ᠵᠤᠬᠢᠶᠠᠭᠴᠢ:
ᠴᠠᠭ:2025-01-24
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠢ ᠶᠢᠨ ᠫᠢᠩ ᠰᠷᠢ ᠯᠠᠨᠺᠠ ᠶᠢᠨ ᠶᠡᠷᠦᠩᠬᠡᠶᠢᠯᠡᠭᠴᠢ ᠳ᠋ᠢᠰᠠᠨᠠᠶᠠᠺ ᠲᠠᠢ ᠬᠡᠯᠡᠯᠴᠡᠭᠡ ᠬᠢᠪᠡ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 1 ᠰᠠᠷ᠎ᠠ ᠶᠢᠨ 15 ᠤ ᠴᠠᠭᠢᠯᠭᠠᠨ ᠮᠡᠳᠡᠭᠡ 1 ᠰᠠᠷ᠎ᠠ ᠶᠢᠨ 15 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠰᠷᠢ ᠯᠠᠨᠺᠠ ᠶᠢᠨ ᠶᠡᠷᠦᠩᠬᠡᠶᠢᠯᠡᠭᠴᠢ ᠳ᠋ᠢᠰᠠᠨᠠᠶᠠᠺ ᠲᠠᠢ ᠬᠡᠯᠡᠯᠴᠡᠭᠡ ᠬᠢᠪᠡ᠃
ᠰᠢ ᠶᠢᠨ ᠫᠢᠩ᠂ ᠳᠤᠮᠳᠠᠳᠤ ᠤᠯᠤᠰ ᠪᠣᠯᠣᠨ ᠰᠷᠢ ᠯᠠᠨᠺᠠ ᠤᠯᠠᠮᠵᠢᠯᠠᠯᠲᠤ ᠨᠥᠬᠦᠷᠯᠡᠯ ᠢ ᠪᠠᠶᠢᠭᠤᠯᠤᠭᠰᠠᠨ ᠶᠤᠮ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 68 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠢᠮᠠᠭᠲᠠ ᠡᠷᠡᠭᠦᠯ ᠲᠣᠭᠲᠠᠪᠤᠷᠢᠲᠠᠢ ᠬᠥᠭᠵᠢᠵᠦ᠂ ᠠᠳᠠᠯᠢ ᠪᠤᠰᠤ ᠤᠯᠤᠰ ᠤᠨ ᠨᠥᠭᠦᠷᠰᠡᠭ ᠢᠶᠠᠷ ᠶᠠᠪᠤᠯᠴᠠᠬᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠬᠦ ᠬᠡᠪ ᠳᠠᠭᠤᠷᠢᠶᠠᠯ ᠢ ᠪᠤᠢ ᠪᠣᠯᠭᠠᠪᠠ᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ ᠰᠷᠢ ᠯᠠᠨᠺᠠ ᠴᠢᠩ ᠦᠨᠡᠨᠴᠢ ᠪᠠᠷ ᠬᠠᠷᠢᠯᠴᠠᠨ ᠬᠠᠪᠰᠤᠷᠤᠯᠴᠠᠵᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠨ ᠬᠥᠭᠵᠢᠵᠦ᠂ 《ᠨᠢᠭᠡ ᠪᠦᠰᠡ ᠨᠢᠭᠡ ᠵᠠᠮ》 ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠠ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠵᠠ ᠵᠢᠷᠭᠠᠯ ᠣᠯᠭᠤᠪᠠ᠃ ᠣᠳᠣᠬᠠᠨ ᠳᠤ ᠳᠤᠮᠳᠠᠳᠤ ᠰᠷᠢ ᠯᠠᠨᠺᠠ ᠶᠢᠨ ᠬᠠᠷᠢᠯᠴᠠᠭ᠎ᠠ ᠳᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ᠂ ᠥᠩᠭᠡᠷᠡᠭᠰᠡᠨ ᠢ ᠵᠠᠯᠭᠠᠮᠵᠢᠯᠠᠨ ᠢᠷᠡᠭᠡᠳᠦᠢ ᠶᠢ ᠨᠡᠭᠡᠭᠡᠬᠦ ᠲᠡᠦᠬᠡ ᠶᠢᠨ ᠠᠵᠠ ᠲᠣᠭᠢᠶᠠᠯ ᠲᠤᠯᠭᠠᠷᠠᠵᠤ ᠪᠠᠶᠢᠨ᠎ᠠ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠳᠤᠮᠳᠠᠳᠤ ᠰᠷᠢ ᠯᠠᠨᠺᠠ ᠶᠢᠨ ᠬᠠᠷᠢᠯᠴᠠᠭ᠎ᠠ ᠶᠢ ᠡᠵᠡᠮᠳᠡᠵᠦ᠂ ᠳᠤᠮᠳᠠᠳᠤ ᠰᠷᠢ ᠯᠠᠨᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠶ᠎ᠠ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠳᠤᠮᠳᠠᠳᠤ ᠤᠯᠤᠰ ᠢᠮᠠᠭᠲᠠ ᠰᠷᠢ ᠯᠠᠨᠺᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠴᠢᠬᠤᠯᠠ ᠴᠢᠭᠯᠡᠯ ᠪᠤᠯᠭᠠᠵᠤ᠂ ᠰᠷᠢ ᠯᠠᠨᠺᠠ ᠶᠢᠨ ᠤᠯᠤᠰ ᠤᠨ ᠲᠤᠰᠠᠭᠠᠷ ᠲᠣᠭᠲᠠᠨᠢᠯ᠂ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠥᠩᠭᠡᠷᠡᠭᠰᠡᠨ ᠲᠠᠢ ᠪᠠᠨ ᠠᠳᠠᠯᠢ ᠪᠠᠷ ᠲᠡᠮᠵᠢᠵᠥ᠂ ᠰᠷᠢ ᠯᠠᠨᠺᠠ ᠶᠢᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠪᠡᠶ᠎ᠡ ᠪᠠᠨ ᠳᠠᠭᠠᠭᠠᠵᠤ ᠰᠦᠪᠡᠭᠴᠢᠯᠡᠬᠦ ᠶᠢ ᠲᠡᠮᠵᠢᠵᠥ᠂ ᠳᠤᠷᠠᠲᠠᠶ᠎ᠠ ᠰᠷᠢ ᠯᠠᠨᠺᠠ ᠶᠢᠨ ᠬᠢᠨ ᠲᠠᠢ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠪᠠᠨ ᠰᠣᠯᠢᠯᠴᠠᠵᠤ᠂ ᠬᠤᠶᠠᠷ ᠤᠯᠤᠰ ᠤᠨ ᠡᠯ᠎ᠡ ᠰᠠᠯᠠᠭ᠎ᠠ ᠮᠥᠴᠢᠷ ᠤᠨ ᠶᠠᠷᠢᠯᠴᠠᠭ᠎ᠠ ᠣᠯᠣᠯᠴᠠᠭ᠎ᠠ ᠪᠠᠨ ᠴᠢᠩᠭᠠᠳᠬᠠᠨ᠎ᠠ᠃ ᠳᠤᠮᠳᠠᠳᠤ ᠤᠯᠤᠰ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠨᠢ ᠰᠷᠢ ᠯᠠᠨᠺᠠ ᠶᠢᠨ ᠬᠥᠭᠵᠢᠯᠲᠡ ᠳᠤ ᠰᠢᠨ᠎ᠡ ᠠᠵᠠ ᠲᠣᠭᠢᠶᠠᠯ ᠠᠪᠴᠢᠷᠠᠬᠤ ᠪᠣᠯᠣᠨ᠎ᠠ᠃ ᠳᠤᠮᠳᠠᠳᠤ ᠤᠯᠤᠰ ᠰᠷᠢ ᠯᠠᠨᠺᠠ ᠶᠢᠨ ᠬᠢᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠬᠦ ᠶᠢ ᠢᠳᠡᠪᠬᠢᠲᠡᠢ ᠳᠡᠮᠵᠢᠵᠦ᠂ 《ᠨᠢᠭᠡ ᠪᠦᠰᠡ ᠨᠢᠭᠡ ᠵᠠᠮ》 ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ᠂ ᠣᠲᠣ ᠦᠶ᠎ᠡ ᠶᠢᠨ ᠬᠥᠳᠡᠭᠡ ᠠᠵᠤ ᠠᠬᠤᠢ᠂ ᠲᠣᠭᠠᠴᠢᠯᠠᠭᠰᠠᠨ ᠠᠵᠤ ᠠᠬᠤᠢ᠂ ᠲᠡᠯᠡᠶ ᠲᠠᠩᠭᠢᠰ ᠤᠨ ᠠᠵᠤ ᠠᠬᠤᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠠᠬᠢᠭᠤᠯᠵᠤ᠂ ᠰᠢᠨ᠎ᠡ ᠭᠢᠯᠠᠰ ᠴᠡᠭ ᠢ ᠡᠭᠦᠳᠦᠨ᠎ᠡ᠃ ᠬᠤᠶᠠᠷ ᠲᠠᠯ᠎ᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠴᠢᠩᠭᠠᠳᠬᠠᠵᠤ᠂ ᠬᠤᠶᠠᠷ ᠤᠯᠤᠰ ᠤᠨ ᠠᠷᠠᠳ ᠲᠦᠮᠡᠨ ᠤ 