᠠᠢ᠃ ᠪᠢ ᠳᠤᠮᠳᠠᠳᠤ ᠮᠤᠨᠠᠺᠤ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠠᠯᠪᠧᠢ ᠬᠤᠶᠠᠳᠤᠭᠠᠷ ᠴᠢᠨ ᠸᠠᠩ ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ᠂ ᠳᠤᠮᠳᠠᠳᠤ ᠮᠤᠨᠠᠺᠤ ᠶᠢᠨ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠠᠬᠢᠴᠠ ᠲᠠᠢ ᠪᠤᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃
ᠠᠯᠪᠧᠢ ᠬᠤᠶᠠᠳᠤᠭᠠᠷ᠂ ᠮᠤᠨᠠᠺᠤ ᠳᠤᠮᠳᠠᠳᠤ ᠬᠤᠶᠠᠷ ᠤᠯᠤᠰ ᠤᠨ ᠨᠤᠲᠤᠭ ᠳᠡᠪᠢᠰᠬᠡᠷ ᠤᠨ ᠶᠡᠭᠡ ᠪᠠᠭ᠎ᠠ᠂ ᠰᠣᠶᠣᠯ᠂ ᠤᠯᠤᠰ ᠤᠨ ᠪᠠᠶᠢᠳᠠᠯ ᠠᠳᠠᠯᠢ ᠦᠭᠡᠢ᠂ ᠭᠡᠪᠡᠴᠦ ᠢᠮᠠᠭᠲᠠ ᠬᠠᠷᠢᠯᠴᠠᠨ ᠬᠦᠨᠳᠦᠳᠬᠡᠬᠦ᠂ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ᠂ ᠳᠠᠯᠠᠢ ᠲᠠᠩᠭᠢᠰ᠂ ᠠᠵᠤ ᠠᠬᠤᠢ ᠠᠷᠠᠯᠵᠢᠶ᠎ᠠ᠂ ᠰᠣᠶᠣᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠮᠵᠢ ᠣᠯᠵᠠᠢ᠃ ᠲᠡᠷᠢᠭᠦᠯᠡᠭᠴᠢ ᠰᠢ ᠶᠢᠨ ᠫᠢᠩ ᠤᠨ 2019 ᠣᠨ ᠤ ᠮᠤᠨᠠᠺᠦ ᠳᠠᠬᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠪᠣᠯ ᠮᠤᠨᠠᠺᠤ ᠶᠢᠨ ᠪᠦᠭᠦ ᠠᠷᠠᠳ ᠲᠦᠮᠡᠨ ᠤ ᠮᠠᠷᠲᠠᠭᠳᠠᠰᠢ ᠦᠭᠡᠢ ᠤᠯᠤᠰ ᠳᠠᠶᠠᠭᠠᠷ ᠤᠨ ᠦᠪᠡᠳᠡᠭᠰᠢ ᠶᠠᠪᠤᠳᠠᠯ ᠪᠣᠯᠣᠨ᠎ᠠ᠃ ᠮᠤᠨᠠᠺᠤ ᠶᠢᠨ ᠬᠢᠨ ᠮᠤᠨᠠᠺᠤ ᠳᠤᠮᠳᠠᠳᠤ ᠶᠢᠨ ᠬᠠᠷᠢᠯᠴᠠᠭ᠎ᠠ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠪᠢ ᠳᠤᠷᠠᠲᠠᠶ᠎ᠠ ᠲᠡᠷᠢᠭᠦᠯᠡᠭᠴᠢ ᠠᠪᠤᠭᠠᠢ ᠲᠠᠢ ᠬᠠᠮᠲᠤ ᠪᠠᠷ᠂ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠬᠠᠮᠲᠤᠷᠠᠯᠴᠠᠭ᠎ᠠ ᠪᠠᠨ ᠥᠷᠭᠡᠳᠬᠡᠵᠦ᠂ ᠮᠤᠨᠠᠺᠤ ᠳᠤᠮᠳᠠᠳᠤ ᠶᠢᠨ ᠬᠠᠷᠢᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠢᠯᠡᠳᠬᠡᠪᠡ᠃