ᠵᠤᠬᠢᠶᠠᠭᠴᠢ:
ᠴᠠᠭ:2025-01-24
ᠥᠵᠡᠭᠰᠡᠨ : ℃
ᠢᠷᠡᠯᠲᠡ: ᠥᠪᠥᠷ ᠮᠣᠩᠭᠤᠯ ᠤᠨ
ᠰᠢ ᠶᠢᠨ ᠫᠢᠩ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠤᠨ ᠵᠠᠯᠠᠭᠤ ᠤᠷᠠᠯᠢᠭ ᠤᠨ ᠠᠵᠢᠯᠲᠠᠳ ᠲᠤ ᠬᠠᠷᠢᠭᠤ ᠵᠠᠬᠢᠳᠠᠯ ᠢᠯᠡᠭᠡᠵᠦ ᠵᠣᠷᠢᠭᠵᠢᠭᠤᠯᠤᠭᠰᠠᠨ ᠨᠢ ᠶᠣᠰᠣ ᠰᠤᠷᠲᠠᠬᠤᠨ ᠢ ᠳᠡᠭᠡᠳᠦᠯᠡᠵᠦ ᠤᠷᠠᠯᠢᠭ ᠢ ᠡᠷᠭᠢᠮᠯᠡᠭᠦ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠪᠡᠭᠡᠵᠢᠩ ᠵᠦᠴᠦᠭᠡ ᠶᠢᠨ ᠤᠷᠠᠯᠢᠭ ᠤᠨ ᠴᠠᠭ ᠦᠶ᠎ᠡ ᠶᠢᠨ ᠭᠡᠷᠡᠯ ᠭᠢᠯᠪᠠᠭ᠎ᠠ ᠶᠢ ᠦᠷᠭᠦᠯᠵᠢᠯᠡᠨ ᠰᠠᠴᠤᠷᠠᠭᠤᠯᠬᠤ ᠬᠡᠷᠡᠭᠲᠡᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2025 1 ᠰᠠᠷ᠎ᠠ ᠶᠢᠨ 10 ᠤ ᠴᠠᠬᠢᠯᠭᠠᠨ ᠮᠡᠳᠡᠭᠡ ᠣᠶᠢᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠤᠨ ᠵᠠᠯᠠᠭᠤ ᠤᠷᠠᠯᠢᠭ ᠤᠨ ᠠᠵᠢᠯᠲᠠᠳ ᠲᠤ ᠬᠠᠷᠢᠭᠤ ᠵᠠᠬᠢᠳᠠᠯ ᠢᠯᠡᠭᠡᠵᠦ᠂ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠪᠠᠶᠢᠭᠤᠯᠤᠭᠳᠠᠭᠰᠠᠨ 70 ᠵᠢᠯ ᠤᠨ ᠣᠶ ᠬᠦᠷᠴᠦ ᠢᠷᠡᠬᠦ ᠲᠠᠰᠢᠷᠠᠮ ᠢᠶᠠᠷ ᠪᠦᠭᠦ ᠲᠣᠭᠯᠠᠭᠴᠢᠳ ᠠᠵᠢᠯᠲᠠᠳ ᠲᠤ ᠪᠠᠶᠠᠷ ᠬᠦᠷᠭᠡᠵᠦ ᠮᠡᠨᠳᠦᠴᠢᠯᠡᠯ ᠳᠡᠪᠰᠢᠭᠦᠯᠪᠡ᠃
ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠪᠠᠶᠢᠭᠤᠯᠤᠭᠳᠠᠭᠰᠠᠨ ᠠᠴᠠ ᠨᠠᠭᠠᠰᠢ ᠨᠠᠮ ᠤᠨ ᠤᠳᠬ᠎ᠠ ᠤᠷᠠᠯᠢᠭ ᠤᠨ ᠴᠢᠭᠯᠡᠯᠲᠡ ᠲᠦᠷᠦ ᠶᠢᠨ ᠪᠣᠳᠣᠯᠭ᠎ᠠ ᠶᠢ ᠂ ᠮᠠᠰᠢ ᠤᠯᠠᠨ ᠰᠣᠩᠭᠤᠳᠠᠭ ᠵᠦᠴᠦᠭᠡ ᠶᠢ ᠵᠣᠬᠢᠶᠠᠨ ᠪᠦᠲᠦᠭᠡᠵᠦ ᠲᠣᠭᠯᠠᠨ᠂ ᠴᠥᠭᠡᠨ ᠪᠤᠰᠤ ᠰᠢᠯᠢᠳᠡᠭ ᠤᠷᠠᠯᠢᠭ ᠤᠨ ᠴᠢᠳᠠᠪᠤᠷᠢᠲᠠᠨ ᠴᠣᠯᠭᠤᠷᠠᠨ ᠭᠠᠷᠴᠤ᠂ ᠳᠤᠮᠳᠠᠳᠤ ᠶᠢᠨ ᠰᠢ ᠵᠦᠴᠦᠭᠡ ᠶᠢᠨ ᠥᠨᠢᠷ ᠴᠡᠴᠡᠭ ᠤᠨ ᠬᠦᠷᠢᠶᠡᠯᠡᠩ ᠳᠤ ᠭᠤᠶᠢᠳᠠ ᠰᠠᠶᠢᠬᠠᠨ ᠥᠩᠭᠡ ᠪᠤᠳᠤᠭ ᠨᠡᠮᠡᠷᠢᠯᠡᠪᠡ᠃ ᠰᠢᠨ᠎ᠡ ᠭᠠᠷᠤᠭ᠎ᠠ ᠳᠡᠭᠡᠷ᠎ᠡ ᠠᠴᠠ ᠲᠠ ᠨᠠᠷ ᠠᠬᠠᠮᠠᠳ ᠦᠶ᠎ᠡ ᠶᠢᠨ ᠠᠯᠳᠠᠷᠲᠤ ᠬᠥᠮᠥᠰ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠤᠳᠬ᠎ᠠ ᠤᠷᠠᠯᠢᠭ ᠠᠷᠠᠳ ᠲᠦᠮᠡᠨ ᠳᠤ ᠦᠢᠯᠡᠴᠢᠯᠡᠬᠦ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠶᠣᠰᠣ ᠰᠤᠷᠲᠠᠬᠤᠨ ᠢ ᠳᠡᠭᠡᠳᠦᠯᠡᠨ ᠤᠷᠠᠯᠢᠭ ᠢ ᠡᠷᠬᠢᠮᠯᠡᠵᠦ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠡᠭᠡᠵᠢᠩ ᠵᠦᠴᠦᠭᠡ ᠶᠢᠨ ᠤᠷᠠᠯᠢᠭ ᠤᠨ ᠴᠠᠭ ᠦᠶ᠎ᠡ ᠶᠢᠨ ᠭᠡᠷᠡᠯ ᠭᠢᠯᠪᠠᠭ᠎ᠠ ᠶᠢ ᠦᠷᠭᠦᠯᠵᠢᠯᠡᠨ ᠰᠠᠴᠤᠷᠠᠭᠤᠯᠵᠤ᠂ ᠤᠳᠬ᠎ᠠ ᠤᠷᠠᠯᠢᠭ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ᠂ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃
ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠪᠣᠯ ᠰᠣᠶᠣᠯ ᠪᠠ ᠵᠢᠭᠤᠯᠴᠢᠯᠠᠯ ᠤᠨ ᠶᠠᠮᠤᠨ ᠤ ᠰᠢᠭᠤᠳ ᠬᠠᠷᠢᠶ᠎ᠠ ᠤᠯᠤᠰ ᠤᠨ ᠤᠷᠠᠯᠢᠭ ᠤᠨ ᠬᠦᠷᠢᠶᠡᠯᠡᠩ ᠪᠦᠯᠭᠦᠮ ᠪᠠᠶᠢᠵᠤ᠂ ᠤᠤᠯ ᠤᠨ 1955 ᠣᠨ ᠤ 1 ᠰᠠᠷ᠎ᠠ ᠳᠤ ᠪᠠᠶᠢᠭᠤᠯᠤᠭᠳᠠᠭᠰᠠᠨ ᠳᠤᠮᠳᠠᠳᠤ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠪᠣᠯᠣᠨ᠎ᠠ᠃ ᠮᠧᠶ ᠯᠠᠨ ᠹᠠᠩ ᠠᠩᠬᠠᠳᠠᠭᠴᠢ ᠬᠦᠷᠢᠶᠡᠯᠡᠩ ᠤᠨ ᠳᠠᠷᠤᠭ᠎ᠠ ᠪᠠᠶᠢᠭᠰᠠᠨ ᠪᠥᠭᠡᠳ 2007 ᠣᠨ ᠳᠤ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠭᠡᠵᠦ ᠨᠡᠷ᠎ᠡ ᠪᠠᠨ ᠬᠠᠯᠠᠪᠠ᠃ ᠣᠶᠢᠷ᠎ᠠ ᠳᠤ ᠤᠯᠤᠰ ᠤᠨ ᠪᠡᠭᠡᠵᠢᠩ ᠵᠦᠴᠦᠭᠡ ᠶᠢᠨ ᠬᠦᠷᠢᠶᠡᠯᠡᠩ ᠤᠨ ᠪᠦᠭᠦ ᠵᠠᠯᠠᠭᠤ ᠤᠷᠠᠯᠢᠭ ᠤᠨ ᠠᠵᠢᠯᠲᠠᠳ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠪᠡᠭᠡᠵᠢᠩ ᠵᠦᠴᠦᠭᠡ ᠶᠢᠨ ᠤᠷᠠᠯᠢᠭ ᠢ ᠤᠯᠠᠮᠵᠢᠯᠠᠨ ᠵᠠᠯᠭᠠᠮᠵᠢᠯᠠᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢᠶᠠᠨ ᠬᠠᠷᠢᠭᠤ ᠮᠡᠳᠡᠭᠦᠯᠵᠦ᠂ ᠪᠡᠭᠡᠵᠢᠩ ᠵᠦᠴᠦᠭᠡ ᠶᠢᠨ ᠦᠢᠯᠡᠰ ᠢ ᠴᠡᠴᠡᠭᠯᠡᠭᠦᠯᠦᠨ ᠬᠥᠭᠵᠢᠭᠦᠯᠬᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠶᠢᠨ ᠲᠥᠯᠥᠭᠡ ᠲᠡᠮᠡᠴᠡᠬᠦ ᠡᠷᠡᠰ ᠵᠣᠷᠢᠭ ᠢᠶᠠᠨ ᠢᠯᠡᠳᠬᠡᠪᠡ᠃