《ᠰᠡᠳᠬᠢᠯ ᠢᠶᠠᠷ ᠢᠶᠠᠨ ᠬᠤᠯᠪᠣᠯᠳᠤᠨ ᠨᠡᠪᠲᠡᠷᠡᠯᠴᠡᠬᠦ》 ᠶᠢ ᠴᠢᠩᠭᠠᠳᠬᠠᠶ᠎ᠠ᠃ ᠳᠤᠮᠳᠠᠳᠤ ᠤᠯᠤᠰ ᠳᠤᠷᠠᠲᠠᠶ᠎ᠠ ᠰᠷᠢ ᠯᠠᠨᠺᠠ ᠶᠢᠨ ᠬᠢᠨ ᠲᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯ᠎ᠠ ᠶᠢᠨ ᠪᠠᠶᠢᠭᠤᠯᠤᠮᠵᠢ ᠶᠢᠨ ᠳᠣᠲᠣᠷᠠᠬᠢ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠬᠥᠮᠥᠨ ᠲᠥᠷᠥᠯᠬᠢᠲᠡᠨ ᠤ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠬᠠᠮᠲᠤ ᠪᠠᠷ ᠠᠷᠭᠠᠴᠠᠭᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠴᠢᠬᠤᠯᠠᠴᠢᠯᠠᠪᠠ᠃
ᠳ᠋ᠢᠰᠠᠨᠠᠶᠠᠺ᠂ ᠰᠢᠨ᠎ᠡ ᠵᠢᠯ ᠤᠨ ᠡᠬᠢ ᠪᠠᠷ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠰᠷᠢ ᠯᠠᠨᠺᠠ ᠶᠢᠨ ᠬᠢᠨ ᠳᠤᠮᠳᠠᠳᠤ ᠤᠯᠤᠰ ᠤᠨ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠤ ᠣᠯᠣᠭᠰᠠᠨ ᠴᠢᠬᠤᠯᠠ ᠶᠡᠭᠡ ᠬᠥᠭᠵᠢᠯᠲᠡ ᠶᠢᠨ ᠠᠮᠵᠢᠯᠲᠠ ᠶᠢ ᠪᠢᠰᠢᠷᠡᠵᠦ ᠪᠠᠶᠢᠨ᠎ᠠ᠃ ᠳᠤᠮᠳᠠᠳᠤ ᠤᠯᠤᠰ ᠪᠣᠯ ᠶᠡᠷᠦ ᠠᠴᠠ ᠰᠷᠢ ᠯᠠᠨᠺᠠ ᠶᠢᠨ ᠨᠠᠶᠢᠳᠠᠪᠤᠷᠢᠲᠠᠢ ᠨᠠᠶᠢᠵᠠ ᠪᠥᠭᠡᠳ ᠬᠠᠨᠢᠲᠠᠨ ᠶᠤᠮ᠃ ᠰᠷᠢ ᠯᠠᠨᠺᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠳᠤᠮᠳᠠᠳᠤ ᠤᠯᠤᠰ ᠠᠴᠠ ᠰᠷᠢ ᠯᠠᠨᠺᠠ ᠶᠢᠨ ᠲᠤᠰᠠᠭᠠᠷ ᠲᠣᠭᠲᠠᠨᠢᠯ᠂ ᠡᠷᠬᠡ ᠮᠡᠳᠡᠯ ᠪᠣᠯᠣᠨ ᠵᠦᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠲᠠᠯ᠎ᠠ ᠳᠤ ᠦᠵᠡᠭᠦᠯᠦᠭᠰᠡᠨ ᠡᠷᠬᠢᠮ ᠨᠠᠨᠳᠢᠨ ᠳᠡᠮᠵᠢᠯᠭᠡ ᠳᠤ ᠲᠠᠯᠠᠷᠬᠠᠵᠤ ᠪᠠᠶᠢᠨ᠎ᠠ᠃ ᠰᠷᠢ ᠯᠠᠨᠺᠠ ᠶᠢᠨ ᠬᠢᠨ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠬᠦᠴᠦᠯᠡᠨ ᠴᠢᠷᠮᠠᠶᠢᠵᠤ᠂ ᠭᠠᠵᠠᠷ ᠣᠷᠣᠨ ᠤ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠭᠦ ᠳᠤ ᠬᠦᠴᠦᠨ ᠨᠡᠮᠡᠷᠢᠯᠡᠵᠦ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠰᠷᠢ ᠯᠠᠨᠺᠠ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠯᠤᠭ᠎ᠠ ᠰᠠᠭᠤᠷᠢ ᠲᠥᠬᠦᠭᠡᠷᠦᠮᠵᠢ᠂ ᠡᠨᠧᠷᠭᠢ᠂ ᠬᠥᠳᠡᠭᠡ ᠠᠵᠤ ᠠᠬᠤᠢ᠂ ᠮᠥᠩᠭᠦᠨ ᠭᠦᠢᠯᠭᠡᠭᠡᠨ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠵᠢᠭᠤᠯᠴᠢᠯᠠᠯ᠂ ᠳᠠᠯᠠᠢ ᠲᠠᠩᠭᠢᠰ᠂ ᠠᠵᠢᠯᠲᠠᠨ ᠤ ᠪᠣᠯᠪᠠᠰᠤᠷᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠳᠤᠮᠳᠠᠳᠤ ᠤᠯᠤᠰ ᠪᠣᠯ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠴᠢᠬᠤᠯᠠ ᠬᠥᠲᠥᠯᠥᠨ ᠳᠠᠭᠠᠭᠤᠯᠬᠤ ᠤᠯᠤᠰ ᠮᠥᠨ᠂ ᠳᠡᠯᠡᠬᠡᠢ ᠶᠢᠨ ᠬᠡᠷᠡᠭ ᠶᠠᠪᠤᠳᠠᠯ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠵᠦ ᠪᠠᠶᠢᠨ᠎ᠠ᠃
ᠰᠷᠢ ᠯᠠᠨᠺᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠦᠷᠭᠦᠯᠵᠢᠯᠡᠨ ᠤᠯᠠᠨ ᠲᠠᠯ᠎ᠠ ᠶᠢᠨ ᠲᠠᠯᠠᠪᠤᠷ ᠲᠤ ᠵᠣᠬᠢᠴᠠᠭᠤᠯᠭ᠎ᠠ ᠪᠠᠨ ᠴᠢᠩᠭᠠᠳᠬᠠᠵᠤ᠂ ᠬᠠᠷᠢᠯᠴᠠᠨ ᠳᠡᠮᠵᠢᠯᠴᠡᠵᠦ᠂ ᠬᠠᠮᠲᠤ ᠶᠢᠨ ᠠᠰᠢᠭ ᠲᠤᠰᠠ ᠪᠠᠨ ᠰᠠᠶᠢᠲᠤᠷ ᠬᠠᠮᠠᠭᠠᠯᠠᠨ᠎ᠠ ᠭᠡᠵᠦ ᠢᠯᠡᠳᠬᠡᠪᠡ᠃
ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ ᠪᠣᠯᠣᠨ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ ᠤᠯᠤᠰ ᠲᠤ ᠭᠠᠷᠭᠠᠬᠤ᠂ ᠨᠡᠶᠢᠭᠡᠮ ᠠᠷᠠᠳ ᠤᠨ ᠠᠮᠢᠳᠤᠷᠠᠯ᠂ ᠰᠣᠨᠢᠨ ᠮᠡᠳᠡᠭᠡ ᠷᠠᠳᠢᠣ᠋ ᠲᠧᠯᠸᠢᠰ ᠵᠡᠷᠭᠡ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃
ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠳ᠋ᠢᠰᠠᠨᠠᠶᠡᠺ ᠢ ᠤᠭᠲᠤᠬᠤ ᠶᠣᠰᠣᠯᠠᠯ ᠶᠠᠪᠤᠭᠤᠯᠪᠠ᠃
ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠰᠷᠢ ᠯᠠᠨᠺᠠ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠳ᠋ᠢᠰᠠᠨᠠᠶᠠᠺ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃
ᠲᠤᠰ ᠣᠷᠣᠢ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠳ᠋ᠢᠰᠠᠨᠠᠶᠠᠺ ᠢ ᠤᠭᠲᠤᠬᠤ ᠳᠠᠶᠢᠯᠠᠯᠭ᠎ᠠ ᠬᠢᠪᠡ᠃
ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