ᠵᠤᠬᠢᠶᠠᠭᠴᠢ:
ᠴᠠᠭ:2025-01-24
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠢ ᠶᠢᠨ ᠫᠢᠩ ᠭᠷᠧᠨᠡᠳᠡ ᠶᠢᠨ ᠶᠡᠷᠦᠩᠬᠡᠢ ᠰᠠᠶᠢᠳ ᠮᠢᠴᠧᠯ ᠲᠠᠢ ᠠᠭᠤᠯᠵᠠᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 1 ᠰᠠᠷ᠎ᠠ ᠶᠢᠨ 13 ᠤ ᠴᠠᠭᠢᠯᠭᠠᠨ ᠮᠡᠳᠡᠭᠡ 1 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠭᠷᠧᠨᠡᠳᠡ ᠶᠢᠨ ᠶᠡᠷᠦᠩᠬᠡᠢ ᠰᠠᠶᠢᠳ ᠮᠢᠴᠧᠯ ᠲᠠᠢ ᠠᠭᠤᠯᠵᠠᠪᠠ᠃
ᠮᠢᠴᠧᠯ ᠲᠥᠪᠡᠳ ᠤᠨ ᠲᠢᠩᠷᠢ ᠳᠤ ᠭᠠᠵᠠᠷ ᠬᠥᠳᠡᠯᠦᠭᠰᠡᠨ ᠳᠤ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠠᠷᠠᠳ ᠲᠦᠮᠡᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ ᠡᠭᠦᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠡᠨᠡ ᠤᠳᠠᠭ᠎ᠠ ᠶᠢᠨ ᠭᠠᠵᠠᠷ ᠬᠥᠳᠡᠯᠦᠯᠲᠡ ᠨᠢ ᠳᠤᠮᠳᠠᠳᠤ ᠤᠯᠤᠰ ᠤᠨ ᠪᠠᠷᠠᠭᠤᠨ ᠡᠮᠦᠨᠡᠲᠦ ᠶᠢᠨ ᠡᠷᠭᠦᠭᠳᠡᠴᠡ ᠪᠠᠷ ᠥᠨᠳᠥᠷ ᠭᠠᠵᠠᠷ ᠣᠷᠣᠨ ᠳᠤ ᠡᠭᠦᠰᠴᠦ᠂ ᠳᠤᠮᠳᠠᠳᠤ ᠤᠯᠤᠰ ᠬᠠᠮᠤᠭ ᠤᠨ ᠣᠬᠤᠷ ᠬᠤᠭᠤᠴᠠᠭᠠᠨ ᠳᠤ ᠠᠪᠤᠷᠠᠨ ᠲᠤᠰᠠᠯᠠᠬᠤ ᠪᠠ ᠲᠦᠷ ᠴᠠᠭ ᠲᠥᠪᠬᠢᠨᠡᠭᠦᠯᠬᠦ ᠠᠵᠢᠯ ᠢ ᠪᠡᠶᠡᠯᠡᠭᠦᠯᠦᠭᠰᠡᠨ ᠪᠥᠭᠡᠳ ᠪᠠᠰᠠ ᠬᠠᠮᠤᠭ ᠤᠨ ᠣᠬᠤᠷ ᠬᠤᠭᠤᠴᠠᠭᠠᠨ ᠳᠤ ᠳᠠᠭᠢᠨ ᠪᠦᠲᠦᠭᠡᠨ ᠪᠠᠶᠢᠭᠤᠯᠤᠯᠲᠠ ᠬᠢᠬᠦ ᠪᠣᠯᠣᠨ᠎ᠠ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠢᠯᠠᠯᠲᠠ ᠶᠢ ᠣᠯᠬᠤ ᠳᠤ ᠳᠤᠮᠳᠠᠳᠤ ᠤᠯᠤᠰ ᠤᠨ ᠵᠠᠰᠠᠭ ᠤᠨ ᠣᠷᠳᠣᠨ ᠢᠲᠡᠭᠡᠯ ᠲᠠᠢ ᠪᠥᠭᠡᠳ ᠴᠢᠳᠠᠪᠤᠷᠢ ᠲᠠᠢ ᠶᠤᠮ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠣᠶᠢᠷ᠎ᠠ ᠶᠢᠨ ᠵᠢᠯ ᠠᠴᠠ ᠨᠠᠭᠠᠰᠢ᠂ ᠳᠤᠮᠳᠠᠳᠤ ᠭᠷᠧᠨᠡᠳᠡ ᠶᠢᠨ ᠬᠠᠷᠢᠯᠴᠠᠭ᠎ᠠ ᠲᠣᠭᠲᠠᠭᠤᠨ ᠢᠶᠠᠷ ᠬᠥᠭᠵᠢᠵᠦ᠂ ᠬᠤᠶᠠᠷ ᠲᠠᠯ᠎ᠠ ᠪᠠᠷ ᠢᠶᠠᠨ ᠬᠠᠷᠢᠯᠴᠠᠨ ᠭᠦᠨᠳᠦᠳᠭᠡᠵᠦ᠂ ᠡᠷᠬᠡ ᠲᠡᠭᠰᠢ ᠪᠠᠷ ᠬᠠᠨᠳᠤᠯᠴᠠᠵᠤ᠂ ᠤᠯᠤᠰ ᠲᠦᠷᠦ ᠶᠢᠨ ᠢᠲᠡᠭᠡᠯᠴᠡᠭᠡ ᠲᠠᠰᠤᠷᠠᠯᠲᠠ ᠦᠭᠡᠢ ᠪᠠᠬᠢᠵᠢᠵᠦ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠠᠷᠠᠳ ᠲᠦᠮᠡᠨ ᠤ ᠬᠤᠭᠤᠷᠤᠨᠳᠤᠭᠢ ᠨᠥᠬᠦᠷᠯᠡᠯ ᠡᠳᠦᠷ ᠢᠷᠡᠬᠦᠶ᠎ᠡ ᠭᠦᠨᠵᠡᠭᠡᠶᠢᠷᠡᠭᠰᠡᠨ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠭᠷᠧᠨᠡᠳᠡ ᠶᠢᠨ ᠬᠢᠨ ᠲᠠᠢ ᠬᠠᠮᠲᠤ ᠪᠠᠷ᠂ ᠬᠤᠶᠠᠷ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠳᠤᠮᠳᠠᠳᠤ ᠭᠷᠧᠨᠡᠳᠡ ᠶᠢᠨ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠳᠤᠮᠳᠠᠳᠤ ᠭᠷᠧᠨᠡᠳᠡ ᠶᠢᠨ ᠬᠠᠷᠢᠯᠴᠠᠭ᠎ᠠ ᠶᠢ ᠬᠠᠮᠠᠭᠠᠯᠠᠨ ᠬᠥᠭᠵᠢᠭᠦᠯᠬᠦ ᠨᠢ ᠳᠤᠮᠳᠠᠳᠤ ᠭᠷᠧᠨᠡᠳᠡ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠨ᠎ᠡ᠃ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠪᠠᠨ ᠰᠡᠷᠭᠦᠭᠡᠭᠰᠡᠨ 20 ᠵᠢᠯ ᠤᠨ ᠲᠤᠷᠰᠢᠬᠢ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠶᠢᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠵᠦ᠂ ᠳᠤᠮᠳᠠᠳᠤ ᠭᠷᠧᠨᠡᠳᠡ ᠶᠢᠨ ᠬᠠᠷᠢᠯᠴᠠᠭ᠎ᠠ ᠶᠢᠨ ᠤᠷᠳᠤ ᠬᠤᠭᠤᠴᠠᠭᠠᠨ ᠤ ᠥᠨᠳᠥᠷ ᠲᠦᠪᠰᠢᠨ ᠪᠦᠬᠦᠢ ᠬᠥᠭᠵᠢᠯᠲᠡ ᠳᠤ ᠰᠢᠨ᠎ᠡ ᠵᠢᠷᠤᠭ ᠲᠥᠰᠥᠪ ᠢ ᠵᠢᠷᠤᠭᠯᠠᠶ᠎ᠠ᠃ ᠳᠤᠮᠳᠠᠳᠤ ᠤᠯᠤᠰ ᠭᠷᠧᠨᠡᠳᠡ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠪᠡᠶ᠎ᠡ ᠪᠠᠨ ᠳᠠᠭᠠᠭᠠᠵᠤ ᠰᠦᠪᠡᠭᠴᠢᠯᠡᠬᠦ ᠶᠢ ᠲᠡᠮᠵᠢᠵᠥ᠂ ᠳᠤᠷᠠᠲᠠᠶ᠎ᠠ ᠭᠷᠧᠨᠡᠳᠡ ᠯᠤᠭ᠎ᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠡᠯ᠎ᠡ ᠬᠦᠷᠢᠶᠡᠨ ᠳᠠᠬᠢ ᠨᠥᠭᠦᠷᠰᠡᠭ ᠶᠠᠪᠤᠯᠴᠠᠭ᠎ᠠ ᠪᠠᠨ ᠨᠢᠭᠲᠠᠷᠠᠭᠤᠯᠤᠨ᠎ᠠ᠃ ᠳᠤᠮᠳᠠᠳᠤ ᠤᠯᠤᠰ ᠤᠨ ᠬᠥᠭᠵᠢᠯᠲᠡ ᠨᠢ ᠭᠷᠧᠨᠡᠳᠡ ᠶᠢ ᠪᠠᠭᠲᠠᠭᠠᠭᠰᠠᠨ ᠡᠯ᠎ᠡ ᠤᠯᠤᠰ ᠲᠤ ᠰᠢᠨ᠎ᠡ ᠬᠥᠭᠵᠢᠯᠲᠡ ᠶᠢᠨ ᠠᠵᠠ ᠲᠣᠭᠢᠶᠠᠯ ᠠᠪᠴᠢᠷᠠᠵᠤ ᠥᠭᠬᠦ ᠪᠣᠯᠣᠨ᠎ᠠ᠂ ᠳᠤᠷᠠᠲᠠᠶ᠎ᠠ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠪᠣᠷᠣ ᠲᠥᠯᠥᠪ ᠤᠨ ᠳᠣᠲᠣᠷ᠎ᠠ ᠭᠷᠧᠨᠡᠳᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠠᠪᠰᠤᠷᠤᠯᠭ᠎ᠠ ᠬᠠᠩᠭᠠᠵᠤ᠂ ᠰᠢᠨ᠎ᠡ ᠡᠨᠧᠷᠭᠢ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠳᠤ ᠬᠤᠶᠠᠷ ᠤᠯᠤᠰ ᠤᠨ ᠬᠠᠮᠲᠤᠷᠠᠯᠴᠠᠭᠠᠨ ᠤ ᠰᠢᠨ᠎ᠡ ᠭᠢᠯᠠᠰ ᠴᠡᠭ ᠢ ᠪᠤᠢ ᠪᠣᠯᠭᠠᠨ᠎ᠠ᠃ ᠳᠤᠮᠳᠠᠳᠤ ᠤᠯᠤᠰ ᠭᠷᠧᠨᠡᠳᠡ ᠶᠢᠨ ᠬᠢᠨ ᠤ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠭᠦ ᠶᠢ ᠲᠡᠮᠵᠢᠵᠥ᠂ ᠳᠤᠷᠠᠲᠠᠶ᠎ᠠ ᠳᠡᠯᠡᠬᠡᠢ ᠨᠡᠶᠢᠭᠡᠮ ᠤᠨ ᠬᠢᠨ ᠤ ᠵᠢᠵᠢᠭ ᠠᠷᠠᠯᠲᠤ ᠤᠯᠤᠰ ᠤᠳ ᠤᠨ ᠠᠭᠤᠷ ᠠᠮᠢᠰᠬᠤᠯ ᠤᠨ ᠬᠤᠪᠢᠷᠠᠯᠲᠠ ᠶᠢᠨ ᠠᠰᠠᠭᠤᠳᠠᠯ ᠳᠡᠭᠡᠷᠡᠬᠢ ᠠᠩᠬᠠᠷᠤᠯ ᠪᠠ ᠬᠦᠰᠡᠯ ᠱᠠᠭᠠᠷᠳᠠᠯᠭ᠎ᠠ ᠶᠢ ᠦᠷᠭᠦᠯᠵᠢᠯᠡᠨ ᠴᠢᠬᠤᠯᠠᠴᠢᠯᠠᠨ ᠦᠵᠡᠬᠦ ᠶᠢ ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ᠪᠠᠰᠠ ᠬᠥᠮᠥᠰ ᠤᠨ ᠶᠠᠪᠤᠯᠴᠠᠭ᠎ᠠ ᠪᠠᠨ ᠨᠢᠭᠲᠠᠷᠠᠭᠤᠯᠵᠤ᠂ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠤᠯᠠᠮ ᠨᠢᠭᠡ ᠠᠯᠬᠤᠮ ᠠᠬᠢᠭᠤᠯᠤᠶ᠎ᠠ᠃ ᠳᠤᠮᠳᠠᠳᠤ ᠤᠯᠤᠰ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠵᠢᠯ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠳᠤᠷᠠᠲᠠᠶ᠎ᠠ ᠭᠷᠧᠨᠡᠳᠡ ᠶᠢᠨ ᠬᠢᠨ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃
ᠰᠢ ᠶᠢᠨ ᠫᠢᠩ᠂ ᠳᠤᠮᠳᠠᠳᠤ ᠤᠯᠤᠰ ᠺᠠᠷᠢᠪᠧ ᠶᠢᠨ ᠤᠯᠤᠰ ᠤᠳ ᠯᠤᠭ᠎ᠠ ᠶᠢᠨ ᠬᠠᠷᠢᠯᠴᠠᠭ᠎ᠠ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠦᠷᠭᠦᠯᠵᠢᠯᠡᠨ ᠲᠤᠰ ᠭᠠᠵᠠᠷ ᠣᠷᠣᠨ ᠤ ᠤᠯᠤᠰ ᠤᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠬᠠᠩᠭᠠᠵᠤ᠂ ᠬᠤᠶᠠᠷ ᠲᠠᠯ᠎ᠠ ᠶᠢᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ᠎ᠡ ᠭᠡᠵᠦ ᠵᠢᠭᠠᠵᠤ ᠭᠠᠷᠭᠠᠪᠠ᠃
ᠮᠢᠴᠧᠯ ᠨᠢᠳᠤᠨᠤᠨ ᠤ 7 ᠳ᠋ᠤᠭᠠᠷ ᠰᠠᠷ᠎ᠠ ᠳᠤ ᠭᠷᠧᠨᠡᠳᠡ ᠣᠨᠴᠠ ᠶᠡᠭᠡ ᠬᠠᠷ᠎ᠠ ᠰᠠᠯᠬᠢᠨ ᠳᠤ ᠳᠠᠭᠠᠷᠢᠬᠳᠠᠬᠰᠠᠨ ᠤ ᠳᠠᠷᠠᠭ᠎ᠠ ᠳᠤᠮᠳᠠᠳᠤ ᠤᠯᠤᠰ ᠤᠨ ᠬᠢᠨ ᠴᠠᠭ ᠲᠤᠬᠠᠢ ᠳᠤᠨᠢ ᠲᠤᠰᠠᠯᠠᠮᠵᠢ ᠦᠵᠡᠭᠦᠯᠦᠭᠰᠡᠨ ᠳᠤ ᠲᠠᠯᠠᠷᠬᠠᠪᠠ᠃ ᠮᠢᠴᠧᠯ᠂ ᠥᠩᠭᠡᠷᠡᠭᠰᠡᠨ 20 ᠵᠢᠯ ᠤᠨ ᠲᠤᠷᠰᠢ ᠭᠷᠧᠨᠡᠳᠡ ᠳᠤᠮᠳᠠᠳᠤ ᠶᠢᠨ ᠬᠠᠷᠢᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠪᠡ᠃ ᠭᠷᠧᠨᠡᠳᠡ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ᠂ ᠳᠤᠮᠳᠠᠳᠤ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠡᠷᠡᠰ ᠬᠦᠨᠳᠦᠳᠬᠡᠨ᠎ᠡ᠃ ᠭᠷᠧᠨᠡᠳᠡ ᠶᠢᠨ ᠲᠠᠯ᠎ᠠ ᠭᠷᠧᠨᠡᠳᠡ ᠳᠤᠮᠳᠠᠳᠤ ᠶᠢᠨ ᠬᠠᠷᠢᠯᠴᠠᠭ᠎ᠠ ᠠᠴᠠ ᠮᠠᠰᠢ ᠤᠯᠠᠠ ᠠᠰᠢᠭ ᠬᠦᠷᠲᠡᠵᠡᠢ᠂ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠳᠤᠮᠳᠠᠳᠤ ᠤᠯᠤᠰ ᠢ ᠤᠳᠤᠷᠢᠳᠤᠨ ᠠᠭᠤᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ᠂ ᠬᠥᠭᠵᠢᠵᠦ ᠪᠠᠶᠢᠭ᠎ᠠ ᠤᠯᠤᠰ ᠲᠤ ᠬᠡᠪ ᠳᠠᠭᠤᠷᠢᠶᠠᠯ ᠦᠵᠡᠭᠦᠯᠪᠡ᠂ ᠭᠷᠧᠨᠡᠳᠡ ᠶᠢᠨ ᠬᠢᠨ ᠳᠤᠷᠠᠲᠠᠶ᠎ᠠ ᠳᠤᠮᠳᠠᠳᠤ ᠤᠯᠤᠰ ᠠᠴᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢ ᠰᠤᠷᠤᠯᠴᠠᠨ᠎ᠠ᠃ ᠳᠤᠮᠳᠠᠳᠤ ᠤᠯᠤᠰ ᠪᠣᠯ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠳᠠᠭᠠᠭᠤᠯᠤᠭᠴᠢ ᠮᠥᠨ᠂ ᠢᠮᠠᠭᠲᠠ ᠶᠡᠭᠡ ᠪᠠᠭ᠎ᠠ ᠤᠯᠤᠰ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠯ᠎ᠡ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠭᠦᠨᠳᠦᠳᠭᠡᠵᠦ᠂ ᠤᠯᠠᠨ ᠤᠯᠤᠰ ᠤᠨ ᠬᠡᠷᠡᠭ ᠶᠠᠪᠤᠳᠠᠯ ᠳᠤᠮᠳᠠ ᠦᠭᠡ ᠶᠠᠷᠢᠶ᠎ᠠ ᠦᠢᠯᠡ ᠠᠵᠢᠯᠯᠠᠭ᠎ᠠ ᠨᠢᠭᠡᠳᠦᠯᠲᠡᠢ ᠪᠠᠶᠢᠵᠤ᠂ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠭᠷᠧᠨᠡᠳᠡ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠡᠷᠡᠰ ᠢᠶᠠᠷ ᠬᠠᠮᠲᠤ ᠵᠣᠭᠰᠣᠵᠤ᠂ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠨ᠎ᠠ ᠭᠡᠵᠦ ᠢᠯᠡᠳᠬᠡᠪᠡ᠃
ᠸᠠᠩ ᠢ ᠠᠭᠤᠯᠵᠠᠯᠲᠠ ᠳᠤ ᠣᠷᠣᠯᠴᠠᠵᠠᠢ᠃